| ᠪᠠᠶᠢᠴᠠᠭᠠᠬᠤ ᠠᠵᠢᠯ ᠤᠨ ᠲᠤᠬᠠᠶ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ | ᠥᠷᠭᠡᠨ ᠢᠶᠠᠷ ᠰᠣᠨᠣᠰᠴᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ | ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠶᠢᠨ ᠲᠥᠯᠥᠭᠡ᠂ ᠲᠦᠷᠦᠭᠦᠬᠡᠨ ᠹᠧᠩᠵᠧᠨ ᠬᠤᠲᠠ ᠶᠢᠨ | ᠪᠠᠶᠢᠴᠠᠭᠠᠬᠤ ᠬᠤᠷᠢᠶ᠎ᠠ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ᠂ ᠬᠠᠤᠯᠢᠴᠢ ᠶᠢᠨ ᠲᠥᠯᠥᠭᠡᠯᠡᠭᠴᠢ᠂ ᠠᠵᠤ ᠠᠬᠤᠶᠢᠯᠠᠯᠲᠠᠨ ᠤ ᠲᠥᠯᠥᠭᠡᠯᠡᠭᠴᠢ᠂ | ᠤᠯᠠᠨ ᠲᠦᠮᠡᠨ ᠤ ᠲᠥᠯᠥᠭᠡᠯᠡᠭᠴᠢ ᠵᠡᠷᠭᠡ ᠶᠢ ᠤᠷᠢᠵᠤ ᠪᠠᠶᠢᠴᠠᠭᠠᠬᠤ ᠪᠠᠶᠢᠭᠤᠯᠭ᠎ᠠ ᠳᠤ ᠣᠴᠢᠭᠤᠯᠵᠤ᠂ | ᠰᠠᠭᠤᠳᠠᠯ ᠤᠨ ᠬᠤᠷᠠᠯ ᠤᠨ ᠬᠡᠯᠪᠡᠷᠢ ᠪᠠᠷ ᠢᠳᠬᠠᠯ ᠰᠠᠨᠠᠭᠤᠯᠭ᠎ᠠ ᠶᠢ ᠬᠦᠯᠢᠶᠡᠨ ᠠᠪᠴᠤ ᠰᠠᠨᠠᠯ ᠬᠤᠷᠢᠶᠠᠪᠠ᠃ | | ᠬᠤᠷᠠᠯ ᠳᠡᠭᠡ᠊ᠷᠡ᠂ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠣᠬᠢᠶᠠᠨ ᠪᠠᠶᠢᠭᠤᠯᠵᠤ | ᠬᠡᠷᠡᠭᠵᠢᠭᠦᠯᠬᠦ᠂ ᠰᠤᠷᠤᠯᠴᠠᠯᠭ᠎ᠠ ᠬᠥᠮᠦᠵᠢᠯ᠂ ᠬᠢᠨᠠᠯᠲᠠ ᠶᠢ ᠴᠢᠩᠭᠠᠳᠬᠠᠬᠤ᠂ ᠮᠡᠳᠡᠭᠡ ᠵᠠᠩᠭᠢ ᠶᠢᠨ ᠤᠬᠠᠭᠤᠯᠭ᠎ᠠ᠂ | ᠠᠷᠠᠳ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠠᠴᠠ ᠡᠭᠦᠰᠴᠦ᠂ ᠬᠤᠳᠠ ᠶᠢᠨ ᠪᠠᠶᠢᠴᠠᠭᠠᠬᠤ ᠬᠤᠷᠢᠶᠠᠨ ᠤ ᠤᠯᠤᠰ | ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯᠯᠠᠭ᠎ᠠ ᠥᠷᠨᠢᠭᠦᠯᠦᠭᠰᠡᠨ ᠦᠨᠳᠦᠰᠦᠨ | ᠪᠠᠶᠢᠳᠠᠯ ᠢ ᠲᠠᠨᠢᠯᠴᠠᠭᠤᠯᠪᠠ᠃ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ | ᠥᠪᠡᠷ ᠥᠪᠡᠷ ᠤᠨ ᠰᠠᠨᠠᠯ ᠢᠶᠠᠨ ᠶᠠᠷᠢᠵᠤ᠂ ᠹᠧᠩᠵᠧᠨ ᠬᠤᠳᠠ ᠶᠢᠨ ᠪᠠᠶᠢᠴᠠᠭᠠᠬᠤ ᠬᠤᠷᠢᠶ᠎ᠠ ᠶᠢᠨ ᠬᠠᠤᠯᠢ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ᠂ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ᠂ | ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠬᠤ ᠵᠡᠷᠭᠡ ᠲᠠᠯ᠎ᠠ ᠪᠠᠷ ᠦᠵᠡᠭᠦᠯᠦᠭᠰᠡᠨ ᠢᠳᠡᠪᠬᠢᠲᠡᠶ ᠬᠤᠪᠢ | ᠨᠡᠮᠡᠷᠢ ᠶᠢ ᠨᠤᠲᠠᠯᠠᠭᠰᠠᠨ ᠢᠶᠠᠷ ᠪᠠᠷᠠᠬᠤ ᠦᠭᠡᠢ ᠪᠠᠰᠠ ᠣᠷᠣᠰᠢᠵᠤ ᠪᠠᠶᠢᠭ᠎ᠠ ᠠᠰᠠᠭᠤᠳᠠᠯ ᠢ ᠨᠢᠭᠤᠯ ᠦᠭᠡᠢ ᠰᠢᠭᠤᠳ | ᠵᠢᠭᠠᠵᠤ ᠭᠠᠷᠭᠠᠭᠰᠠᠨ ᠪᠥᠭᠡᠳ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠬᠡᠷᠬᠢᠨ ᠤᠯᠠᠮ ᠨᠢᠭᠡ ᠠᠯᠬᠤᠮ | ᠴᠢᠩᠭᠠᠳᠬᠠᠬᠤ᠂ ᠠᠵᠢᠯ ᠤᠨ ᠰᠤᠷᠲᠠᠯ ᠢ ᠰᠠᠶᠢᠵᠢᠷᠠᠭᠤᠯᠬᠤ᠂ ᠬᠡᠷᠡᠭ ᠤᠨ ᠶᠠᠰᠤ ᠴᠢᠨᠠᠷ ᠢ ᠳᠡᠭᠡᠭᠰᠢᠯᠡᠭᠦᠯᠬᠦ᠂ | ᠪᠠᠶᠢᠴᠠᠭᠠᠬᠤ ᠠᠵᠢᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠪᠠᠷ ᠡᠷᠬᠢᠮ ᠨᠠᠨᠳᠢᠨ ᠰᠠᠨᠠᠯ ᠢᠶᠠᠨ | ᠳᠤᠷᠠᠳᠤᠭᠰᠠᠨ ᠪᠠᠶᠢᠨ᠎ᠠ᠃ ᠪᠠᠶᠢᠴᠠᠭᠠᠬᠤ ᠬᠤᠷᠢᠶᠠᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠠᠴᠠ ᠶᠠᠯ᠎ᠠ ᠪᠠᠨ | ᠮᠡᠳᠡᠷᠡᠵᠦ ᠰᠢᠢᠳᠬᠡᠯ ᠢ ᠮᠡᠳᠡᠷᠡᠭᠰᠡᠳ ᠢ ᠠᠭᠤᠴᠢᠯᠠᠨ ᠰᠢᠢᠳᠬᠡᠬᠦ ᠲᠦᠷᠢᠮ᠂ ᠨᠡᠶᠢᠲᠡ ᠶᠢᠨ ᠠᠰᠠᠷᠠᠮᠵᠢ ᠶᠢᠨ | ᠵᠠᠷᠭᠤ ᠶᠢᠨ ︽ᠵᠡᠷᠭᠡ ᠠᠴᠠ ᠭᠠᠳᠠᠨᠠᠬᠢ︾ ᠬᠦᠷᠢᠶ᠎ᠡ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠵᠡᠷᠭᠡ | ᠠᠭᠤᠯᠭ᠎ᠠ ᠶᠢᠨ ᠲᠣᠭᠤᠷᠢᠨ ᠳᠤ ᠲᠥᠯᠥᠭᠡᠯᠡᠭᠴᠢ᠂ ᠭᠡᠰᠢᠭᠦᠳ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠳᠡᠳ᠋ ᠪᠠᠶᠢᠴᠠᠭᠠᠬᠤ ᠳᠠᠷᠤᠭ᠎ᠠ ᠸᠠᠩ ᠮᠢᠨ ᠢᠯᠡᠷᠭᠡᠶᠢᠯᠡᠭᠰᠡᠨ ᠨᠢ᠂ ᠰᠤᠷᠭᠠᠨ ᠬᠥᠮᠦᠵᠢᠯ ᠤᠨ ᠴᠡᠭᠴᠡᠯᠡᠯᠲᠡ ᠶᠢ | ᠥᠷᠨᠢᠭᠦᠯᠬᠦ ᠳᠤ ᠬᠠᠷᠢᠭᠤᠴᠠᠯᠭ᠎ᠠ ᠬᠦᠨᠳᠦ᠂ ᠰᠢᠯᠭᠠᠷᠠᠭᠰᠠᠨ ᠡᠩᠨᠡᠭᠡ ᠶᠢ ᠪᠠᠶᠢᠭᠤᠯᠬᠤ ᠳᠤ ᠳᠠᠭᠤᠰᠬᠤ ᠴᠠᠭ ᠥᠬᠡᠶ | ᠶᠤᠮ᠃ ᠡᠯ᠎ᠡ ᠲᠥᠯᠥᠭᠡᠯᠡᠭᠴᠢᠳ᠂ ᠭᠡᠰᠢᠭᠦᠳ ᠦᠨᠡᠨ ᠰᠡᠳᠬᠢᠯ ᠠᠴᠠ ᠪᠠᠨ ᠪᠠᠶᠢᠴᠠᠭᠠᠬᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ ᠭᠠᠷᠭᠠᠨ᠂ ᠳᠤᠷᠠᠳᠤᠭᠰᠠᠨ ᠰᠠᠨᠠᠯ ᠰᠠᠨᠠᠭᠤᠯᠭ᠎ᠠ ᠶᠢ ᠤᠯᠠᠨ ᠲᠦᠮᠡᠨ ᠲᠠᠢ | ᠤᠢᠢᠷᠠᠳᠤᠭᠤᠯᠵᠤ᠂ ᠳᠣᠣᠷᠠᠬᠢ ᠪᠠᠶᠢᠳᠠᠯ ᠢ ᠣᠶᠢᠯᠠᠭᠠᠵᠤ᠂ ᠪᠣᠳᠠᠲᠤ ᠦᠷ᠎ᠡ ᠪᠦᠲᠦᠮᠵᠢ ᠲᠠᠢ ᠪᠤᠯᠠᠭᠠᠨ᠂ ᠹᠧᠩᠵᠧᠨ | ᠬᠤᠳᠠ ᠶᠢᠨ ᠪᠠᠶᠢᠴᠠᠭᠠᠬᠤ ᠬᠤᠷᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠠᠷᠤᠤ | ᠬᠢᠴᠢᠶᠡᠩᠭᠦᠢ ᠪᠠᠷ ᠬᠦᠯᠢᠶᠡᠨ ᠠᠪᠴᠤ᠂ ᠬᠠᠭᠤᠳᠠᠰᠤ ᠶᠣᠰᠣᠭᠠᠷ ᠪᠦᠬᠦᠨ ᠢ ᠬᠤᠷᠢᠶᠠᠵᠤ᠂ ᠨᠠᠷᠢᠨ ᠬᠢᠨᠠᠮᠠᠭᠠᠢ ᠡᠮᠬᠢᠯᠡᠨ | ᠬᠤᠷᠢᠶᠠᠩᠭᠤᠶᠢᠯᠠᠵᠤ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠨ᠂ ᠦᠨᠡᠨ ᠪᠣᠳᠠᠲᠠᠢ | ᠠᠵᠢᠯ ᠤᠨ ᠠᠮᠵᠢᠯᠲᠠ ᠪᠠᠷ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠪᠠᠷ | ᠴᠢᠷᠮᠠᠶᠢᠨ᠎ᠠ᠃ | | ᠤᠷᠴᠢᠭᠤᠯᠤᠬᠴᠢ᠄ ᠼᠦᠢ ᠶᠢᠩ |