| ᠡᠷᠡᠭᠦᠯ ᠢᠳᠡᠭᠡᠨ ᠤᠮᠳᠠᠭᠠᠨ ᠡᠳ᠋ᠯᠡᠬᠦ ᠶᠢ ᠠᠩᠬᠠᠷᠤᠭᠰᠠᠨ ᠰᠠᠭᠤᠷᠢᠨ ᠳᠡᠭᠡᠷ᠎ᠡ ᠰᠢᠩᠭᠡᠭᠡᠨ ᠠᠪᠬᠤ | ᠢᠯᠴᠢ ᠶᠢᠨ ᠬᠡᠮᠵᠢᠶ᠎ᠠ ᠪᠠᠨ ᠳᠤᠬᠢᠳᠠᠢ ᠡᠵᠡᠮᠳᠡᠵᠦ ᠳᠡᠶᠢᠯᠬᠦ ᠪᠤᠯ ᠵᠢᠷᠦᠬᠡ ᠪᠠᠨ ᠬᠠᠮᠠᠭᠠᠯᠠᠬᠤ ᠰᠠᠶᠢᠨ ᠠᠷᠭ᠎ᠠ ᠪᠤᠯᠤᠨ᠎ᠠ᠃ | ᠠᠮᠧᠷᠢᠺᠠ ᠶᠢᠨ ᠵᠢᠷᠦᠭᠡᠨ ᠤ ᠨᠡᠶᠢᠭᠡᠮᠯᠢᠭ ᠤᠨ ᠬᠢᠨ ᠡᠳᠦᠷ ᠳᠤᠳᠤᠮ ᠤᠨ ᠬᠦᠨᠡᠰᠦᠨ ᠳᠡᠭᠡᠨ ᠢᠳᠡᠰᠢᠨ ᠨᠤᠭᠤᠭ᠎ᠠ᠂ | ᠵᠢᠮᠢᠰ᠂ ᠨᠠᠷᠢᠮᠤ ᠶᠢᠨ ᠳᠦᠷᠦᠯ ᠤᠨ ᠢᠳᠡᠭᠡᠨ᠂ ᠦᠭᠡᠬᠦ ᠶᠢᠨ ᠠᠭᠤᠯᠤᠭᠳᠠᠴᠠ ᠪᠠᠷ ᠪᠠᠭ᠎ᠠ ᠴᠠᠭᠠᠨ ᠢᠳᠡᠭᠡᠨ᠂ | ᠳᠡᠵᠢᠭᠡᠪᠦᠷᠢ ᠵᠢᠭᠦᠷᠳᠡᠨ ᠤ ᠮᠢᠬ᠎ᠠ ᠦᠨᠳᠡᠭᠡ᠂ ᠵᠢᠭᠠᠰᠤᠨ ᠮᠢᠬ᠎ᠠ᠂ ᠰᠠᠮᠤᠷ ᠢᠯᠡᠭᠦᠦ ᠢᠳᠡᠬᠦ ᠶᠢ ᠰᠠᠨᠠᠭᠤᠯᠤᠭᠰᠠᠭᠠᠷ | ᠢᠷᠡᠵᠡᠢ᠃ ᠳᠤᠤᠷ᠎ᠠ ᠪᠢᠳᠠ ᠠᠮᠧᠷᠢᠺᠠ ᠶᠢᠨ ᠵᠢᠷᠦᠭᠡᠨ ᠤ ᠨᠡᠶᠢᠭᠡᠮᠯᠢᠭ ᠤᠨ ᠰᠠᠨᠠᠭᠤᠯᠭ᠎ᠠ ᠳᠤ ᠰᠠᠭᠤᠷᠢᠯᠠᠨ 10 | ᠵᠦᠢᠯ ᠤᠨ ᠵᠢᠷᠦᠭᠡᠨ ᠳᠤ ᠳᠤᠰᠠᠳᠠᠢ ᠢᠳᠡᠭᠡᠨ ᠢ ᠳᠠᠨᠢᠯᠴᠠᠭᠤᠯᠤᠶ᠎ᠠ᠃ ᠤᠯᠠᠭᠠᠨ ᠠᠯᠮᠤᠷᠠᠳ ᠤᠯᠠᠭᠠᠨ ᠠᠯᠮᠤᠷᠠᠳ ᠲᠤ | ᠭᠤᠮ ᠤᠨ ᠰᠢᠷ᠎ᠠ ᠡᠳ᠋ ᠭᠡᠳᠡᠭ ᠨᠢᠭᠡ ᠵᠦᠢᠯ ᠤᠨ ᠤᠷᠭᠤᠮᠠᠯ ᠤᠨ ᠬᠢᠮᠢ ᠶᠢᠨ ᠡᠯᠧᠮᠧᠨ᠋ᠲ ᠠᠭᠤᠯᠳᠠᠭ᠂ ᠲᠡᠷᠡ ᠨᠢ | ᠪᠠᠶᠢᠭᠠᠯᠢ ᠶᠢᠨ ᠦᠷᠪᠢᠰᠦᠯ ᠢ ᠡᠰᠡᠷᠭᠦᠴᠡᠬᠦ ᠦᠢᠯᠡᠳᠦᠯ ᠲᠠᠢ ᠪᠠᠶᠢᠳᠠᠭ ᠪᠦᠭᠡᠳ ᠴᠢᠰᠦ ᠪᠦᠭᠡᠮᠨᠡᠷᠡᠬᠦ ᠶᠢ ᠴᠤ | ᠰᠡᠷᠭᠡᠶᠢᠯᠡᠬᠦ ᠦᠢᠯᠡᠳᠦᠯ ᠲᠠᠢ ᠪᠠᠶᠢᠵᠤ ᠮᠡᠳᠡᠨ᠎ᠠ᠃ ᠠᠯᠮᠤᠷᠠᠳ ᠲᠤ ᠶᠡᠷᠦᠨᠢ ᠸᠢᠲ᠋ᠠᠮᠢᠨ ᠪᠠ ᠰᠢᠷᠭᠡᠭᠯᠢᠭ ᠡᠯᠪᠡᠭ | ᠠᠭᠤᠯᠳᠠᠭ᠃ ᠠᠯᠮᠤᠷᠠᠳ ᠢ ᠬᠤᠰᠢᠭ᠎ᠠ ᠪᠤᠶᠤ ᠬᠦᠢᠯᠡᠰᠦᠨ ᠴᠦᠮ᠎ᠠ ᠲᠠᠢ ᠬᠤᠯᠢᠵᠤ ᠢᠳᠡᠪᠡᠯ ᠦᠢᠯᠡᠳᠦᠯ ᠨᠢ ᠨᠡᠩ | ᠰᠠᠶᠢᠨ ᠪᠠᠶᠢᠳᠠᠭ᠂ ᠶᠠᠷᠢᠶᠠᠨ ᠦᠭᠡᠢ ᠵᠢᠵᠢᠭᠯᠡᠵᠦ ᠭᠡᠷᠴᠢᠭᠡᠳ ᠰᠠᠯᠠᠳ᠋ ᠬᠢᠵᠦ ᠢᠳᠡᠭᠰᠡᠨ ᠴᠤ ᠪᠤᠯᠤᠨ᠎ᠠ᠃ | ᠳᠠᠪᠬ᠎ᠠ ᠵᠢᠭᠠᠰᠤ ᠳᠠᠪᠬ᠎ᠠ ᠵᠢᠭᠠᠰᠤ ᠳᠤ ᠦᠭᠡᠭᠦᠨ ᠬᠦᠴᠢᠯ ᠡᠯᠪᠡᠭ ᠠᠭᠤᠯᠤᠬᠳᠠᠳᠠᠭ᠂ ᠳᠡᠭᠡᠭᠡᠳ | ᠭᠤᠤᠯᠳᠠᠭᠤ ᠦᠷᠪᠢᠰᠦᠯ ᠡᠭᠦᠰᠬᠦ ᠪᠠ ᠴᠢᠰᠦ ᠪᠦᠭᠡᠮᠨᠡᠷᠡᠬᠦ ᠠᠶᠤᠯ ᠢ ᠪᠠᠭᠠᠰᠬᠠᠵᠤ ᠵᠢᠷᠦᠬᠡ ᠶᠢ ᠬᠠᠮᠠᠭᠠᠯᠠᠳᠠᠭ᠃ | ᠦᠭᠡᠬᠦᠨ ᠬᠦᠴᠢᠯ ᠨᠢ ᠪᠠᠰᠠ ᠡᠷᠡᠭᠦᠯ ᠰᠦᠰᠦᠨ ᠤ ᠴᠢᠯᠠᠭᠤᠯᠢᠬ ᠠᠯᠺᠤᠤᠯ ᠤᠨ ᠴᠢᠨᠠᠷ ᠢ ᠪᠠᠳᠤᠯᠠᠳᠠᠭ᠃ ᠭᠠᠷᠠᠭ ᠲᠤ | ᠶᠠᠳᠠᠬᠤ ᠳᠠᠭᠠᠨ ᠬᠤᠶᠠᠷ ᠤᠳᠠᠭ᠎ᠠ ᠳᠠᠪᠬ᠎ᠠ ᠵᠢᠭᠠᠰᠤ ᠪᠤᠶᠤ ᠰᠠᠷᠳᠢᠨ ᠵᠢᠭᠠᠰᠤ᠂ ᠰᠠᠷᠢᠶ᠎ᠠ ᠵᠢᠭᠠᠰᠤ ᠮᠡᠳᠦ ᠶᠢᠨ ᠭᠦᠨ | ᠳᠠᠯᠠᠢ ᠶᠢᠨ ᠵᠢᠭᠠᠰᠤ ᠢᠳᠡᠪᠡᠯ ᠰᠠᠶᠢᠨ᠃ ᠵᠢᠷᠦᠭᠡ ᠶᠢ ᠬᠠᠮᠠᠭᠠᠯᠠᠬᠤ ᠭᠤᠤᠯ ᠢᠳᠡᠭᠡᠨ ᠤ ᠬᠤᠪᠢ ᠳᠤ᠂ ᠳᠠᠪᠬ᠎ᠠ | ᠵᠢᠭᠠᠰᠣ ᠶᠢ ᠰᠢᠷᠠᠵᠤ ᠢᠳᠡᠵᠦ ᠪᠤᠯᠤᠨ᠎ᠠ᠃ ᠶᠠᠷᠢᠶᠠᠨ ᠦᠭᠡᠢ ᠢᠳᠡᠰᠢᠨ ᠨᠤᠭᠤᠭ᠎ᠠ ᠪᠠᠷ ᠬᠠᠪᠰᠤᠷᠭᠠᠬᠤ ᠴᠢᠬᠤᠯᠠᠳᠠᠢ᠂ | ᠪᠠᠭ᠎ᠠ ᠰᠠᠭ᠎ᠠ ᠰᠠᠯᠠᠳ᠋ ᠨᠡᠮᠡᠭᠰᠡᠨ ᠴᠤ ᠪᠤᠯᠤᠨ᠎ᠠ᠂ ᠭᠡᠬᠦ ᠳᠡᠭᠡᠨ ᠰᠠᠯᠠᠳ᠋ ᠲᠠᠭᠠᠨ ᠪᠠᠭ᠎ᠠ ᠰᠠᠭ᠎ᠠ ᠨᠢᠮᠪᠡᠭᠡ ᠶᠢᠨ ᠰᠢᠭᠦᠰᠦ | ᠨᠡᠮᠡᠪᠡᠯ ᠢᠯᠴᠢ ᠶᠢᠨ ᠬᠡᠮᠵᠢᠶ᠎ᠡ ᠶᠢ ᠪᠠᠭᠤᠷᠠᠭᠤᠯᠬᠤ ᠦᠢᠯᠡᠳᠦᠯ ᠲᠠᠢ ᠪᠠᠶᠢᠳᠠᠭ᠃ | ᠬᠤᠰᠢᠭ᠎ᠠ ᠬᠤᠰᠢᠭ᠎ᠠ ᠳᠤ ᠳᠠᠩ ᠡᠰᠢᠳᠦ ᠳᠤᠳᠠᠭᠤ ᠦᠭᠡᠬᠦᠨ ᠬᠦᠴᠢᠯ᠂ ᠸᠢᠲ᠋ᠠᠮᠢᠨ E ᠪᠠ ᠪᠤᠰᠤᠳ ᠡᠷᠡᠭᠦᠯ | ᠰᠦᠰᠦᠨ ᠤ ᠴᠢᠯᠠᠭᠤᠯᠢᠬ ᠠᠯᠺᠤᠤᠯ ᠤᠨ ᠴᠢᠨᠠᠷ ᠢ ᠪᠠᠳᠤᠯᠠᠬᠤ ᠪᠠᠶᠢᠭᠠᠯᠢ ᠶᠢᠨ ᠪᠤᠳᠠᠰ ᠢ ᠠᠭᠤᠯᠳᠠᠭ᠃ | ᠬᠤᠰᠢᠭ᠎ᠠ ᠶᠢᠨ ᠪᠠᠰᠠ ᠨᠢᠭᠡ ᠳᠠᠪᠠᠭᠤᠯᠢᠬ ᠳᠠᠯ᠎ᠠ ᠨᠢ ᠴᠢᠨᠠᠷ ᠰᠠᠶᠢᠳᠠᠢ ᠦᠭᠡᠬᠦᠨ ᠬᠦᠴᠢᠯ ᠤᠨ ᠭᠤᠤᠯ ᠢᠷᠡᠯᠳᠡ | ᠪᠤᠯᠬᠤ ᠢᠳᠡᠭᠡᠨ ᠪᠠᠶᠢᠭ᠎ᠠ ᠳᠤ ᠤᠷᠤᠰᠢᠨ᠎ᠠ᠃ ᠠᠯᠮᠤᠷᠠᠳ᠂ ᠬᠤᠰᠢᠭ᠎ᠠ ᠶᠢ ᠬᠠᠪᠰᠤᠷᠭᠠᠬᠤ ᠪᠤᠯ ᠵᠢᠷᠦᠭᠡ ᠶᠢ | ᠬᠠᠮᠠᠭᠠᠯᠠᠬᠤ ᠳᠤᠩ ᠰᠠᠶᠢᠨ ᠢᠳᠡᠭᠡᠨ ᠪᠤᠯᠤᠨ᠎ᠠ᠂ ᠡᠷᠳᠡ ᠶᠢᠨ ᠬᠤᠭᠤᠯᠠᠨ ᠳᠠᠭᠠᠨ ᠢᠳᠡᠪᠡᠯ ᠨᠤᠬᠠᠢ ᠶᠢᠨ | ᠬᠤᠰᠢᠭᠤ ᠳᠠᠭᠠᠨ ᠬᠤᠯᠢᠴᠠ ᠪᠤᠯᠭᠠᠵᠤ ᠪᠤᠯᠤᠨ᠎ᠠ᠃ ᠳᠡᠭᠡᠷ᠎ᠡ ᠨᠢ ᠪᠠᠭ᠎ᠠ ᠰᠠᠭ᠎ᠠ ᠵᠦᠭᠡᠢ ᠶᠢᠨ ᠪᠡᠯ ᠨᠡᠮᠡᠭᠰᠡᠨ ᠴᠤ | ᠶᠠᠭᠠᠬᠢᠬᠤᠪ᠃ | ᠰᠦᠳᠠᠢ ᠵᠢᠮᠢᠰ ᠰᠦᠳᠠᠢ ᠵᠢᠮᠢᠰ ᠲᠤ ᠳᠠᠩ ᠡᠰᠢᠳᠦ ᠳᠤᠳᠠᠭᠤ ᠦᠭᠡᠬᠦᠨ ᠬᠦᠴᠢᠯ ᠡᠯᠪᠡᠭ ᠠᠭᠤᠯᠳᠠᠭ᠂ | ᠪᠠᠰᠠ ᠰᠦᠳᠠᠢ ᠵᠢᠮᠢᠰ ᠲᠤ ᠸᠢᠲ᠋ᠠᠮᠢᠨ ᠪᠠ ᠤᠷᠭᠤᠮᠠᠯ ᠤᠨ ᠡᠳ᠋ ᠡᠯᠪᠡᠭ ᠠᠭᠤᠯᠳᠠᠭ ᠪᠤᠯᠬᠤᠷ ᠦᠯᠦ ᠢᠰᠦᠯᠳᠦᠬᠦᠯᠬᠦ | ᠦᠢᠯᠡᠳᠦᠯ ᠭᠠᠷᠭᠠᠵᠤ ᠵᠢᠷᠦᠭᠡ ᠶᠢ ᠬᠠᠮᠠᠭᠠᠯᠠᠳᠠᠭ᠃ | ᠲᠦᠪᠡᠳ ᠬᠠᠰᠢ ᠳᠦᠪᠡᠳ ᠬᠠᠰᠢ ᠳᠤ ᠸᠢᠲ᠋ᠠᠮᠢᠨ ᠡᠯᠪᠡᠭ ᠠᠭᠤᠯᠳᠠᠭ᠂ ᠳᠦᠪᠡᠳ ᠬᠠᠰᠢ ᠶᠢᠨ | ᠪᠦᠲᠦᠭᠡᠭᠳᠡᠭᠦᠨ ᠳᠤ ᠴᠤ ᠳᠦᠪᠡᠳ ᠬᠠᠰᠢ ᠶᠢᠨ ᠤᠯᠠᠭᠠᠨ ᠡᠳ᠋ ᠡᠯᠪᠡᠭ ᠠᠭᠤᠯᠳᠠᠭ᠃ ᠳᠠᠨ ᠤ ᠡᠳᠦᠷ ᠳᠤᠳᠤᠮ ᠤᠨ | ᠢᠳᠡᠭᠡᠨ ᠤ ᠴᠢᠨᠢ ᠦᠯᠦ ᠢᠰᠦᠯᠳᠦᠭᠦᠯᠬᠦ ᠡᠳ᠋ ᠬᠠᠷᠢᠴᠠᠩᠭᠤᠢ ᠪᠠᠭ᠎ᠠ ᠪᠠᠶᠢᠬᠤ ᠪᠤᠶᠤ ᠬᠦᠷᠦᠯᠴᠡᠭᠡ ᠮᠠᠭᠤᠳᠠᠢ ᠪᠠᠶᠢᠪᠠᠯ | ᠂ ᠳᠦᠪᠡᠳ ᠬᠠᠰᠢ ᠢᠯᠡᠭᠦᠦ ᠢᠳᠡᠪᠡᠯ ᠮᠦᠨ ᠵᠢᠷᠦᠭᠡ ᠶᠢ ᠬᠠᠮᠠᠭᠠᠯᠠᠬᠤ ᠦᠢᠯᠡᠳᠦᠯ ᠦᠵᠡᠭᠦᠯᠬᠦ ᠶᠤᠰᠤᠳᠠᠢ᠃ | ᠳᠦᠪᠡᠳ ᠬᠠᠰᠢ ᠶᠢ ᠳᠦᠭᠦᠭᠡᠢ ᠪᠠᠷ᠂ ᠪᠤᠯᠭᠤᠵᠤ ᠢᠳᠡᠵᠦ ᠪᠦᠷ ᠪᠤᠯᠤᠨ᠎ᠠ᠂ ᠳᠦᠪᠡᠳ ᠬᠠᠰᠢ ᠶᠢᠨ ᠵᠢᠶᠠᠩ ᠢ ᠴᠤ | ᠡᠳᠦᠷ ᠳᠤᠳᠤᠮ ᠢᠳᠡᠵᠦ ᠪᠤᠯᠤᠨ᠎ᠠ᠃ ᠤᠯᠠᠭᠠᠨ ᠠᠷᠢᠬᠢ ᠤᠯᠠᠭᠠᠨ ᠠᠷᠢᠬᠢᠨ ᠳᠤ ᠠᠭᠤᠯᠳᠠᠭ ᠡᠯᠪᠡᠭ ᠹᠧᠨᠤᠯ ᠨᠢ | ᠵᠢᠷᠦᠭᠡᠨ ᠳᠤ ᠰᠠᠶᠢᠨ ᠳᠠᠯ᠎ᠠ ᠲᠠᠢ᠂ ᠭᠡᠪᠡᠴᠦ ᠬᠡᠮᠵᠢᠶ᠎ᠠ ᠲᠠᠢ ᠤᠤᠭᠤᠬᠤ ᠭᠡᠷᠡᠭᠳᠡᠢ᠃ ᠨᠢᠭᠡ ᠬᠦᠮᠦᠨ ᠡᠳᠦᠷ ᠲᠤ | ᠵᠦᠪᠬᠡᠨ ᠪᠠᠭ᠎ᠠ ᠯᠡ ᠬᠡᠮᠵᠢᠶᠠᠨ ᠤ ᠤᠯᠠᠭᠠᠨ ᠠᠷᠢᠬᠢ ᠤᠤᠭᠤᠪᠠᠯ ᠬᠠᠮᠤᠭ ᠰᠠᠶᠢᠨ᠃ | ᠨᠤᠬᠠᠢ ᠶᠢᠨ ᠬᠤᠰᠢᠭᠤ ᠨᠤᠬᠠᠢ ᠶᠢᠨ ᠬᠤᠰᠢᠭᠤ ᠳᠤ ᠨᠢᠭᠡ ᠵᠦᠢᠯ ᠤᠨ ᠦᠵᠦᠮ ᠤᠨ ᠪᠦᠭᠡᠮᠨᠡᠷᠡᠯ ᠰᠢᠬᠢᠷ | ᠭᠡᠳᠡᠭ ᠠᠭᠤᠰᠤᠮᠠᠳᠠᠭᠠᠢ ᠰᠢᠷᠭᠡᠭᠯᠢᠭ ᠠᠭᠤᠯᠳᠠᠭ᠂ ᠳᠡᠷᠡ ᠨᠢ ᠰᠦᠰᠦᠨ ᠤ ᠴᠢᠯᠠᠭᠤᠯᠢᠬ ᠠᠯᠺᠤᠤᠯ ᠢ | ᠪᠠᠭᠠᠰᠬᠠᠳᠠᠭ ᠢᠶᠠᠷ ᠪᠠᠷᠠᠬᠤ ᠦᠭᠡᠢ᠂ ᠰᠢᠩᠭᠡᠭᠡᠯᠳᠡ ᠶᠢᠨ ᠰᠢᠰᠲ᠋ᠧᠮ ᠤᠨ ᠡᠷᠡᠭᠦᠯ ᠮᠡᠨᠳᠦ ᠶᠢ ᠬᠠᠮᠠᠭᠠᠯᠠᠳᠠᠭ᠃ | ᠨᠤᠬᠠᠢ ᠶᠢᠨ ᠬᠤᠰᠢᠭᠤ ᠳᠤ ᠪᠠᠭ᠎ᠠ ᠬᠡᠮᠵᠢᠶᠡᠨ ᠤ ᠪᠤᠷᠠᠮ ᠪᠠ ᠬᠤᠰᠢᠭ᠎ᠠ ᠨᠡᠮᠡᠵᠦ ᠡᠷᠳᠡ ᠶᠢᠨ ᠬᠤᠭᠤᠯᠠ ᠪᠤᠯᠭᠠᠵᠤ | ᠪᠤᠯᠤᠨ᠎ᠠ᠃ ᠬᠠᠷᠢᠨ ᠰᠢᠬᠢᠷ ᠤᠨ ᠠᠭᠤᠯᠤᠭᠳᠠᠴᠠ ᠪᠠᠷ ᠭᠡᠳᠦ ᠦᠨᠳᠦᠷ ᠨᠤᠬᠠᠢ ᠶᠢᠨ ᠬᠤᠰᠢᠭᠤ ᠶᠢ ᠰᠤᠩᠭᠤᠵᠤ | ᠪᠤᠯᠬᠤ ᠦᠭᠡᠢ᠃ | ᠨᠤᠭᠤᠭᠠᠨ ᠨᠠᠪᠴᠢᠳᠤ ᠢᠳᠡᠰᠢᠨ ᠨᠤᠭᠤᠭ᠎ᠠ ᠨᠤᠭᠤᠭᠠᠨ ᠨᠠᠪᠴᠢᠲᠤ ᠢᠳᠡᠰᠢᠨ ᠨᠤᠭᠤᠭ᠎ᠠ ᠳᠤ ᠸᠢᠲ᠋ᠠᠮᠢᠨ᠂ | ᠡᠷᠦᠳᠡᠰᠦ ᠪᠠ ᠰᠢᠷᠭᠡᠭᠯᠢᠭ ᠡᠯᠪᠡᠭ ᠠᠭᠤᠯᠳᠠᠭ ᠪᠦᠭᠡᠳ ᠢᠯᠴᠢ ᠶᠢᠨ ᠬᠡᠮᠵᠢᠶ᠎ᠠ ᠨᠢ ᠳᠤᠤᠷ᠎ᠠ ᠪᠠᠶᠢᠳᠠᠭ᠃ ᠨᠤᠭᠤᠭᠠᠨ | ᠨᠠᠪᠴᠢᠲᠤ ᠢᠳᠡᠰᠢᠨ ᠨᠤᠭᠤᠭ᠎ᠠ ᠦᠷᠭᠦᠯᠵᠢ ᠢᠳᠡᠪᠡᠯ ᠨᠠᠰᠤ ᠨᠡᠮᠡᠭᠳᠡᠬᠦ ᠶᠢ ᠳᠠᠭᠠᠯᠳᠤᠨ ᠪᠤᠢ ᠪᠤᠯᠳᠠᠭ ᠴᠡᠭᠡᠵᠢᠯᠡᠬᠦ | ᠴᠢᠳᠠᠪᠤᠷᠢ ᠮᠠᠭᠤᠳᠠᠬᠤ ᠪᠠᠶᠢᠳᠠᠯ ᠢ ᠨᠠᠮᠳᠠᠭᠤᠯᠳᠠᠭ᠃ ᠵᠢᠱᠢᠶᠡᠯᠡᠪᠡᠯ ᠰᠢᠨ᠎ᠠ ᠰᠤᠷᠭᠤᠭ ᠦᠷᠭᠡᠰᠦᠳᠦ ᠨᠤᠭᠤᠭ᠎ᠠ ᠪᠠᠷ | ᠰᠠᠯᠠᠳ᠋ ᠬᠢᠵᠦ ᠢᠳᠡᠪᠠᠯ ᠰᠠᠶᠢᠨ ᠪᠠᠶᠢᠳᠠᠭ᠃ | ᠠᠷᠤᠷ᠎ᠠ ᠶᠢᠨ ᠳᠤᠰᠤ ᠠᠷᠤᠷ᠎ᠠ ᠶᠢᠨ ᠳᠤᠰᠤ ᠨᠢ ᠳᠤᠤᠷ᠎ᠠ ᠨᠢᠬᠳᠠᠴᠠᠳᠤ ᠦᠭᠡᠭᠦᠨ ᠤᠭᠤᠷᠠᠭᠳᠤ ᠰᠦᠰᠦᠨ ᠤ | ᠴᠢᠯᠠᠭᠤᠯᠢᠬ ᠠᠯᠺᠤᠤᠯ ᠤᠨ ᠵᠡᠷᠭᠡ ᠳᠡᠰ ᠢ ᠪᠠᠭᠤᠷᠠᠭᠤᠯᠬᠤ ᠪᠠᠷ ᠳᠠᠮᠵᠢᠨ ᠵᠢᠷᠦᠭᠡᠨ ᠡᠪᠡᠳᠴᠢᠨ ᠤ ᠠᠶᠤᠯ ᠢ | ᠪᠠᠭᠠᠰᠬᠠᠳᠠᠭ᠃ ᠠᠷᠤᠷ᠎ᠠ ᠶᠢᠨ ᠳᠤᠰᠤ ᠪᠤᠯ ᠭᠠᠵᠠᠷ ᠤᠨ ᠳᠤᠮᠳᠠᠳᠤ ᠳᠠᠩᠭᠢᠰ ᠤᠨ ᠤᠷᠤᠨ ᠤ ᠢᠳᠡᠭᠡᠨ ᠳᠤ | ᠳᠤᠳᠠᠭᠳᠠᠵᠤ ᠪᠤᠯᠤᠰᠢ ᠦᠭᠡᠢ ᠵᠦᠢᠯ ᠪᠤᠯᠤᠨ᠎ᠠ᠃ ᠠᠷᠤᠷ᠎ᠠ ᠶᠢᠨ ᠳᠤᠰᠤ ᠪᠠᠷ ᠬᠤᠭᠤᠯᠠ ᠬᠢᠵᠤ ᠪᠤᠯᠤᠨ᠎ᠠ᠂ ᠮᠦᠨ | ᠰᠢᠭᠤᠳ ᠳᠠᠯᠬ᠎ᠠ ᠪᠠᠨ ᠳᠦᠷᠦᠵᠦ ᠢᠳᠡᠵᠦ ᠪᠤᠯᠤᠨ᠎ᠠ᠃ | ᠰᠢᠷ᠎ᠠ ᠪᠤᠷᠴᠠᠭ ᠤᠨ ᠢᠳᠡᠭᠡᠨ ᠰᠢᠷ᠎ᠡ ᠪᠤᠷᠴᠠᠭ ᠤᠨ ᠤᠭᠤᠷᠠᠭ ᠨᠢ ᠵᠢᠷᠦᠭᠡᠨ ᠡᠪᠡᠳᠴᠢᠨ ᠢ ᠰᠡᠷᠭᠡᠶᠢᠯᠡᠬᠦ ᠳᠤ | ᠳᠤᠰᠠᠳᠠᠢ᠂ ᠤᠨᠴᠠᠭᠠᠶᠢᠢᠯᠠᠨ ᠪᠤᠷᠴᠠᠭ ᠤᠨ ᠢᠳᠡᠭᠡᠨ ᠢᠶᠠᠷ ᠤᠯᠠᠭᠠᠨ ᠢᠳᠡᠭᠡᠨ ᠢ ᠤᠷᠤᠯᠠᠭᠤᠯᠪᠠᠯ ᠬᠦᠢᠴᠡᠳ | ᠦᠭᠡᠬᠦᠨ ᠬᠦᠴᠢᠯ ᠤᠨ ᠬᠡᠮᠵᠢᠶ᠎ᠠ ᠶᠢ ᠪᠠᠭᠠᠰᠬᠠᠵᠤ᠂ ᠦᠭᠡᠬᠦᠨ ᠬᠦᠴᠢᠯ ᠤᠨ ᠳᠦᠪᠰᠢᠨ ᠢ ᠳᠡᠭᠡᠭᠰᠢᠯᠡᠭᠦᠯᠵᠦ ᠪᠤᠯᠤᠨ᠎ᠠ | ᠃ ᠡᠩ ᠤᠨ ᠦᠶ᠎ᠠ ᠳᠡᠭᠡᠨ ᠳ᠋ᠧᠦᠹᠦ᠋᠂ ᠪᠤᠷᠴᠠᠭ ᠲᠠᠢ ᠰᠦ ᠢᠯᠡᠭᠦᠭᠡᠨ ᠤᠤᠭᠤᠵᠤ ᠪᠤᠯᠤᠨ᠎ᠠ᠃ | | ᠪᠡᠯᠡᠳᠭᠡᠭᠰᠡᠨ ᠨᠢ᠄ ᠼᠦᠢ ᠶᠢᠩ | ᠢᠷᠡᠯᠳᠡ᠄ ᠰᠢᠯᠢ ᠶᠢᠨ ᠭᠤᠤᠯ ᠤᠨ ᠮᠤᠩᠭᠤᠯ ᠰᠦᠯᠵᠢᠶ᠎ᠡ |