ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ ︽ᠠᠷᠪᠠ ᠶᠢ ᠴᠢᠩᠭ᠎ᠠ ᠴᠠᠭᠠᠵᠠᠯᠠᠬᠤ ︾ ᠶᠢ ᠪᠠᠲᠤ ᠴᠡᠭᠡᠵᠢᠯᠡᠬᠦ ᠬᠡᠷᠡᠭᠲᠡᠶ
ᠨᠡᠶᠢᠲᠡᠯᠡᠭᠰᠡᠨ ᠴᠠᠭ᠄
2021/4/7
   ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠲᠠ ᠶᠢᠨ ᠡᠯ᠎ᠡ ᠱᠠᠲᠤᠨ ᠤ ᠤᠳᠤᠷᠢᠳᠬᠤ ᠪᠠᠭ ᠵᠠᠯᠭᠠᠭ᠎ᠠ ᠪᠠᠷ ᠬᠤᠭᠤᠴᠠᠭ᠎ᠠ ᠰᠣᠯᠢᠵᠤ᠂ ᠠᠷᠢᠭᠤᠨ ᠴᠢᠬᠡᠴᠢ ᠣᠷᠴᠢᠨ ᠲᠣᠭᠤᠷᠢᠨ ᠢ ᠪᠤᠶ ᠪᠤᠯᠠᠭᠠᠨ᠂ ᠬᠤᠭᠤᠴᠠᠭ᠎ᠠ ᠰᠣᠯᠢᠬᠤ ᠠᠵᠢᠯ ᠤᠨ ᠲᠣᠭᠲᠠᠭᠤᠨ ᠪᠥᠭᠡᠳ ᠡᠮᠬᠢ ᠳᠢᠭᠯᠢᠮ ᠲᠠᠢ ᠠᠬᠢᠬᠤ ᠶᠢ ᠪᠠᠳᠤᠯᠠᠬᠤ ᠶᠢᠨ ᠲᠦᠯᠦᠭᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠭᠤᠯᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠤᠯᠤᠰ ᠤᠨ ᠬᠢᠨᠠᠨ ᠪᠠᠶᠢᠴᠠᠭᠠᠬᠤ ᠬᠤᠷᠢᠶ᠎ᠠ ᠬᠠᠮᠲᠤᠷᠠᠨ ︽ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠬᠤ ᠲᠠᠯ᠎ᠠ ᠪᠠᠷ ︽ᠠᠷᠪᠠ ᠶᠢ ᠴᠢᠩᠭ᠎ᠠ ᠴᠠᠭᠠᠵᠠᠯᠠᠬᠤ︾ ᠶᠢ ᠳᠤᠷᠠᠳᠤᠨ ᠭᠠᠷᠭᠠᠪᠠ᠃ ᠬᠤᠭᠤᠴᠠᠭ᠎ᠠ ᠰᠣᠯᠢᠬᠤ ᠬᠡᠪ ᠰᠤᠷᠲᠠᠯ ᠤᠨ ᠠᠷᠢᠭᠤᠨ ᠴᠢᠬᠡᠴᠢ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ︽ᠠᠷᠪᠠ ᠶᠢ ᠴᠢᠩᠭ᠎ᠠ ᠴᠠᠭᠠᠵᠠᠯᠠᠬᠤ︾ ᠶᠢ ᠣᠲᠣ ᠳᠣᠤᠷᠠᠬᠢ ᠮᠡᠲᠦ ᠵᠠᠷᠯᠠᠶ᠎ᠠ᠄    ᠨᠢᠭᠡ᠂ ᠨᠠᠮ ᠰᠦᠯᠪᠡᠭᠡ ᠪᠠᠶᠢᠭᠤᠯᠵᠤ ᠬᠤᠪᠢ ᠶᠢᠨ ᠠᠰᠢᠭ ᠬᠥᠭᠡᠭᠡᠴᠡᠯᠳᠦᠬᠦ ᠶᠢ ᠴᠢᠩᠭ᠎ᠠ ᠴᠠᠭᠠᠵᠠᠯᠠᠬᠤ ᠬᠡᠷᠡᠭᠲᠡᠶ ᠃ ᠠᠶᠢᠮᠠᠭᠯᠠᠨ ᠪᠦᠯᠦᠭᠯᠡᠭᠰᠡᠨ᠂ ᠳᠡᠭᠡᠷ᠎ᠡ ᠳᠣᠣᠷ᠎ᠠ ᠱᠠᠳᠤ ᠪᠠᠷ ᠢᠶᠠᠨ ᠬᠤᠯᠪᠣᠭᠠᠯᠠᠭᠰᠠᠨ᠂ ᠡᠪᠰᠡᠯ ᠪᠦᠯᠦᠭ ᠪᠠ ᠵᠢᠵᠢᠭ ᠪᠦᠯᠬᠦᠮ ᠪᠠᠶᠢᠭᠤᠯᠤᠭᠰᠠᠨ᠂ ᠬᠥᠮᠦᠨ ᠢᠶᠠᠷ ᠵᠠᠭᠠᠭ ᠱᠤᠭᠤᠮ ᠪᠣᠯᠭᠠᠭᠰᠠᠨ᠂ ᠤᠢᠢᠷ᠎ᠠ ᠳᠣᠲᠣᠨᠣᠴᠤᠳ ᠢᠶᠠᠨ ᠯᠠ ᠬᠡᠷᠡᠭᠯᠡᠭᠰᠡᠨ᠂ ᠢᠵᠢᠯᠢ ᠪᠤᠷᠤᠭᠤ ᠡᠲᠡᠭᠡᠳ ᠢ ᠭᠠᠳᠠᠭᠤᠷᠴᠢᠯᠠᠭᠰᠠᠨ᠂ ᠬᠤᠪᠢ ᠶᠢᠨ ᠬᠦᠴᠦᠨ ᠢᠶᠠᠨ ᠬᠥᠮᠦᠵᠢᠭᠦᠯᠦᠭᠰᠡᠨ ᠂ ᠠᠰᠢᠭ ᠲᠤᠰᠠ ᠶᠢᠨ ᠪᠦᠯᠦᠭᠯᠡᠯ ᠪᠠᠶᠢᠭᠤᠯᠤᠭᠰᠠᠨ ᠬᠥᠮᠦᠰ ᠲᠤ ᠴᠥᠮ ᠨᠠᠮ ᠤᠨ ᠰᠠᠬᠢᠯᠭ᠎ᠠ ᠪᠠᠲᠤ ᠶᠢᠨ ᠪᠠ ᠵᠠᠰᠠᠭ ᠤᠨ ᠶᠠᠪᠤᠳᠠᠯ ᠤᠨ ᠰᠢᠢᠳᠬᠡᠯ ᠥᠭᠭᠦᠨ᠎ᠡ᠃   ᠬᠤᠶᠠᠷ᠂ ᠰᠣᠩᠭᠤᠭᠤᠯᠢ ᠶᠢᠨ ᠫᠢᠶᠣᠣ ᠲᠠᠲᠠᠵᠤ ᠬᠠᠭ᠋ᠤᠤᠯᠢᠳᠤ ᠰᠣᠩᠭᠤᠭᠤᠯᠢ ᠬᠢᠬᠦ ᠶᠢ ᠴᠢᠩᠭ᠎ᠠ ᠴᠠᠭᠠᠵᠠᠯᠠᠨ᠎ᠠ᠃ ᠳᠠᠶᠢᠯᠠᠯᠭ᠎ᠠ ᠪᠠᠷ ᠳᠠᠮᠵᠢᠭᠤᠯᠤᠨ᠂ ᠬᠡᠷᠡᠭᠯᠡᠭᠡᠨ ᠤ ᠠᠵᠢᠯᠯᠠᠭ᠎ᠠ ᠶᠢ ᠲᠣᠬᠢᠷᠠᠭᠤᠯᠵᠤ᠂ ᠲᠦᠷᠭᠡᠨ ᠬᠦᠷᠭᠡᠯᠲᠡ ᠶᠢᠨ ᠰᠢᠦᠳᠠᠨ ᠢᠶᠠᠷ ᠢᠯᠡᠭᠡᠬᠦ᠂ ᠡᠯᠧᠺᠲᠷᠣᠨ ᠤᠯᠠᠭᠠᠨ ᠪᠠᠭᠯᠠᠭ᠎ᠠ᠂ ᠰᠦᠯᠵᠢᠶᠡᠨ ᠳᠡᠭᠡᠷ᠎ᠡ ᠳᠠᠩᠰᠠ ᠰᠢᠯᠵᠢᠭᠦᠯᠬᠦ ᠵᠡᠷᠭᠡ ᠬᠡᠯᠪᠡᠷᠢ ᠪᠠᠷ ᠪᠡᠯᠡᠭ ᠤᠨ ᠵᠣᠭᠤᠰ ᠪᠡᠯᠡᠭᠯᠡᠵᠦ᠂ ᠵᠢᠴᠢ ᠤᠲᠠᠰᠤᠳᠠᠬᠤ᠂ ᠮᠡᠳᠡᠭᠡ ᠵᠠᠩᠭᠢ ᠶᠠᠪᠤᠭᠤᠯᠬᠤ᠂ ᠨᠢᠭᠤᠷᠳᠠᠨ ᠪᠠᠷᠠᠳᠠᠬᠤ᠂ ᠪᠤᠰᠤᠳ ᠲᠤ ᠨᠠᠶᠢᠳᠠᠵᠤ ᠣᠴᠢᠭᠤᠯᠬᠤ ᠵᠡᠷᠭᠡ ᠬᠡᠯᠪᠡᠷᠢ ᠪᠠᠷ ᠠᠷᠠᠳᠴᠢᠯᠠᠯ ᠢᠶᠠᠷ ᠲᠠᠨᠢᠯᠴᠠᠭᠤᠯᠬᠤ ᠪᠠ ᠰᠣᠩᠭᠤᠭᠤᠯᠢ ᠶᠠᠪᠤᠭᠤᠯᠬᠤ ᠳᠤᠮᠳᠠ ᠫᠢᠶᠣᠣ ᠲᠠᠲᠠᠬᠤ᠂ ᠬᠤᠯᠪᠣᠭ᠎ᠠ ᠠᠪᠬᠤ᠂ ᠰᠣᠩᠭᠤᠭᠤᠯᠢ ᠳᠤ ᠲᠤᠰᠠᠯᠠᠬᠤ ᠵᠡᠷᠭᠡ ᠵᠣᠬᠢᠶᠠᠨ ᠪᠠᠶᠢᠭᠤᠯᠤᠯᠲᠠ ᠶᠢᠨ ᠪᠤᠰᠤ ᠠᠵᠢᠯᠯᠠᠭ᠎ᠠ ᠬᠢᠭᠰᠡᠨ ᠪᠠᠶᠢᠪᠠᠯ᠂ ᠴᠥᠮ ᠵᠢᠱᠢᠭᠳᠡᠭᠴᠢ ᠶᠢᠨ ᠨᠡᠷᠡᠰ ᠢ ᠭᠠᠷᠭᠠᠬᠤ ᠦᠭᠡᠢ ᠪᠤᠶᠤ ᠵᠢᠱᠢᠭᠳᠡᠭᠴᠢ ᠶᠢᠨ ᠬᠢᠷᠢ ᠬᠡᠮ ᠢ ᠬᠠᠰᠤᠬᠤ ᠶᠢᠨ ᠬᠠᠮᠲᠤ ᠦᠢᠯᠡ ᠪᠠᠶᠢᠳᠠᠯ ᠤᠨ ᠬᠢᠨᠢ ᠬᠦᠨᠳᠦ ᠬᠦᠡᠭᠭᠡᠨ ᠢ ᠦᠵᠡᠵᠦ ᠪᠠᠶᠢᠭᠠᠳ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠢᠳᠬᠡᠯ ᠥᠭᠴᠦ᠂ ᠬᠠᠭ᠋ᠤᠤᠯᠢᠳᠤ ᠰᠣᠩᠭᠤᠭᠤᠯᠢ ᠬᠢᠭᠰᠡᠳ ᠢ ᠬᠠᠤᠯᠢ ᠶᠣᠰᠣᠭᠠᠷ ᠰᠢᠢᠳᠪᠦᠷᠢᠯᠡᠨ᠎ᠡ᠃    ᠭᠤᠷᠪᠠ᠂ ᠨᠣᠶᠠᠨ ᠵᠡᠷᠭᠡ ᠬᠤᠳᠠᠯᠳᠤᠨ ᠠᠪᠬᠤ ᠪᠠ ᠬᠤᠳᠠᠯᠳᠤᠬᠤ ᠶᠠᠪᠤᠳᠠᠯ ᠢ ᠴᠢᠩᠭ᠎ᠠ ᠴᠠᠭᠠᠵᠠᠯᠠᠬᠤ ᠬᠡᠷᠡᠭᠲᠡᠶ᠃ ᠲᠤᠰᠢᠶᠠᠯ ᠤᠯᠬᠤ᠂ ᠲᠤᠰᠢᠶᠠᠯ ᠤᠨ ᠲᠡᠰ ᠤᠨ ᠬᠠᠷᠠᠭᠠᠯᠵᠠᠯ ᠢ ᠳᠡᠭᠡᠭᠰᠢᠯᠡᠭᠦᠯᠬᠦ ᠵᠡᠷᠭᠡ ᠵᠣᠷᠢᠯᠭ᠎ᠠ ᠪᠠᠷ ᠪᠤᠰᠤᠳ ᠲᠤ ᠬᠡᠭᠡᠯᠢ ᠲᠦᠯᠬᠢᠭᠰᠡᠳ᠂ ᠪᠤᠰᠤᠳ ᠢ ᠬᠠᠪᠰᠤᠷᠤᠨ ᠲᠤᠰᠢᠶᠠᠯ ᠣᠯᠭᠤᠬᠤ᠂ ᠲᠤᠰᠢᠶᠠᠯ ᠤᠨ ᠲᠡᠰ ᠤᠨ ᠬᠠᠷᠠᠭᠠᠯᠵᠠᠯ ᠢ ᠳᠡᠭᠡᠭᠰᠢᠯᠡᠭᠦᠯᠬᠦ ᠪᠠᠷ ᠳᠠᠮᠵᠢᠭᠤᠯᠤᠨ ᠬᠡᠭᠡᠯᠢ ᠠᠪᠴᠤ ᠬᠠᠭ᠋ᠤᠤᠯᠢ ᠢᠳᠡᠭᠰᠡᠨ ᠪᠠᠶᠢᠪᠠᠯ᠂ ᠴᠥᠮ ᠤᠷᠢᠳ ᠢᠶᠠᠷ ᠲᠤᠰᠢᠶᠠᠯ ᠢ ᠨᠢ ᠵᠣᠭᠰᠣᠭᠠᠬᠤ ᠪᠤᠶᠤ ᠲᠤᠰᠢᠶᠠᠯ ᠠᠴᠠ ᠨᠢ ᠪᠠᠭᠤᠯᠭᠠᠬᠤ ᠶᠢᠨ ᠬᠠᠮᠲᠤ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠰᠢᠢᠳᠪᠦᠷᠢᠯᠡᠨ᠎ᠡ᠃    ᠲᠦᠷᠪᠡ᠂ ᠨᠣᠶᠠᠨ ᠵᠡᠷᠭᠡ ᠤᠯᠬᠤ ᠪᠠᠷ ᠭᠠᠷ ᠰᠠᠷᠪᠠᠶᠢᠬᠤ ᠶᠠᠪᠤᠳᠠᠯ ᠢ ᠴᠢᠩᠭ᠎ᠠ ᠴᠠᠭᠠᠵᠠᠯᠠᠬᠤ ᠬᠡᠷᠡᠭᠲᠡᠶ᠃ ᠬᠠᠷᠢᠴᠠᠭ᠎ᠠ ᠬᠤᠯᠪᠣᠭ᠎ᠠ ᠪᠠᠶᠢᠭᠤᠯᠬᠤ ᠪᠤᠶᠤ ᠠᠶᠤᠯᠭᠠᠬᠤ ᠵᠡᠷᠭᠡ ᠠᠷᠭ᠎ᠠ ᠪᠠᠷᠢᠯ ᠢᠶᠠᠷ ᠲᠤᠰᠢᠶᠠᠯ ᠤᠯᠬᠤ᠂ ᠲᠤᠰᠢᠶᠠᠯ ᠤᠨ ᠲᠡᠰ ᠤᠨ ᠣᠯᠭᠤᠮᠵᠢ ᠶᠢ ᠳᠡᠭᠡᠭᠰᠢᠯᠡᠭᠦᠯᠦᠭᠰᠡᠳ ᠢ ᠴᠥᠮ ᠳᠡᠪᠰᠢᠭᠦᠯᠬᠦ ᠪᠤᠶᠤ ᠤᠯᠠᠮ ᠨᠢᠭᠡ ᠠᠯᠬᠤᠮ ᠬᠡᠷᠡᠭᠯᠡᠵᠦ ᠪᠣᠯᠬᠤ ᠦᠭᠡᠢ ᠪᠥᠭᠡᠳ ᠦᠢᠯᠡ ᠪᠠᠶᠢᠳᠠᠯ ᠤᠨ ᠬᠢᠨᠢ ᠬᠦᠨᠳᠦ ᠬᠦᠡᠭᠭᠡᠨ ᠢ ᠦᠵᠡᠵᠦ ᠪᠠᠶᠢᠭᠠᠳ ᠰᠢᠭᠦᠮᠵᠢᠯᠡᠨ ᠰᠤᠷᠭᠠᠬᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠪᠠᠲᠤ ᠶᠢᠨ ᠵᠠᠰᠠᠭ ᠤᠨ ᠶᠠᠪᠤᠳᠠᠯ ᠤᠨ ᠰᠢᠢᠳᠬᠡᠯ ᠥᠭᠬᠦ ᠬᠡᠷᠡᠭᠲᠡᠶ᠃    ᠲᠠᠪᠤ᠂ ᠬᠤᠪᠢ ᠬᠥᠮᠦᠨ ᠤ ᠬᠡᠯᠡᠭᠰᠡᠨ ᠢᠶᠠᠷ ᠪᠣᠯᠭᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠬᠤᠪᠢ ᠬᠥᠮᠦᠨ ᠤ ᠲᠣᠭᠲᠠᠭᠠᠯ ᠢᠶᠠᠷ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠮᠲᠤ ᠶᠢᠨ ᠰᠤᠳᠤᠯᠭᠠᠨ ᠤ ᠲᠣᠭᠲᠠᠭᠠᠯ ᠢ ᠣᠷᠣᠯᠠᠭᠤᠯᠤᠭᠰᠠᠨ᠂ ᠵᠢᠱᠢᠭᠳᠡᠭᠴᠢ ᠶᠢ ᠰᠠᠨᠠᠭᠤᠯᠵᠤ᠂ ᠳᠠᠯᠳᠠ ᠪᠠᠷ ᠵᠢᠭᠠᠵᠤ᠂ ᠵᠢᠭᠠᠨ ᠲᠣᠭᠲᠠᠭᠠᠵᠤ ᠳᠡᠪᠰᠢᠭᠦᠯᠦᠨ ᠲᠣᠬᠢᠷᠠᠭᠤᠯᠤᠭᠰᠠᠨ ᠪᠠᠶᠢᠪᠠᠯ᠂ ᠬᠤᠯᠪᠣᠭᠳᠠᠯ ᠪᠦᠬᠦᠢ ᠲᠣᠮᠢᠯᠠᠨ ᠬᠡᠷᠡᠭᠯᠡᠬᠦ ᠲᠣᠭᠲᠠᠭᠠᠯ ᠢ ᠴᠥᠮ ᠬᠦᠴᠦᠨ ᠦᠭᠡᠢ ᠪᠣᠯᠭᠠᠬᠤ ᠶᠢᠨ ᠬᠠᠮᠲᠤ ᠬᠤᠯᠪᠣᠭᠳᠠᠯ ᠪᠦᠬᠦᠢ ᠤᠳᠤᠷᠢᠳᠤᠯᠭ᠎ᠠ ᠪᠠ ᠬᠤᠯᠪᠣᠭᠳᠠᠯ ᠪᠦᠬᠦᠢ ᠬᠥᠮᠦᠰ ᠤᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃    ᠵᠢᠷᠭᠤᠭ᠎ᠠ᠂ ᠨᠠᠶᠢᠷ ᠲᠠᠯ᠎ᠠ ᠬᠠᠷᠠᠵᠤ ᠮᠡᠨᠳᠦᠴᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠪᠤᠰᠤᠳ ᠬᠥᠮᠦᠨ ᠳᠤ ᠲᠠᠨᠢᠯᠴᠠᠭᠤᠯᠤᠨ ᠨᠡᠷ᠎ᠡ ᠳᠤᠷᠠᠳᠤᠭᠰᠠᠨ᠂ ᠳᠡᠪᠰᠢᠭᠦᠯᠦᠨ ᠲᠣᠬᠢᠷᠠᠭᠤᠯᠵᠤ ᠬᠠᠷᠢᠴᠠᠭ᠎ᠠ ᠶᠢ ᠨᠢ ᠨᠡᠪᠲᠡᠷᠡᠭᠦᠯᠦᠭᠰᠡᠨ᠂ ᠲᠣᠭᠲᠠᠭᠠᠯ ᠠᠴᠠ ᠵᠥᠷᠢᠴᠡᠨ ᠲᠤᠤᠷᠠᠳᠤ ᠱᠠᠲᠤᠨ ᠤ ᠪᠤᠶᠤ ᠤᠤᠯ ᠤᠨ ᠲᠤᠰᠢᠶᠠᠯ ᠡᠭᠦᠷᠭᠡᠯᠡᠵᠦ ᠪᠠᠶᠢᠭᠰᠠᠨ ᠭᠠᠵᠠᠷ ᠣᠷᠣᠨ ᠪᠠ ᠨᠢᠬᠡᠴᠡ ᠶᠢᠨ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠳᠤ ᠭᠠᠷ ᠲᠦᠷᠦᠭᠰᠡᠨ ᠪᠠᠶᠢᠪᠠᠯ᠂ ᠴᠥᠮ ᠤᠳᠤᠷᠢᠳᠬᠤ ᠺᠠᠳ᠋ᠷ ᠤᠨ ᠲᠣᠭᠲᠠᠭᠠᠯ ᠠᠴᠠ ᠵᠥᠷᠢᠴᠡᠨ ᠴᠢᠬᠤᠯᠠ ᠶᠡᠭᠡ ᠤᠴᠢᠷ ᠶᠠᠪᠤᠳᠠᠯ ᠳᠤ ᠭᠠᠷ ᠲᠦᠷᠦᠭᠰᠡᠨ ᠪᠠᠶᠢᠳᠠᠯ ᠤᠨ ᠬᠤᠪᠢ ᠪᠠᠷ ᠲᠡᠮᠳᠡᠭᠯᠡᠨ ᠳᠠᠩᠰᠠᠯᠠᠬᠤ ᠪᠥᠭᠡᠳ ᠦᠢᠯᠡ ᠪᠠᠶᠢᠳᠠᠯ ᠤᠨ ᠬᠢᠨᠢ ᠬᠦᠨᠳᠦ ᠬᠦᠡᠭᠭᠡᠨ ᠢ ᠦᠵᠡᠵᠦ ᠪᠠᠶᠢᠭᠠᠳ ᠰᠢᠭᠦᠮᠵᠢᠯᠡᠨ ᠰᠤᠷᠭᠠᠬᠤ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠪᠠᠲᠤ ᠶᠢᠨ ᠵᠠᠰᠠᠭ ᠤᠨ ᠶᠠᠪᠤᠳᠠᠯ ᠤᠨ  ᠰᠢᠢᠳᠬᠡᠯ ᠥᠭᠭᠦᠨ᠎ᠡ᠃    ᠳᠣᠯᠤᠭ᠎ᠠ᠂ ᠲᠣᠭᠲᠠᠭᠠᠯ ᠠᠴᠠ ᠵᠥᠷᠢᠴᠡᠨ ᠬᠥᠮᠦᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠬᠤᠭᠤᠴᠠᠭ᠎ᠠ ᠰᠣᠯᠢᠬᠤ ᠵᠠᠪᠰᠢᠶᠠᠨ ᠢ ᠠᠰᠢᠭᠯᠠᠨ ᠺᠠᠳ᠋ᠷ ᠢ ᠱᠠᠯᠠᠪᠳᠠᠨ ᠳᠡᠪᠰᠢᠭᠦᠯᠦᠨ ᠲᠣᠬᠢᠷᠠᠭᠤᠯᠤᠭᠰᠠᠨ᠂ ᠲᠤᠰᠢᠶᠠᠯ ᠤᠨ ᠲᠤᠭ᠎ᠠ ᠠᠴᠠ ᠬᠡᠲᠦᠷᠡᠭᠦᠯᠦᠨ ᠺᠠᠳ᠋ᠷ ᠲᠣᠬᠢᠷᠠᠭᠤᠯᠤᠭᠰᠠᠨ᠂ ᠲᠣᠭᠲᠠᠭᠠᠭᠰᠠᠨ ᠵᠢᠷᠤᠮ ᠢ ᠵᠥᠷᠢᠴᠡᠨ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠭᠰᠡᠨ ᠪᠠᠶᠢᠪᠠᠯ ᠴᠥᠮ ᠬᠦᠴᠦᠨ ᠦᠭᠡᠢ ᠪᠣᠯᠭᠠᠬᠤ ᠪᠠᠷ ᠵᠠᠷᠯᠠᠬᠤ ᠶᠢᠨ ᠬᠠᠮᠲᠤ ᠬᠤᠯᠪᠣᠭᠳᠠᠯ ᠪᠦᠬᠦᠢ ᠬᠥᠮᠦᠰ ᠢ ᠲᠣᠭᠲᠠᠭᠠᠯ ᠰᠠᠬᠢᠯᠭ᠎ᠠ ᠶᠣᠰᠣᠭᠠᠷ ᠰᠢᠢᠳᠪᠦᠷᠢᠯᠡᠨ᠎ᠡ᠃    ᠨᠠᠢᠮᠠ᠂ ᠬᠡᠢ ᠶᠢ ᠵᠠᠳᠠᠷᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠬᠤᠭᠤᠴᠠᠭ᠎ᠠ ᠰᠣᠯᠢᠬᠤ ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ ᠵᠡᠷᠭᠡ ᠨᠢᠭᠤᠴᠠ ᠶᠢ ᠬᠠᠮᠠᠭᠠᠯᠠᠬᠤ ᠮᠡᠳᠡᠭᠡ ᠵᠠᠩᠭᠢ ᠶᠢ ᠵᠠᠳᠠᠷᠠᠭᠤᠯᠤᠭᠰᠠᠨ᠂ ᠲᠠᠷᠬᠠᠭᠠᠭᠰᠠᠨ ᠪᠠᠶᠢᠪᠠᠯ᠂ ᠬᠠᠮᠢᠶ᠎ᠠ ᠪᠥᠬᠦᠶ ᠬᠥᠮᠦᠰ ᠤᠨ ᠬᠠᠷᠢᠭᠤᠴᠠᠯᠭ᠎ᠠ ᠶᠢ ᠴᠥᠮ ᠨᠡᠬᠡᠮᠵᠢᠯᠡᠬᠦ ᠬᠡᠷᠡᠭᠲᠡᠶ᠃    ᠶᠢᠰᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠺᠠᠳ᠋ᠷ ᠠᠵᠢᠯᠳᠠᠨ ᠤ ᠶᠠᠪᠤᠳᠠᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ ᠥᠭᠡᠷᠡᠲᠦᠭᠦᠯᠦᠭᠰᠡᠨ᠂ ᠬᠠᠭᠤᠷᠮᠠᠭᠯᠠᠨ ᠵᠣᠬᠢᠶᠠᠭᠰᠠᠨ ᠂ ᠬᠤᠭᠤᠴᠠᠭ᠎ᠠ ᠰᠣᠯᠢᠵᠤ ᠰᠢᠯᠭᠠᠨ ᠪᠠᠶᠢᠴᠠᠭᠠᠬᠤ ᠠᠵᠢᠯ ᠤᠨ ᠳᠤᠮᠳᠠ ᠪᠣᠳᠠᠲᠤ ᠬᠡᠷᠡᠭ ᠤᠨ ᠦᠨᠡᠨ ᠪᠠᠶᠢᠳᠠᠯ ᠢ ᠨᠢᠭᠤᠨ ᠳᠠᠯᠳᠠᠯᠠᠭᠰᠠᠨ ᠪᠤᠶᠤ ᠭᠠᠵᠢᠭᠤᠳᠠᠭᠤᠯᠤᠭᠰᠠᠨ ᠪᠠᠶᠢᠪᠠᠯ᠂ ᠴᠥᠮ ᠵᠠᠯᠠᠷᠠᠭᠤᠯᠬᠤ ᠶᠢᠨ ᠬᠠᠮᠲᠤ ᠦᠢᠯᠡ ᠪᠠᠶᠢᠳᠠᠯ ᠤᠨ ᠬᠢᠨᠢ ᠬᠦᠨᠳᠦ ᠬᠦᠡᠭᠭᠡᠨ ᠢ ᠦᠵᠡᠵᠦ ᠪᠠᠶᠢᠭᠠᠳ ᠬᠤᠯᠪᠣᠭᠳᠠᠯ ᠪᠦᠬᠦᠢ ᠬᠥᠮᠦᠰ ᠲᠤ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠬᠦ ᠪᠤᠶᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ  ᠰᠢᠢᠳᠭᠡᠯ ᠥᠭᠭᠦᠨ᠎ᠡ᠃    ᠠᠷᠪᠠ᠂ ᠬᠤᠭᠤᠴᠠᠭ᠎ᠠ ᠰᠣᠯᠢᠬᠤ ᠶᠢ ᠬᠠᠷᠰᠢᠯᠠᠬᠤ ᠶᠢ ᠴᠢᠩᠭ᠎ᠠ ᠴᠠᠭᠠᠵᠠᠯᠠᠨ᠎ᠠ᠃ ᠬᠢᠯᠢ ᠶᠢᠨ ᠳᠣᠲᠣᠨ᠎ᠠ ᠭᠠᠳᠠᠨᠠᠬᠢ ᠳᠠᠶᠢᠰᠤᠩᠨᠠᠭᠴᠢ ᠬᠦᠴᠦᠨ ᠤ ᠬᠤᠭᠤᠴᠠᠭ᠎ᠠ ᠰᠣᠯᠢᠬᠤ ᠶᠢ ᠲᠦᠢᠪᠡᠭᠡᠨ ᠡᠪᠳᠡᠵᠦ ᠪᠠᠶᠢᠭ᠎ᠠ ᠶᠠᠪᠤᠳᠠᠯ ᠢ ᠴᠢᠩᠭ᠎ᠠ ᠰᠡᠷᠭᠡᠶᠢᠯᠡᠵᠦ᠂ ᠡᠷᠡᠰ ᠴᠣᠬᠢᠯᠲᠠ ᠥᠭᠭᠦᠨ᠎ᠡ︔ ᠬᠠᠷ᠎ᠠ ᠬᠠᠷᠭᠢᠰ ᠬᠦᠴᠦᠨ᠂ ᠲᠥᠷᠥᠯ ᠤᠭᠰᠠᠭ᠎ᠠ ᠶᠢᠨ ᠬᠦᠴᠦᠨ᠂ ᠱᠠᠰᠢᠨ ᠰᠤᠷᠲᠠᠬᠤᠨ ᠤ ᠬᠦᠴᠦᠨ ᠤ ᠬᠤᠭᠤᠴᠠᠭ᠎ᠠ ᠰᠣᠯᠢᠬᠤ ᠰᠣᠩᠭᠤᠭᠤᠯᠢ ᠶᠢ ᠬᠠᠷᠰᠢᠯᠠᠵᠤ ᠨᠥᠯᠥᠭᠡᠯᠡᠭᠰᠡᠨ ᠬᠢᠯᠢ ᠶᠢᠨ ᠭᠠᠳᠠᠨᠠᠬᠢ ᠪᠠᠶᠢᠭᠤᠯᠤᠮᠵᠢ᠂ ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠤ ᠲᠤᠰᠠᠯᠠᠮᠵᠢ ᠪᠤᠶᠤ ᠪᠣᠯᠪᠠᠰᠤᠷᠠᠭᠤᠯᠤᠯ ᠢ ᠲᠣᠭᠲᠠᠭᠠᠯ ᠢ ᠵᠥᠷᠢᠴᠡᠨ ᠬᠦᠯᠢᠶᠡᠨ ᠠᠪᠤᠭᠰᠠᠨ᠂ ᠰᠦᠷᠳᠡᠭᠦᠯᠬᠦ᠂ ᠮᠡᠬᠡᠯᠡᠬᠦ᠂ ᠠᠰᠢᠭ ᠢᠶᠠᠷ ᠲᠠᠲᠠᠬᠤ ᠵᠡᠷᠭᠡ ᠠᠷᠭ᠎ᠠ ᠪᠠᠷᠢᠯ ᠢᠶᠠᠷ ᠪᠤᠰᠤᠳ ᠤᠨ ᠰᠣᠩᠭᠤᠭᠤᠯᠢ ᠶᠢᠨ ᠡᠷᠬᠡ ᠪᠠᠨ ᠴᠢᠯᠥᠭᠡᠲᠡᠶ ᠪᠠᠷ ᠬᠡᠷᠡᠭᠵᠢᠭᠦᠯᠬᠦ ᠶᠢ ᠬᠠᠷᠰᠢᠯᠠᠭᠰᠠᠨ᠂ ᠴᠤᠤᠷᠬᠠᠯ ᠲᠠᠯᠪᠢᠨ ᠭᠦᠵᠢᠷᠯᠡᠭᠰᠡᠨ᠂ ᠭᠦᠳᠬᠡᠨ ᠭᠦᠵᠢᠷᠯᠡᠭᠰᠡᠨ ᠪᠤᠶᠤ ᠪᠤᠰᠤᠳ ᠲᠤ ᠴᠣᠬᠢᠯᠲᠠ ᠥᠭᠴᠦ ᠥᠰᠢᠶ᠎ᠡ ᠠᠪᠤᠭᠰᠠᠨ ᠪᠠᠶᠢᠪᠠᠯ᠂ ᠴᠥᠮ ᠴᠢᠩᠭ᠎ᠠ ᠪᠠᠶᠢᠴᠠᠭᠠᠨ  ᠰᠢᠢᠳᠪᠦᠷᠢᠯᠡᠵᠦ᠂ ᠬᠠᠤᠯᠢ ᠶᠢ ᠵᠥᠷᠢᠴᠡᠵᠦ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ ᠬᠠᠤᠯᠢ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠥᠷᠭᠡᠨ ᠣᠯᠠᠨ ᠲᠦᠮᠡᠨ ᠤ ᠮᠠᠨ ᠤ ᠬᠤᠲᠠ ᠶᠢᠨ ᠬᠤᠭᠤᠴᠠᠭ᠎ᠠ ᠰᠣᠯᠢᠬᠤ ᠠᠵᠢᠯ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠂ ᠲᠠ ᠬᠡᠷᠪᠡ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠢ ᠳᠤᠨᠢ ᠲᠤᠰᠬᠠᠬᠤ ᠪᠣᠯᠪᠠᠤ᠃    ᠢᠯᠡᠴᠢᠯᠡᠨ ᠮᠡᠳᠡᠭᠦᠯᠬᠦ ᠬᠡᠯᠪᠡᠷᠢ᠄    ᠹᠧᠩᠵᠧᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ    ᠢᠯᠡᠴᠢᠯᠡᠨ ᠮᠡᠳᠡᠭᠦᠯᠬᠦ ᠤᠲᠠᠰᠤ᠄ 0474 — 12388    ᠢᠯᠡᠴᠢᠯᠡᠨ ᠮᠡᠳᠡᠭᠦᠯᠬᠦ ᠵᠠᠬᠢᠳᠠᠯ ᠤᠨ ᠨᠡᠪᠲᠡᠷᠡᠬᠦ ᠬᠠᠶ᠋ᠢᠭ᠄  ᠹᠧᠩᠵᠧᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠶᠢᠨ ᠲᠠᠰᠤᠭ ︵ᠰᠢᠦᠳᠠᠨ ᠳ᠋ᠤᠭᠠᠷ᠄ 012199︶    ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠲᠠ ᠶᠢᠨ ᠬᠤᠷᠢᠶᠠᠨ ᠤ ᠤᠬᠠᠭᠤᠯᠬᠤ ᠬᠡᠯᠳᠡᠰ    ᠢᠯᠡᠴᠢᠯᠡᠨ ᠮᠡᠳᠡᠭᠦᠯᠬᠦ ᠤᠲᠠᠰᠤ᠄ 0474 — 12380    ᠢᠯᠡᠴᠢᠯᠡᠨ ᠮᠡᠳᠡᠭᠦᠯᠬᠦ ᠵᠠᠬᠢᠳᠠᠯ ᠨᠡᠪᠲᠡᠷᠡᠬᠦ ᠬᠠᠶ᠋ᠢᠭ᠄ ᠹᠧᠩᠵᠧᠨ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠤᠨ ᠬᠤᠶᠠᠳᠤᠭᠠᠷ ᠲᠠᠰᠤᠭ ︵ᠰᠢᠤᠳᠠᠨ ᠳ᠋ᠤᠭᠠᠷ᠄ 012199︶     ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ     ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠲᠠ ᠶᠢᠨ ᠬᠤᠷᠢᠶᠠᠨ ᠤ ᠤᠬᠠᠭᠤᠯᠬᠤ ᠬᠡᠯᠳᠡᠰ     ᠹᠧᠩᠵᠧᠨ ᠬᠤᠲᠠ ᠶᠢᠨ ᠬᠢᠨᠠᠨ ᠪᠠᠶᠢᠴᠠᠭᠠᠬᠤ ᠵᠥᠪᠯᠡᠯ                             2021 ᠣᠨ ᠤ 4 ᠰᠠᠷ᠎ᠠ ᠶᠢᠨ 6                          ᠨᠠᠶᠢᠷᠠᠭᠤᠯᠤᠭᠴᠢ᠄ ᠯᠢ ᠰᠧ ᠬᠤᠢ                          ᠤᠷᠴᠢᠭᠤᠯᠤᠬᠴᠢ᠄  ᠼᠦᠢ ᠶᠢᠩ    
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3