ᠸᠠᠩ ᠵᠧᠨ ᠬᠠᠶ ᠳ᠋ᠠᠲ᠋ᠦ᠋ᠩ ᠬᠤᠲᠠ ᠶᠢᠨ ᠲᠠᠪᠤᠳᠤᠭᠠᠷ ᠠᠷᠠᠳ ᠤᠨ ᠡᠮᠨᠡᠯᠭᠡ ᠶᠢᠨ ᠬᠤᠷᠢᠶᠠᠨ ᠤ ᠹᠸᠩᠵᠸᠨ  ᠳᠤ ᠪᠠᠶᠢᠴᠠᠭᠠᠨ ᠰᠤᠳᠤᠯᠬᠤ ᠰᠠᠭᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/9
     ᠲᠦᠷᠦᠭᠦᠬᠡᠨ᠂ ᠳ᠋ᠠᠲ᠋ᠦ᠋ᠩ ᠬᠤᠲᠠ ᠶᠢᠨ ᠲᠠᠪᠤᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ᠂ ᠱᠠᠨ ᠰᠢ ᠮᠤᠵᠢ ᠶᠢᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠱᠦᠵᠢ ᠮᠠ ᠢ ᠮᠢᠩ᠂ ᠬᠤᠷᠢᠶᠠᠨ ᠳᠠᠷᠤᠭ᠎ᠠ ᠵᠠᠩ ᠴᠢᠶᠠᠩ ᠱᠢ ᠨᠡᠷ ᠹᠸᠩᠵᠸᠨ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠳ᠋ᠠᠲ᠋ᠦ᠋ᠩ ᠬᠤᠲᠠ ᠶᠢᠨ ᠲᠠᠪᠤᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠬᠢᠭᠡᠳ ᠹᠸᠩᠵᠸᠨ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠬᠠᠮᠲᠤᠷᠠᠯᠴᠠᠭᠠᠨ ᠤ ᠠᠭᠤᠯᠭ᠎ᠠ ᠶᠢᠨ ᠲᠤᠬᠠᠶ ᠰᠠᠭᠤᠳᠠᠯ ᠤᠨ ᠬᠤᠷᠠᠯ ᠬᠤᠷᠠᠯᠳᠤᠭᠤᠯᠪᠠ᠃ ᠮᠠᠨ ᠤ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠱᠢ ᠬᠦᠶ ᠵᠢᠶᠦ᠋ᠨ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠤᠷᠤᠯᠴᠠᠪᠠ᠃
   ᠬᠤᠷᠠᠯ ᠳᠡᠭᠡᠷ᠎ᠡ᠂ ᠹᠸᠩᠵᠸᠨ ᠬᠤᠲᠠ ᠶᠢᠨ ᠡᠮᠨᠡᠯᠭᠡ ᠶᠢᠨ ᠬᠤᠷᠢᠶᠠᠨ ᠤ ᠬᠠᠷᠢᠭᠤᠴᠠᠯᠭᠠᠲᠠᠨ ᠠᠴᠠ ᠹᠸᠩᠵᠸᠨ ᠬᠤᠲᠠ ᠶᠢᠨ ᠦᠨᠳᠦᠰᠦᠨ ᠪᠠᠶᠢᠳᠠᠯ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠬᠥᠭᠵᠢᠯᠲᠡ ᠶᠢᠨ ᠣᠳᠣᠬᠢ ᠪᠠᠶᠢᠳᠠᠯ ᠢ ᠲᠣᠪᠴᠢ ᠲᠠᠨᠢᠯᠴᠠᠭᠤᠯᠪᠠ᠃    ᠮᠠ ᠢ ᠮᠢᠩ ᠬᠤᠶᠠᠷ ᠡᠮᠨᠡᠯᠭᠡ ᠶᠢᠨ ᠬᠤᠷᠢᠶᠠᠨ ᠤ ᠬᠠᠮᠲᠤᠷᠠᠯᠴᠠᠭᠠᠨ ᠤ ᠰᠠᠶᠢᠨ ᠰᠠᠶᠢᠬᠠᠨ ᠠᠯᠤᠰ ᠢᠷᠡᠭᠡᠳᠦᠢ ᠳᠤ ᠢᠲᠡᠭᠡᠯ ᠲᠡᠭᠦᠯᠳᠡᠷ ᠪᠠᠶᠢᠵᠤ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ᠂ ᠬᠠᠮᠢᠶᠠᠷᠤᠯᠲᠠ ᠶᠢᠨ ᠣᠶᠢᠯᠠᠭᠠᠭᠳᠠᠬᠤᠨ᠂ ᠮᠡᠷᠭᠡᠵᠢᠯ ᠤᠨ ᠲᠦᠪᠰᠢᠨ᠂ ᠰᠣᠶᠣᠯ ᠢᠷᠭᠡᠨᠰᠢᠯ ᠤᠨ ᠬᠡᠪ ᠪᠣᠯᠪᠠᠰᠤᠷᠠᠯ᠂ ᠬᠤᠣᠰ ᠴᠢᠭᠯᠡᠯ ᠢᠶᠠᠷ ᠡᠮᠨᠡᠯᠭᠡ ᠰᠢᠯᠵᠢᠭᠦᠯᠬᠦ ᠵᠡᠷᠭᠡ ᠲᠠᠯ᠎ᠠ ᠪᠠᠷ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠹᠸᠩᠵᠸᠨ ᠬᠤᠳᠠ ᠶᠢᠨ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃
   ᠸᠠᠩ ᠵᠧᠨ ᠬᠠᠶ ᠢᠯᠡᠷᠭᠡᠶᠢᠯᠡᠭᠰᠡᠨ ᠨᠢ᠂ ᠹᠸᠩᠵᠸᠨ ᠬᠤᠲᠠ ᠶᠢᠨ ᠡᠮᠨᠡᠯᠭᠡ ᠶᠢᠨ ᠬᠤᠷᠢᠶ᠎ᠠ ᠪᠣᠯᠤᠨ ᠳ᠋ᠠᠲ᠋ᠦ᠋ᠩ ᠬᠤᠲᠠ ᠶᠢᠨ ᠲᠠᠪᠤᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠲᠠᠯ᠎ᠠ ᠪᠠᠷ ᠬᠢ ᠬᠠᠮᠲᠤᠷᠠᠯᠴᠠᠭ᠎ᠠ ᠪᠠᠷ ᠳᠡᠮᠵᠢᠨ᠂ ᠹᠸᠩᠵᠸᠨ ᠬᠤᠲᠠ ᠶᠢᠨ ᠡᠮ ᠡᠮᠨᠡᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠨᠡᠩ ᠲᠡᠭᠦᠯᠳᠡᠷᠵᠢᠭᠦᠯᠵᠦ᠂ ᠡᠮᠨᠡᠯᠭᠡ ᠶᠢᠨ ᠬᠤᠷᠢᠶ᠎ᠠ ᠶᠢᠨ ᠬᠤᠭᠤᠷᠣᠨᠳᠣ ᠪᠠᠨ ᠬᠠᠷᠢᠯᠴᠠᠨ ᠬᠥᠳᠡᠯᠦᠯᠴᠡᠬᠦ ᠤᠳᠠᠭ᠎ᠠ ᠳᠠᠷᠠᠭ᠎ᠠ ᠪᠠ ᠬᠦᠴᠦᠯᠡᠴᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠩ ᠪᠦᠲᠦᠮᠵᠢᠲᠡᠶ ᠂ ᠨᠠᠩ ᠨᠢᠭᠲᠠ ᠬᠠᠮᠲᠤᠷᠠᠯᠴᠠᠭᠠᠨ ᠤ ᠵᠠᠭᠪᠤᠷ ᠢ ᠬᠠᠶᠢᠨ ᠰᠦᠪᠡᠭᠴᠢᠯᠡᠵᠦ᠂ ᠹᠸᠩᠵᠸᠨ ᠬᠤᠲᠠ ᠶᠢᠨ ᠪᠦᠬᠦᠯᠢ ᠴᠣᠭᠴᠠ ᠶᠢᠨ ᠡᠮᠴᠢᠯᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠦᠨ᠂ ᠪᠥᠬᠦ ᠬᠤᠲᠠ ᠶᠢᠨ ᠥᠷᠭᠡᠨ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠨᠠᠩ ᠪᠥᠬᠦ ᠲᠠᠯ᠎ᠠ ᠶᠢᠨ᠂ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠬᠠᠩᠭᠠᠵᠤ᠂ ᠠᠷᠠᠳ ᠣᠯᠠᠨ ᠤ ᠡᠷᠡᠭᠦᠯ ᠮᠡᠨᠳᠦ ᠶᠢᠨ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠦᠵᠡᠯ ᠰᠠᠨᠠᠭ᠎ᠠ ᠪᠠᠨ ᠨᠡᠩ ᠠᠮᠢᠳᠤᠯᠢᠭ ᠬᠠᠮᠲᠤᠷᠠᠯᠴᠠᠭᠠᠨ ᠤ ᠵᠠᠭᠪᠤᠷ ᠢ ᠬᠠᠶᠢᠨ ᠰᠦᠪᠡᠭᠴᠢᠯᠡᠵᠦ᠂ ᠨᠡᠩ ᠪᠣᠳᠠᠲᠠᠶ ᠬᠠᠮᠲᠤᠷᠠᠯᠴᠠᠭᠠᠨ ᠤ ᠵᠦᠢᠯᠡᠰ ᠢ ᠲᠣᠭᠲᠠᠭᠠᠵᠤ᠂ ᠡᠮᠴᠢᠯᠡᠭᠡᠨ ᠤ ᠡᠬᠢ ᠪᠠᠶᠠᠯᠢᠭ ᠤᠨ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠤᠨ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ ᠂ ᠠᠷᠠᠳ ᠤᠯᠠᠨ ᠨᠡᠩ ᠰᠠᠶᠢᠨ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠠᠷ ᠵᠣᠷᠢᠯᠲᠠ ᠪᠣᠯᠭᠠᠵᠤ᠂ ᠳᠡᠭᠡᠳᠦ ᠳᠤᠤᠷᠠᠳᠤ ᠱᠠᠳᠤ ᠬᠤᠯᠪᠣᠭᠠᠯᠠᠨ ᠬᠥᠳᠡᠯᠦᠯᠴᠡᠬᠦ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠠᠵᠢᠯᠯᠠᠭᠠᠨ ᠤ ᠲᠣᠭᠲᠠᠴᠠ ᠶᠢ ᠪᠤᠢ ᠪᠣᠯᠭᠠᠵᠤ᠂ ᠬᠠᠷᠢᠯᠴᠠᠨ ᠬᠠᠷᠠᠭᠠᠯᠵᠠᠯ ᠦᠵᠡᠭᠦᠯᠵᠦ ᠬᠠᠷᠢᠯᠴᠠᠨ ᠠᠰᠢᠭᠲᠠᠶ ᠪᠠᠶᠢᠬᠤ ᠬᠤᠶᠠᠷ ᠲᠠᠯ᠎ᠠ ᠪᠠᠷ ᠢᠶᠠᠨ ᠠᠰᠢᠭ ᠬᠦᠷᠳᠡᠬᠦ ᠪᠠᠶᠢᠳᠠᠯ ᠢ ᠬᠠᠮᠲᠤ ᠪᠠᠷ ᠪᠠᠶᠢᠭᠤᠯᠤᠨ᠎ᠠ᠃                     ᠨᠠᠶᠢᠷᠠᠭᠤᠯᠤᠭᠴᠢ᠄ ᠯᠢ ᠰᠧ ᠬᠤᠢ                     ᠤᠷᠴᠢᠭᠤᠯᠤᠬᠴᠢ᠄  ᠼᠦᠢ ᠶᠢᠩ    
 
ᠢᠷᠡᠯᠲᠡ᠄ ᠠᠮᠢᠵᠢᠷᠠᠯ ᠪᠢᠯᠬᠠᠭᠰᠠᠨ ᠹᠸᠩᠵᠸᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3