ᠰᠠᠶᠢᠨ ᠴᠢᠮᠡᠭᠡ  —— ᠪᠡᠶ᠎ᠡ ᠶᠢᠨ ᠦᠨᠡᠮᠯᠡᠯ ᠤᠨ ᠥᠪᠡᠷᠲᠡᠭᠡᠨ ᠦᠢᠯᠡᠴᠢᠯᠡᠬᠦ ᠮᠠᠰᠢᠨ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2021/4/9
   ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠷᠠᠳ ᠲᠤ ᠲᠥᠬᠦᠮ ᠦᠵᠡᠭᠦᠯᠬᠦ  ᠦᠢᠯᠡᠴᠢᠯᠡᠭᠡᠨ ᠤ ᠶᠠᠰᠤ ᠴᠢᠨᠠᠷ ᠢ ᠴᠢᠩᠭᠠᠳᠬᠠᠬᠤ ᠶᠢᠨ ᠲᠥᠯᠥᠭᠡ᠂ ︽ᠲᠤᠭ᠎ᠠ ᠪᠠᠷᠢᠮᠲᠠ ᠶᠢ ᠢᠯᠡᠭᠦᠬᠡᠨ  ᠬᠦᠳᠡᠯᠬᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠦᠢᠯᠡᠴᠢᠯᠡᠭᠡᠨ ᠤ ᠣᠨᠣᠯᠵᠢᠬᠤᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠣᠶᠢᠷ᠎ᠠ ᠳᠤ᠂ ᠹᠧᠩᠵᠧᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠡᠶ᠎ᠡ ᠶᠢᠨ ᠦᠨᠡᠮᠯᠡᠯ ᠤᠨ ᠥᠪᠡᠷᠲᠡᠭᠡᠨ ᠬᠦᠢᠴᠡᠳᠭᠡᠭᠦ‍ ᠨᠢᠭᠡ ᠴᠣᠭᠴᠠᠲᠤ ᠮᠠᠰᠢᠨ ᠬᠤᠳᠠᠯᠳᠤᠨ ᠠᠪᠴᠤ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠵᠡᠭᠦᠨ ᠲᠠᠯ᠎ᠠ ᠳᠤ ᠪᠠᠶᠢᠷᠢᠰᠢᠯᠠᠭᠤᠯᠵᠦ᠂ ᠲᠣᠬᠢᠷᠠᠭᠤᠯᠬᠤ ᠪᠠᠷ ᠳᠡᠮᠵᠢᠨ ᠂ ᠣᠲᠣ ᠵᠢᠩᠬᠢᠨᠢ ᠪᠠᠷ ᠰᠦᠯᠵᠢᠶᠡᠨ ᠳᠤ ᠭᠠᠷᠭᠠᠨ ᠠᠰᠢᠭᠯᠠᠯᠲᠠ ᠳᠤ ᠣᠷᠣᠭᠤᠯᠪᠠ᠃
   ᠪᠡᠶ᠎ᠡ ᠶᠢᠨ ᠦᠨᠡᠮᠯᠡᠯ ᠢ ᠥᠪᠡᠰᠦᠪᠡᠨ ᠭᠥᠯᠢᠶᠡᠨ ᠠᠪᠴᠤ ᠰᠢᠢᠳᠪᠦᠷᠢᠯᠡᠬᠦ ᠮᠠᠰᠢᠨ ᠳᠤ ᠥᠪᠡᠰᠦᠪᠡᠨ ᠰᠡᠭᠦᠳᠡᠷᠯᠡᠬᠦ ᠂ ᠥᠪᠡᠰᠦᠪᠡᠨ ᠬᠦᠢᠴᠡᠳᠭᠡᠭᠦ᠂ ᠥᠪᠡᠰᠦᠪᠡᠨ ᠭᠡᠷᠡᠴᠢ ᠠᠪᠬᠤ ᠴᠢᠳᠠᠮᠵᠢ ᠶᠢ ᠨᠢᠭᠡ ᠴᠤᠭᠴᠠᠵᠢᠭᠤᠯᠵᠤ᠂ ᠣᠯᠠᠨ ᠲᠦᠮᠡᠨ ᠤ 24 ᠴᠠᠭ ᠤᠨ ᠥᠪᠡᠰᠦᠪᠡᠨ ᠬᠦᠢᠴᠡᠳᠭᠡᠭᠦ ᠳᠤ ᠲᠥᠬᠦᠮ ᠦᠵᠡᠭᠦᠯᠦᠨ᠎ᠡ᠃ ᠡᠭᠦᠨ ᠤ ᠵᠡᠷᠭᠡ ᠳᠤ ᠪᠡᠶ᠎ᠡ ᠶᠢᠨ ᠦᠨᠡᠮᠯᠡᠯ ᠤᠨ ᠭᠡᠷᠡᠯ ᠵᠢᠷᠤᠭ ᠢ ᠣᠯᠠᠨ ᠬᠤᠪᠢ ᠰᠣᠩᠭᠤᠵᠤ ᠰᠡᠭᠦᠳᠡᠷᠯᠡᠨ ᠠᠪᠴᠤ ᠪᠣᠯᠤᠨ᠎ᠠ᠂ ᠪᠦᠬᠦ ᠶᠠᠪᠤᠴᠠ ᠶᠢ ᠭᠦᠢᠴᠡᠳᠬᠡᠬᠦ ᠳᠤ ᠲᠠᠪᠤᠬᠠᠨ ᠮᠢᠨᠦ᠋ᠲ ᠬᠡᠷᠡᠭᠰᠡᠨ᠎ᠡ᠂ ᠥᠷᠭᠡᠨ ᠤᠯᠠᠨ ᠠᠷᠠᠳ ᠲᠦᠮᠡᠨ ᠤ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠵᠢᠴᠢ ᠠᠵᠢᠯ ᠤᠨ ᠬᠤᠭᠤᠴᠠᠭᠠᠨ ᠳᠤ ᠪᠡᠶ᠎ᠡ ᠶᠢᠨ ᠦᠨᠡᠮᠯᠡᠯ ᠢᠶᠠᠨ ᠭᠦᠢᠴᠡᠳᠬᠡᠬᠦ ᠴᠠᠭ ᠦᠭᠡᠢ ᠪᠠᠶᠢᠬᠤ ᠬᠦᠴᠢᠷᠳᠡᠯ ᠢ ᠦᠨᠡᠨᠬᠦ ᠰᠢᠢᠳᠪᠦᠷᠢᠯᠡᠪᠡ᠃
   ᠪᠡᠶ᠎ᠡ ᠶᠢᠨ ᠦᠨᠡᠮᠯᠡᠯ ᠤᠨ ᠥᠪᠡᠰᠦᠪᠡᠨ ᠬᠦᠢᠴᠡᠳᠭᠡᠭᠦ ᠮᠠᠰᠢᠨ ᠢ ᠠᠰᠢᠭᠯᠠᠯᠲᠠ ᠳᠤ ᠣᠷᠣᠭᠤᠯᠤᠭᠰᠠᠨ ᠨᠢ ᠣᠯᠠᠨ ᠲᠦᠮᠡᠨ ᠳᠤ ᠹᠧᠩᠵᠧᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠬᠡᠨ ᠤ ᠰᠢᠨ᠎ᠡ ᠶᠢ ᠡᠭᠦᠳᠬᠦ ᠠᠴᠠ ᠪᠣᠯᠤᠭᠰᠠᠨ ᠳᠥᠭᠦᠮ ᠳᠥᠲᠡ  ᠦᠢᠯᠡᠴᠢᠯᠡᠭᠡ ᠶᠢ ᠦᠨᠡᠨᠬᠦ ᠮᠡᠳᠡᠷᠡᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠤᠯᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃                          ᠨᠠᠶᠢᠷᠠᠭᠤᠯᠤᠭᠴᠢ᠄ ᠯᠢ ᠰᠧ ᠬᠤᠢ                          ᠤᠷᠴᠢᠭᠤᠯᠤᠬᠴᠢ᠄  ᠼᠦᠢ ᠶᠢᠩ    
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3