| ᠮᠠᠨ ᠤ ᠤᠯᠤᠰ ᠤᠨ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ | ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠶᠢᠨ | ᠲᠥᠯᠥᠭᠡ᠂ ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ | ᠵᠦᠪᠯᠡᠯ ᠤᠨ ᠱᠦᠵᠢ ᠼᠤᠤ ᠶᠠᠨ ᠯᠢᠨ ᠪᠦᠯᠬᠦᠮ ᠳᠠᠭᠠᠭᠤᠯᠤᠨ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠳᠤ | ᠭᠦᠨᠵᠡᠭᠡᠶᠢᠷᠡᠵᠦ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠬᠢᠨᠠᠨ | ᠵᠢᠯᠣᠭᠤᠳᠴᠤ ᠪᠠᠶᠢᠴᠠᠭᠠᠪᠠ᠃ | | ᠼᠤᠤ ᠶᠠᠨ ᠯᠢᠨ ᠨᠡᠷ ᠹᠧᠩᠵᠧᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶ᠎ᠠ᠂ ᠪᠠᠶᠢᠴᠠᠭᠠᠬᠤ ᠬᠤᠷᠢᠶ᠎ᠠ᠂ | ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠤᠪᠴᠢᠶ᠎ᠠ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠳᠤ | ᠭᠦᠨᠵᠡᠭᠡᠶᠢᠷᠡᠵᠦ᠂ ᠬᠥᠮᠦᠵᠢᠯ ᠴᠡᠭᠴᠡᠯᠡᠯᠲᠡ ᠰᠤᠷᠤᠯᠴᠠᠯᠭ᠎ᠠ ᠬᠥᠮᠦᠵᠢᠯ ᠤᠨ ᠭᠤᠭᠴᠤᠭ᠎ᠠ ᠶᠢᠨ ᠡᠯ᠎ᠡ ᠵᠦᠢᠯ ᠤᠨ ᠠᠵᠢᠯ ᠤᠨ | ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠪᠣᠯᠤᠨ ᠡᠮᠦᠨᠡᠬᠢ ᠬᠤᠭᠤᠴᠠᠭᠠᠨ ᠤ ᠬᠢᠨᠠᠨ ᠵᠢᠯᠣᠭᠤᠳᠴᠤ ᠪᠠᠶᠢᠴᠠᠭᠠᠨ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠪᠠ᠃ ᠬᠠᠷᠢᠭᠤ | ᠮᠡᠳᠡᠭᠦᠯᠦᠯᠲᠡ ᠶᠢ ᠰᠣᠨᠣᠰᠬᠤ᠂ ᠬᠠᠮᠢᠶ᠎ᠠ ᠪᠥᠬᠦᠶ ᠮᠠᠲ᠋ᠧᠷᠢᠶᠠᠯ ᠢ ᠪᠠᠶᠢᠴᠠᠭᠠᠬᠤ᠂ ᠤᠯᠤᠰ ᠲᠥᠷᠥ ᠬᠠᠤᠯᠢ ᠴᠠᠭᠠᠵᠠ ᠶᠢᠨ | ᠺᠠᠳ᠋ᠷ ᠴᠠᠭᠳᠠᠭ᠎ᠠ ᠲᠠᠢ ᠶᠠᠷᠢᠯᠴᠠᠬᠤ᠂ ᠮᠡᠳᠡᠪᠡᠰᠦ ᠵᠤᠬᠢᠬᠤ ᠵᠦᠢᠯ ᠢ ᠠᠰᠠᠭᠤᠬᠤ᠂ ᠬᠤᠪᠢ ᠬᠥᠮᠦᠨ ᠤ ᠰᠤᠷᠤᠯᠴᠠᠭᠰᠠᠨ | ᠲᠡᠮᠳᠡᠭᠯᠡᠯ ᠪᠠ ᠣᠯᠤᠯᠲᠠ ᠲᠥᠷᠥᠭᠳᠡᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ | ᠨᠢᠭᠡᠴᠡ ᠶᠢᠨ ᠲᠣᠭᠲᠠᠭᠠᠭᠰᠠᠨ ᠬᠥᠳᠡᠯᠭᠡᠭᠡᠨ ᠢ ᠪᠡᠶᠡᠯᠡᠭᠦᠯᠦᠭᠰᠡᠨ ᠪᠠᠶᠢᠳᠠᠯ ᠪᠠ ᠰᠤᠷᠤᠯᠴᠠᠭᠰᠠᠨ ᠦᠷ᠎ᠡ ᠪᠦᠲᠦᠮᠵᠢ ᠶᠢ | ᠬᠤᠪᠢᠷᠠᠭᠤᠯᠤᠭᠰᠠᠨ ᠪᠠᠶᠢᠳᠠᠯ ᠢ ᠬᠦᠢᠴᠡᠳ ᠤᠶᠢᠯᠠᠭᠠᠪᠠ᠃ ᠰᠢᠪᠠᠳᠠᠨ ᠵᠢᠯᠣᠭᠤᠳᠬᠤ ᠶᠠᠪᠤᠴᠠ ᠳᠤ ᠼᠤᠤ ᠶᠠᠨ ᠯᠢᠨ | ᠣᠯᠤᠭᠰᠠᠨ ᠠᠮᠵᠢᠯᠲᠠ ᠪᠠᠨ ᠬᠦᠢᠴᠡᠳ ᠨᠤᠲᠠᠯᠠᠵᠤ᠂ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠠ ᠠᠰᠠᠭᠤᠳᠠᠯ ᠢ | ᠲᠤᠬᠠᠶ ᠶᠢᠨ ᠲᠠᠯᠠᠪᠤᠷ ᠲᠤᠨᠢ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠤᠭᠰᠠᠨ ᠪᠥᠭᠡᠳ ᠴᠡᠭᠴᠡᠯᠡᠨ ᠰᠠᠶᠢᠵᠢᠷᠠᠭᠤᠯᠬᠤ | ᠴᠠᠭ ᠤᠨ ᠬᠢᠵᠠᠭᠠᠷ ᠢ ᠲᠣᠳᠣᠷᠬᠠᠶᠢᠯᠠᠵᠤ᠂ ᠰᠤᠷᠭᠠᠨ ᠬᠥᠮᠦᠵᠢᠭᠦᠯᠵᠦ ᠴᠡᠭᠴᠡᠯᠡᠬᠦ ᠠᠵᠢᠯ ᠢ ᠬᠤᠶᠠᠳᠤᠭᠠᠷ ᠭᠤᠭᠴᠤᠭ᠎ᠠ ᠳᠠᠰᠢ | ᠯᠠᠪᠳᠠᠭᠤᠨ ᠪᠥᠭᠡᠳ ᠪᠦᠲᠦᠮᠵᠢᠲᠡᠶ ᠪᠠᠷ ᠳᠥᠯᠭᠢᠨ ᠠᠬᠢᠭᠤᠯᠬᠤ ᠶᠢ ᠦᠨᠡᠨᠬᠦ ᠪᠠᠲᠤᠯᠠᠭᠰᠠᠨ ᠪᠠᠶᠢᠨ᠎ᠠ᠃ | ᠼᠤᠤ ᠶᠠᠨ ᠯᠢᠨ ᠵᠢᠭᠠᠬᠰᠠᠨ ᠨᠢ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠨᠢᠭᠡᠴᠡ ᠶᠢᠨ ᠬᠢᠨ | ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠯᠠᠰ ᠴᠡᠭ ᠢ ᠳᠤᠪᠤᠶᠢᠯᠭᠠᠬᠤ ᠬᠡᠷᠡᠭᠲᠡᠢ᠃ ᠰᠤᠷᠤᠯᠴᠠᠯᠭ᠎ᠠ | ᠬᠥᠮᠦᠵᠢᠯ ᠢ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠪᠦᠬᠦ ᠶᠠᠪᠤᠴᠠ ᠳᠤ ᠲᠤᠭᠤᠰᠢᠯᠠᠭᠤᠯᠵᠦ᠂ ᠢᠯᠠᠩᠭᠤᠶ᠎ᠠ | ᠳᠠᠷᠠᠭᠠᠴᠢ ᠶᠢᠨ ᠱᠠᠲᠤᠨ ᠤ ᠪᠠᠶᠢᠴᠠᠭᠠᠨ ᠵᠠᠯᠠᠷᠠᠭᠤᠯᠬᠤ ᠴᠡᠭᠴᠡᠯᠡᠨ ᠰᠠᠶᠢᠵᠢᠷᠠᠭᠤᠯᠬᠤ ᠲᠠᠢ ᠣᠷᠭᠠᠨᠢᠭ ᠢᠶᠠᠷ ᠤᠶᠠᠯᠳᠤᠭᠤᠯᠵᠤ᠂ | ᠪᠠᠶᠢᠩᠭᠤᠵᠢᠭᠰᠠᠨ᠂ ᠳᠦᠷᠢᠮᠵᠢᠭᠰᠡᠨ ᠰᠤᠷᠤᠯᠴᠠᠯᠭ᠎ᠠ ᠬᠥᠮᠦᠵᠢᠯ ᠤᠨ ᠲᠣᠭᠲᠠᠴᠠ ᠶᠢ ᠪᠦᠷᠢᠯᠳᠦᠭᠦᠯᠵᠦ᠂ ᠰᠤᠷᠤᠯᠴᠠᠬᠤ ᠪᠠᠷ | ᠪᠠᠶᠢᠴᠠᠭᠠᠬᠤ ᠶᠢ ᠠᠬᠢᠭᠤᠯᠬᠤ᠂ ᠰᠤᠷᠤᠯᠴᠠᠬᠤ ᠪᠠᠷ ᠰᠠᠶᠢᠵᠢᠷᠠᠭᠤᠯᠬᠤ ᠶᠢ ᠠᠬᠢᠭᠤᠯᠬᠤ᠂ ᠰᠤᠷᠤᠯᠴᠠᠬᠤ ᠶᠢᠨ ᠳᠠᠭᠠᠤ | ᠰᠠᠶᠢᠵᠢᠷᠠᠭᠤᠯᠬᠤ ᠶᠢ ᠪᠡᠶᠡᠯᠡᠭᠦᠯᠵᠦ᠂ ᠹᠧᠩᠵᠧᠨ ᠬᠤᠳᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠰᠤᠷᠭᠠᠨ | ᠬᠥᠮᠦᠵᠢᠯ ᠤᠨ ᠴᠡᠭᠴᠡᠯᠡᠯᠲᠡ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠬᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠢ᠃ | ᠼᠤᠤ ᠶᠠᠨ ᠯᠢᠨ ᠴᠢᠬᠤᠯᠠᠴᠢᠯᠠᠬᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠲᠦᠷᠦ ᠬᠠᠤᠯᠢ | ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ | ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ | ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠢᠮᠠᠭᠲᠠ ᠨᠢᠭᠡᠨ ᠴᠢᠬᠤᠯᠠ | ᠶᠡᠭᠡ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠯᠴᠡᠭᠦᠯᠬᠦ᠂ ᠮᠡᠳᠡᠬᠦ | ᠢᠲᠡᠭᠡᠬᠦ ᠠᠵᠢᠯᠯᠠᠬᠤ ᠶᠢ ᠨᠢᠭᠡᠳᠬᠡᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠬᠦ | ᠬᠡᠷᠡᠭᠲᠡᠶ᠃ | | ᠼᠤᠤ ᠶᠠᠨ ᠯᠢᠨ ᠱᠠᠭᠠᠷᠳᠠᠬᠰᠠᠨ ᠨᠢ᠄ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠠᠵᠢᠯᠯᠠᠭ᠎ᠠ ᠶᠢ | ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠪᠦᠬᠦ ᠶᠠᠪᠤᠴᠠ ᠳᠤ | ᠲᠤᠭᠤᠰᠢᠯᠠᠭᠤᠯᠵᠦ᠂ ᠡᠭᠦᠳᠡ ᠪᠠᠨ ᠨᠡᠭᠡᠭᠡᠨ ᠴᠡᠭᠴᠡᠯᠡᠯᠲᠡ ᠬᠢᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ | ᠴᠡᠭᠴᠡᠯᠡᠯᠲᠡ ᠶᠢᠨ ᠪᠦᠬᠦ ᠶᠠᠪᠤᠴᠠ ᠳᠤ ᠤᠯᠠᠨ ᠲᠦᠮᠡᠨ ᠤ ᠬᠢᠨᠠᠯᠲᠠ ᠶᠢ ᠬᠦᠯᠢᠶᠡᠬᠦ ᠶᠢ ᠪᠡᠶᠡᠯᠡᠭᠦᠯᠵᠦ᠂ ᠤᠯᠠᠨ ᠲᠦᠮᠡᠨ ᠤ | ᠬᠠᠯᠠᠭᠤᠨ ᠴᠡᠭ ᠤᠨ ᠪᠠ ᠬᠦᠴᠢᠷ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠲᠥᠪ ᠭᠤᠣᠯᠴᠢ ᠰᠢᠳᠤᠷᠭᠤ | ᠶᠣᠰᠣ ᠶᠢ ᠣᠯᠵᠤ ᠬᠠᠷᠠᠵᠤ᠂ ᠠᠷᠠᠳ ᠤᠯᠠᠨ ᠳᠤ ᠰᠤᠷᠭᠠᠨ ᠬᠥᠮᠦᠵᠢᠯ ᠤᠨ ᠴᠡᠭᠴᠡᠯᠡᠯᠲᠡ ᠶᠢᠨ ᠦᠷ᠎ᠡ ᠪᠦᠲᠦᠭᠡᠯ ᠢ ᠦᠨᠡᠨᠬᠦ | ᠮᠡᠳᠡᠷᠡᠭᠦᠯᠵᠦ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠷᠠᠳ ᠤᠯᠠᠨ ᠤ ᠰᠢᠨ᠎ᠡ ᠬᠦᠰᠡᠯ | ᠡᠷᠡᠮᠡᠯᠵᠡᠯ ᠳᠤ ᠨᠡᠩ ᠰᠠᠶᠢᠨ ᠬᠠᠷᠢᠭᠤᠯᠲᠠ ᠥᠭᠴᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠳᠡᠢ᠃ | | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠬᠴᠢ᠄ ᠼᠦᠢ ᠶᠢᠩ |