ᠹᠧᠩᠵᠧᠨ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠬᠤᠶᠠᠳᠤᠭᠠᠷ ᠤᠳᠠᠭᠠᠨ ᠤ ᠰᠠᠨᠠᠯ ᠬᠤᠷᠢᠶᠠᠬᠤ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/7
  ᠲᠦᠷᠦᠭᠦᠬᠡᠨ᠂ ᠹᠧᠩᠵᠧᠨ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠬᠤᠶᠠᠳᠤᠭᠠᠷ ᠤᠳᠠᠭᠠᠨ ᠤ ᠰᠠᠨᠠᠯ ᠬᠤᠷᠢᠶᠠᠬᠤ  ᠰᠠᠭᠤᠳᠠᠯ ᠤᠨ ᠬᠤᠷᠠᠯ ᠬᠤᠷᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠵᠤ ᠠᠬᠤᠶᠢᠯᠠᠯᠲᠠᠨ ᠤ ᠲᠥᠯᠥᠭᠡᠯᠡᠭᠴᠢ᠂ ᠬᠡᠷᠡᠭ ᠤᠨ ᠲᠤᠬᠠᠶ ᠶᠢᠨ ᠬᠥᠮᠦᠨ ᠤ ᠲᠥᠯᠥᠭᠡᠯᠡᠭᠴᠢ᠂ ᠠᠷᠠᠳ ᠤᠨ ᠬᠠᠪᠰᠤᠷᠤᠨ ᠰᠢᠭᠦᠭᠴᠢ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠢᠨᠠᠯᠲᠠ ᠲᠠᠯᠪᠢᠭᠴᠢ᠂ ᠬᠠᠤᠯᠢᠴᠢ ᠶᠢᠨ ᠲᠥᠯᠥᠭᠡᠯᠡᠭᠴᠢ᠂ ᠣᠯᠠᠨ ᠲᠦᠮᠡᠨ ᠤ ᠲᠥᠯᠥᠭᠡᠯᠡᠭᠴᠢ ᠵᠡᠷᠭᠡ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠢ ᠤᠷᠢᠵᠤ ᠰᠠᠭᠤᠳᠠᠯ ᠤᠨ ᠬᠤᠷᠠᠯ ᠳᠤ  ᠤᠷᠤᠯᠴᠠᠭᠤᠯᠪᠠ᠃ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠦ᠋ ᠳ᠋ᠡ ᠰᠢ ᠬᠤᠷᠠᠯ ᠢ ᠡᠷᠬᠢᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠤᠨ ᠬᠡᠰᠡᠭ ᠪᠦᠷᠢᠯᠳᠦᠬᠦᠨ ᠨᠠᠷ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠠᠷᠠᠳ ᠤᠨ ᠰᠢᠭᠦᠬᠦ ᠬᠤᠷᠢᠶᠠᠨ ᠠᠴᠠ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠩᠬᠠᠳᠤᠭᠠᠷ ᠤᠳᠠᠭ᠎ᠠ ᠶᠢᠨ ᠰᠠᠭᠤᠳᠠᠯ ᠤᠨ ᠬᠤᠷᠠᠯ ᠠᠴᠠ ᠬᠤᠷᠢᠶᠠᠭᠰᠠᠨ 19 ᠵᠦᠢᠯ ᠤᠨ ᠰᠠᠨᠠᠯ ᠰᠠᠨᠠᠭᠤᠯᠭ᠎ᠠ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠲᠤ ᠵᠠᠷᠯᠠᠨ ᠮᠡᠳᠡᠭᠳᠡᠭᠰᠡᠨ ᠪᠥᠭᠡᠳ ᠤᠢᠢᠷ᠎ᠠ ᠶᠢᠨ ᠬᠤᠭᠤᠴᠠᠭᠠᠨ ᠳᠤ  ᠡᠩᠨᠡᠭᠡᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠵᠤ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠪᠠ᠃   ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠠᠷᠠᠳ ᠤᠨ ᠰᠢᠭᠦᠬᠦ ᠬᠤᠷᠢᠶᠠᠨ ᠤ ᠠᠩᠬᠠᠳᠤᠭᠠᠷ ᠤᠳᠠᠭᠠᠨ ᠤ ᠰᠠᠨᠠᠯ ᠬᠤᠷᠢᠶᠠᠬᠤ ᠰᠠᠭᠤᠳᠠᠯ ᠤᠨ ᠬᠤᠷᠠᠯ ᠤᠨ ᠡᠯ᠎ᠡ ᠵᠦᠢᠯ ᠤᠨ ᠰᠠᠨᠠᠯ ᠰᠠᠨᠠᠭᠤᠯᠭ᠎ᠠ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠦᠢᠴᠡᠳ ᠨᠤᠲᠠᠯᠠᠵᠤ᠂ ᠠᠷᠠᠳ ᠤᠨ ᠰᠢᠭᠦᠬᠦ ᠬᠤᠷᠢᠶᠠᠨ ᠤ ᠡᠩᠨᠡᠭᠡ ᠶᠢ ᠬᠥᠮᠦᠵᠢᠭᠦᠯᠦᠨ ᠴᠡᠭᠴᠡᠯᠡᠬᠦ ᠵᠢᠴᠢ ᠰᠢᠭᠦᠨ ᠲᠠᠰᠤᠯᠬᠤ ᠭᠦᠢᠴᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠪᠡ᠃ ᠲᠥᠯᠥᠭᠡᠯᠡᠭᠴᠢᠳ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠭᠦᠨ ᠲᠠᠰᠤᠯᠤᠯᠲᠠ ᠶᠢ ᠭᠦᠢᠴᠡᠳᠬᠡᠬᠦ᠂ ᠬᠠᠤᠯᠢ ᠴᠠᠭᠠᠵᠠ ᠶᠢ ᠤᠬᠠᠭᠤᠯᠬᠤ᠂ ᠬᠠᠤᠯᠢ ᠴᠠᠭᠠᠵᠠ ᠶᠢ ᠢᠯᠡ ᠪᠣᠯᠭᠠᠬᠤ᠂ ᠠᠷᠠᠳ ᠤᠨ ᠬᠠᠪᠰᠤᠷᠤᠨ ᠰᠢᠭᠦᠭᠴᠢ ᠶᠢ ᠪᠣᠯᠪᠠᠰᠤᠷᠠᠭᠤᠯᠬᠤ ᠵᠡᠷᠭᠡ ᠤᠯᠠᠨ ᠲᠠᠯ᠎ᠠ ᠪᠠᠷ ᠭᠤᠣᠯᠯᠠᠭᠤᠯᠤᠨ ᠪᠣᠳᠠᠲᠠᠶ ᠰᠠᠨᠠᠯ ᠪᠠ ᠰᠠᠨᠠᠭᠤᠯᠭ᠎ᠠ ᠳᠤᠷᠠᠳᠪᠠ᠃ ᠬᠤᠷᠠᠯ ᠳᠤ ᠣᠷᠣᠯᠴᠠᠭᠰᠠᠨ ᠤᠳᠤᠷᠢᠳᠬᠤ ᠳᠤᠭᠤᠶᠢᠯᠠᠩ ᠵᠢᠴᠢ ᠠᠯᠪᠠᠨ ᠬᠡᠷ ᠤᠨ ᠪᠦᠷᠢᠯᠳᠦᠬᠦᠨ ᠨᠡᠷ ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ ᠴᠠᠭ ᠲᠤᠬᠠᠶ ᠳᠤᠨᠢ ᠲᠤᠬᠠᠶ ᠶᠢᠨ ᠲᠠᠯᠠᠪᠤᠷ ᠲᠤ ᠬᠠᠷᠢᠭᠤ ᠲᠤᠰᠬᠠᠵᠤ᠂ ᠬᠠᠮᠢᠶ᠎ᠠ ᠪᠥᠬᠦᠶ ᠲᠡᠮᠳᠡᠭᠯᠡᠯ ᠢ  ᠨᠢᠬᠳᠠ ᠬᠢᠪᠡ᠃    ᠦ᠋ ᠳ᠋ᠡ ᠰᠢ ᠢᠯᠡᠳᠭᠡᠭᠰᠡᠨ ᠨᠢ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠰᠠᠨᠠᠭᠤᠯᠭ᠎ᠠ ᠳᠤᠷᠠᠳᠤᠭᠰᠠᠨ ᠨᠢ ᠤᠨᠤᠪᠴᠢᠳᠠᠢ᠂ ᠶᠠᠷᠢᠭᠰᠠᠨ ᠨᠢ ᠦᠨᠡᠨᠴᠢ ᠪᠠᠶᠢᠵᠦ᠂ ᠠᠷᠠᠳ ᠤᠨ ᠰᠢᠭᠦᠬᠦ ᠬᠤᠷᠢᠶ᠎ᠠ ᠠᠯᠢ ᠲᠦᠷᠭᠡᠨ ᠢᠶᠠᠷ ᠰᠠᠨᠠᠯ ᠰᠠᠨᠠᠭᠤᠯᠭ᠎ᠠ ᠶᠢ ᠡᠮᠬᠢᠳᠬᠡᠨ ᠬᠤᠷᠢᠶᠠᠩᠭᠤᠶᠢᠯᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠰᠤᠳᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ᠬᠠᠷᠢᠭᠤ ᠲᠤᠰᠬᠠᠨ᠎ᠠ᠃                          ᠤᠷᠴᠢᠭᠤᠯᠤᠬᠴᠢ᠄  ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3