ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠥᠷᠯᠥᠭᠡ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2021/4/7
     ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠩᠬᠠᠳᠤᠭᠠᠷ ᠤᠳᠠᠭᠠᠨ ᠤ ᠰᠤᠷᠤᠯᠴᠠᠯᠭ᠎ᠠ ᠶᠢᠨ ᠥᠷᠯᠥᠭᠡ ᠶᠢᠨ ᠬᠤᠷᠠᠯ ᠬᠢᠪᠡ᠃ ᠥᠷᠯᠥᠭᠡ ᠶᠢᠨ ᠬᠤᠷᠠᠯ ᠳᠡᠭᠡᠷ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠪᠴᠢ ᠲᠡᠦᠬᠡ ᠭᠡᠬᠦ ᠨᠣᠮ ᠳᠠᠬᠢ ᠵᠣᠬᠢᠶᠠᠯ ᠵᠢᠴᠢ ᠣᠷᠴᠢᠨ ᠦᠶ᠎ᠡ ᠶᠢᠨ ᠳᠤᠮᠳᠠᠳᠤ ᠤᠯᠤᠰ ᠤᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡᠲᠦ ᠡᠭᠦᠷᠭᠡ ᠪᠣᠯᠤᠨ ᠡᠯ᠎ᠡ ᠵᠦᠢᠯ ᠤᠨ ᠬᠦᠴᠦᠨ ᠤ ᠬᠠᠲᠠᠭᠤᠵᠢᠯᠲᠠᠶ ᠬᠠᠶᠢᠨ ᠰᠦᠪᠡᠭᠴᠢᠯᠡᠯᠳᠡ ᠶᠢ ᠰᠤᠷᠤᠯᠴᠠᠪᠠ᠃
   ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠭᠰᠡᠨ ᠨᠢ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠷᠢᠳᠴᠢᠯᠠᠨ ᠬᠥᠳᠡᠯᠦᠯᠴᠡᠵᠦ᠂ ᠡᠷᠲᠡ ᠠᠴᠠ ᠲᠣᠬᠢᠷᠠᠭᠤᠯᠤᠨ᠂ ᠨᠠᠷᠢᠨ ᠨᠢᠮᠪᠠᠶ ᠪᠠᠶᠢᠷᠢᠯᠠᠭᠤᠯᠵᠤ᠂ ᠴᠠᠭ ᠲᠤᠬᠠᠶ ᠳᠤᠨᠢ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠵᠤ᠂ ︽ᠹᠧᠩᠵᠧᠨ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ︾ ᠢ  ᠲᠤᠬᠳᠠᠭᠠᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠪᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ 3 ᠳᠤᠭᠤᠶᠢᠯᠠᠩ ᠢ ᠪᠠᠶᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠦᠬᠦ ᠲᠠᠯ᠎ᠠ ᠪᠠᠷ ᠥᠷᠨᠢᠭᠦᠯᠪᠡ᠃ 4 ᠰᠠᠷ᠎ᠠ ᠠᠴᠠ ᠡᠬᠢᠯᠡᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠰᠠᠷ᠎ᠠ ᠪᠦᠷᠢ 3 ᠤᠳᠠᠭ᠎ᠠ ᠲᠥᠪᠯᠡᠷᠡᠭᠦᠯᠦᠨ ᠰᠤᠷᠤᠯᠴᠠᠵᠤ᠂ 5 ᠤᠳᠠᠭ᠎ᠠ ᠲᠤᠰᠬᠠᠶ ᠰᠡᠳᠦᠪᠲᠦ ᠰᠤᠷᠤᠯᠴᠠᠯᠭ᠎ᠠ ᠬᠢᠵᠦ᠂ ᠠᠯᠪᠠᠨ ᠬᠡᠷ ᠤᠨ ᠨᠠᠮ ᠤᠨ ᠡᠭᠦᠷ ᠨᠢ ᠲᠠᠪᠤᠨ ᠰᠠᠷ᠎ᠠ ᠶᠢᠨ ᠨᠢᠭᠡᠨ᠂ ᠲᠤᠯᠤᠭᠠᠨ ᠰᠠᠷ᠎ᠠ ᠶᠢᠨ ᠨᠢᠭᠡᠨ ᠪᠠ ᠠᠷᠪᠠᠨ ᠨᠢᠭᠡᠨ ᠤ ᠴᠢᠬᠤᠯᠠ ᠴᠠᠭ ᠤᠨ ᠵᠠᠩᠭᠢᠯᠠᠭ᠎ᠠ ᠶᠢᠨ ᠴᠡᠭ ᠲᠤ ᠲᠣᠰ ᠲᠣᠰ ᠭᠤᠷᠪᠠ ᠤᠳᠠᠭ᠎ᠠ ᠰᠤᠷᠤᠯᠴᠠᠬᠤ ᠶᠢᠨ ᠬᠠᠮᠲᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠲᠠᠢ ᠤᠶᠠᠯᠳᠤᠭᠤᠯᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠵᠦ᠂ ᠬᠤᠲᠠ ᠶᠢᠨ ᠨᠠᠮ ᠤᠨ ᠬᠤᠷᠢᠶᠠᠨ ᠤ ᠭᠤᠤᠯ ᠤᠳᠤᠷᠢᠳᠬᠤ ᠨᠥᠬᠦᠳ ᠵᠣᠬᠢᠬᠤ ᠴᠠᠭ ᠲᠤ ᠨᠠᠮ ᠤᠨ ᠬᠢᠴᠢᠶᠡᠯ ᠣᠷᠣᠬᠤ ᠪᠣᠯᠤᠨ᠎ᠠ᠃                         ᠨᠠᠶᠢᠷᠠᠭᠤᠯᠤᠭᠴᠢ᠄ ᠯᠢ ᠰᠧ ᠬᠤᠢ                         ᠤᠷᠴᠢᠭᠤᠯᠤᠬᠴᠢ᠄  ᠼᠦᠢ ᠶᠢᠩ    
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3