ᠹᠧᠩᠵᠧᠨ ᠬᠤᠳᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠳᠥᠷᠪᠡᠳᠦᠭᠡᠷ ᠤᠳᠠᠭᠠᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/9
   ᠲᠦᠷᠦᠭᠦᠬᠡᠨ᠂ ᠹᠧᠩᠵᠧᠨ ᠬᠤᠲᠠ ᠵᠢᠨ‌ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠳᠥᠷᠪᠡᠳᠦᠭᠡᠷ ᠤᠳᠠᠭᠠᠨ ᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠱᠦᠵᠢ ᠼᠤᠤ ᠶᠠᠨ ᠯᠢᠨ ᠬᠤᠷᠠᠯ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶᠠᠨ ᠤ ᠭᠤᠣᠯ ᠤᠳᠤᠷᠢᠳᠤᠯᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠰᠤᠷᠭᠠᠨ ᠬᠥᠮᠦᠵᠢᠯ ᠢ ᠴᠡᠭᠴᠡᠯᠡᠬᠦ ᠠᠵᠢᠯ ᠤᠨ ᠠᠯᠪᠠᠨ ᠭᠡᠷ ᠤᠨ ᠠᠵᠢᠯᠲᠠᠳ ᠠᠬᠢᠭᠤᠯᠬᠤ ᠬᠤᠷᠠᠯ ᠳᠤ ᠣᠷᠣᠯᠴᠠᠪᠠ᠃
   ᠬᠤᠷᠠᠯ ᠳᠡᠭᠡᠷ᠎ᠡ᠂ ᠼᠤᠤ ᠶᠠᠨ ᠯᠢᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠨᠠᠢᠮᠠᠳᠤᠭᠠᠷ ᠵᠢᠯᠣᠭᠤᠳᠬᠤ ᠳᠤᠭᠤᠶᠢᠯᠠᠩ ᠤᠨ ᠮᠠᠨ ᠤ ᠬᠤᠳᠠ ᠶᠢᠨ ᠵᠢᠯᠤᠭᠤᠳᠤᠯᠭ᠎ᠠ ᠶᠢᠨ ᠬᠤᠭᠤᠴᠠᠭᠠᠨ ᠳᠤ ᠵᠢᠭᠠᠵᠤ ᠭᠠᠷᠭᠠᠭᠰᠠᠨ ᠥᠪᠡᠷᠮᠢᠴᠡ ᠴᠢᠨᠠᠷ ᠪᠣᠯᠤᠨ ᠨᠡᠶᠢᠲᠡᠯᠢᠭ ᠴᠢᠨᠠᠷ ᠤᠨ ᠠᠰᠠᠭᠤᠳᠠᠯ ᠢ ᠮᠡᠳᠡᠭᠳᠡᠭᠰᠡᠨ ᠪᠥᠭᠡᠳ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠬᠠᠢ ᠨᠠᠷᠢᠨ ᠨᠢᠮᠪᠠᠢ ᠳᠤᠬᠢᠷᠠᠭᠤᠯᠤᠯᠳᠠ  ᠬᠢᠪᠡ᠃ ᠬᠤᠷᠠᠯ ᠠᠴᠠ ᠰᠤᠷᠤᠯᠴᠠᠯᠭ᠎ᠠ ᠬᠥᠮᠦᠵᠢᠯ ᠤᠨ ᠱᠠᠲᠤᠨ ᠤ ᠳ᠋ᠦᠩᠨᠡᠨ ᠦᠨᠡᠯᠡᠬᠦ ᠪᠠᠷᠢᠮᠵᠢᠶ᠎ᠠ ᠶᠢᠨ ᠲᠣᠭᠤᠷᠢᠨ ᠳᠤ ᠠᠵᠢᠯ ᠤᠨ ᠳᠤᠬᠢᠷᠠᠭᠤᠯᠤᠯᠳᠠ ᠬᠢᠵᠦ᠂ ᠰᠤᠷᠭᠠᠨ ᠬᠥᠮᠦᠵᠢᠭᠦᠯᠵᠦ ᠴᠡᠭᠴᠡᠯᠡᠬᠦ ᠠᠵᠢᠯ ᠤᠨ ᠳᠤᠮᠳᠠ ᠦᠵᠡᠯ ᠰᠠᠨᠠᠭ᠎ᠠ ᠪᠠ ᠠᠯᠬᠤᠮ ᠢᠶᠠᠨ ᠨᠢᠭᠡᠳᠬᠡᠵᠦ᠂ ᠠᠵᠢᠯᠯᠠᠵᠤ ᠰᠤᠷᠤᠯᠴᠠᠬᠤ ᠵᠥᠷᠢᠴᠡᠯ ᠢ ᠵᠣᠬᠢᠰᠲᠠᠢ  ᠰᠢᠢᠳᠪᠦᠷᠢᠯᠡᠨ᠂ ᠰᠤᠷᠤᠯᠴᠠᠯᠭ᠎ᠠ ᠬᠥᠮᠦᠵᠢᠯ ᠤᠨ ᠱᠠᠲᠤᠨ ᠤ ᠠᠯᠢᠪᠠ ᠡᠭᠦᠷᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠴᠢᠨᠠᠷ ᠢ ᠪᠠᠲᠤᠯᠠᠨ ᠪᠡᠶᠡᠯᠡᠭᠦᠯᠵᠦ᠂ ᠠᠵᠢᠯ ᠤᠨ ᠰᠢᠯᠵᠢᠯᠳᠡ ᠳᠤ ᠭᠦᠢᠴᠡᠳ ᠪᠡᠯᠡᠳᠬᠡᠯ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠱᠠᠭᠠᠷᠳᠠᠭᠰᠠᠨ ᠨᠢ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠰᠢᠪᠲᠤᠷᠭᠠᠨ ᠳᠠᠭᠠᠨ ᠣᠷᠣᠬᠤ ᠭᠡᠵᠦ ᠪᠠᠶᠢᠭ᠎ᠠ ᠪᠠ ᠪᠠᠶᠢᠴᠠᠭᠠᠨ ᠵᠠᠯᠠᠷᠠᠭᠤᠯᠬᠤ ᠭᠤᠭᠴᠤᠭ᠎ᠠ ᠤᠳᠠᠯ ᠥᠬᠡᠶ ᠡᠬᠢᠯᠡᠬᠦ ᠭᠡᠵᠦ ᠪᠠᠶᠢᠭ᠎ᠠ ᠪᠣᠳᠠᠲᠠᠶ ᠪᠠᠶᠢᠳᠠᠯ ᠳᠤ ᠴᠢᠭᠯᠡᠭᠦᠯᠦᠨ᠂ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠠᠵᠢᠯ ᠤᠨ ᠠᠯᠪᠠᠨ ᠬᠡᠷ ᠤᠨ ᠡᠯ᠎ᠡ ᠠᠵᠢᠯ ᠤᠨ ᠳᠤᠭᠤᠶᠢᠯᠠᠩ ᠵᠢᠴᠢ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠪᠣᠯᠤᠨ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠢᠶᠠᠨ ᠦᠨᠡᠨᠬᠦ ᠨᠠᠷᠢᠨ ᠨᠢᠮᠪᠠᠶ ᠬᠢᠬᠦ ᠬᠡᠷᠡᠭᠲᠡᠶ᠃ ︽ᠹᠧᠩᠵᠧᠨ‌ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠬᠡᠷᠡᠭᠵᠢᠭᠦᠯᠬᠦ ᠲᠥᠰᠦᠯ︾ ᠪᠠ ︽ᠹᠧᠩᠵᠧᠨ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠰᠤᠷᠤᠯᠴᠠᠯᠭ᠎ᠠ ᠬᠥᠮᠦᠵᠢᠯ ᠤᠨ ᠣᠷᠴᠢᠨ ᠲᠣᠭᠤᠷᠢᠨ ᠢ ᠦᠨᠡᠯᠡᠨ ᠵᠢᠱᠢᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠶᠢᠨ ᠠᠯᠳᠠᠭᠳᠠᠯ ᠢ ᠪᠦᠬᠦ ᠲᠠᠯ᠎ᠠ ᠪᠠᠷ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠵᠤᠷᠪᠤᠰ ᠳᠠᠷᠠᠭᠠᠯᠠᠨ ᠲᠠᠩᠰᠠ ᠶᠢ ᠬᠠᠷᠭᠤᠭᠤᠯᠤᠨ ᠲᠠᠩᠰᠠ ᠶᠢ ᠬᠠᠰᠤᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠬᠤᠲᠠ ᠶᠢᠨ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠬᠠᠷᠢᠴᠠᠭᠤᠯᠵᠤ᠂ ᠲᠠᠰ ᠳᠠᠷᠠᠭᠠᠯᠠᠯ ᠢ ᠴᠢᠩᠳᠠᠯᠠᠵᠤ᠂ ᠪᠠᠷᠢᠮᠵᠢᠶ᠎ᠠ ᠶᠢ ᠴᠢᠩᠭ᠎ᠠ ᠠᠳᠬᠤᠵᠤ᠂ ︽ᠭᠤᠷᠪᠠ ᠶᠢ ᠦᠵᠡᠬᠦ︾ ᠲᠠᠢ ᠤᠶᠠᠯᠳᠤᠭᠤᠯᠤᠨ᠂ ᠥᠪᠡᠷ ᠢ ᠪᠠᠨ ᠦᠨᠡᠯᠡᠬᠦ᠂ ᠳᠠᠬᠢᠨ ᠦᠨᠡᠯᠡᠬᠦ ᠶᠢ ᠰᠠᠶᠢᠲᠤᠷ ᠵᠣᠬᠢᠶᠠᠨ ᠪᠠᠶᠢᠭᠤᠯᠬᠤ ᠶᠢᠨ ᠬᠠᠮᠲᠤ ᠳᠡᠭᠡᠳᠦ ᠱᠠᠲᠤᠨ ᠤ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠶᠢ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠢᠳᠡᠪᠬᠢᠲᠡᠶ ᠥᠷᠨᠢᠭᠦᠯᠵᠦ᠂ ᠲᠣᠭᠲᠠᠭᠰᠠᠨ ᠠᠵᠢᠯᠯᠠᠭ᠎ᠠ ᠪᠠᠨ ᠪᠡᠶᠡᠯᠡᠭᠦᠯᠦᠭᠰᠡᠨ ᠥᠬᠡᠶ᠂ ᠵᠢᠱᠢᠭᠰᠡᠨ ᠦᠷ᠎ᠡ ᠪᠦᠲᠦᠮᠵᠢ ᠳᠡᠭᠡᠨ ᠬᠦᠷᠴᠦ ᠳᠡᠶᠢᠯᠦᠭᠰᠡᠨ ᠥᠬᠡᠶ ᠬᠥᠮᠦᠰ ᠲᠤ ︽ᠬᠢᠴᠢᠶᠡᠯ ᠨᠥᠬᠦᠬᠦ︾ ᠠᠵᠢᠯ ᠢ ᠱᠠᠯᠠᠪᠳᠠᠨ ᠬᠢᠬᠦ ᠬᠡᠷᠡᠭᠲᠡᠶ︔ ᠳᠡᠭᠡᠳᠦ ᠱᠠᠲᠤᠨ ᠤ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠶᠢ ᠤᠭᠲᠤᠬᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠥᠨᠳᠥᠷ ᠦᠷ᠎ᠡ ᠪᠦᠲᠦᠮᠵᠢ ᠲᠠᠢ ᠪᠠᠷ ᠲᠦᠯᠬᠢᠨ ᠠᠬᠢᠭᠤᠯᠵᠤ᠂ ᠥᠨᠳᠥᠷ ᠪᠠᠷᠢᠮᠵᠢᠶ᠎ᠠ ᠪᠠᠷ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠮᠠᠨ ᠤ ᠬᠤᠲᠠ ᠶᠢᠨ ᠰᠤᠷᠭᠠᠨ ᠬᠥᠮᠦᠵᠢᠭᠦᠯᠵᠦ ᠴᠡᠭᠴᠡᠯᠡᠬᠦ ᠠᠵᠢᠯ ᠤᠨ ᠦᠷ᠎ᠡ ᠪᠦᠲᠦᠮᠵᠢ ᠶᠢ ᠢᠯᠡᠷᠡᠭᠦᠯᠬᠦ ᠬᠡᠷᠡᠭᠲᠡᠢ᠃                        ᠨᠠᠶᠢᠷᠠᠭᠤᠯᠤᠭᠴᠢ᠄ ᠯᠢ ᠰᠧ ᠬᠤᠢ                        ᠤᠷᠴᠢᠭᠤᠯᠤᠬᠴᠢ᠄  ᠼᠦᠢ ᠶᠢᠩ    
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3