| ᠪᠦᠬᠦ ᠬᠤᠲᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠠᠨ᠎ᠠ᠄ | ᠪᠥᠬᠦ ᠬᠤᠲᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠳᠠᠬᠢ ᠵᠢᠱᠢᠶ᠎ᠡ ᠦᠵᠡᠭᠦᠯᠵᠦ ᠬᠥᠲᠥᠯᠦᠨ | ᠳᠠᠭᠠᠭᠤᠯᠬᠤ ᠦᠢᠯᠡᠳᠦᠯ ᠢ ᠬᠦᠢᠴᠡᠳ ᠳᠠᠶᠢᠴᠢᠯᠠᠵᠤ᠂ ᠨᠠᠩ ᠣᠯᠠᠨ ᠲᠥᠯᠥᠭᠡᠯᠡᠭᠴᠢ ᠶᠢ ᠪᠦᠯᠬᠦᠮᠳᠡᠭᠦᠯᠦᠨ | ᠳᠠᠭᠠᠭᠤᠯᠬᠤ ᠶᠢᠨ ᠲᠥᠯᠥᠭᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠠᠴᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠳᠤ ︽ | ᠪᠢ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠮᠥᠨ᠂ ᠪᠢ ᠲᠠᠨ ᠢ ᠬᠠᠪᠰᠤᠷᠤᠶ᠎ᠠ︾ | ᠬᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠂ ᠣᠲᠣ ᠳᠣᠤᠷᠠᠬᠢ ᠮᠡᠲᠦ | ᠰᠠᠨᠠᠭᠠᠴᠢᠯᠠᠭ᠎ᠠ ᠭᠠᠷᠭᠠᠶ᠎ᠠ᠄ | ᠪᠦᠬᠦ ᠬᠤᠲᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ | ᠤᠬᠠᠮᠰᠠᠷ ᠢᠶᠠᠷ ︽ᠳᠥᠷᠪᠡᠨ ᠤᠬᠠᠮᠰᠠᠷ︾ ᠢ ᠪᠠᠲᠤ ᠪᠤᠶ ᠪᠤᠯᠠᠭᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠂ ᠪᠡᠶ᠎ᠡ ᠶᠢᠨ ᠭᠠᠷᠤᠯ ᠢᠶᠠᠨ ᠲᠣᠳᠣᠷᠠᠭᠤᠯᠵᠤ᠂ ᠳᠦᠷᠢ ᠲᠥᠷᠬᠦ ᠪᠠᠨ | ᠪᠣᠶ ᠪᠤᠯᠠᠭᠠᠨ᠂ ᠥᠯᠢᠭᠡᠷ ᠳᠠᠭᠤᠷᠢᠶᠠᠯ ᠪᠣᠯᠵᠣ᠂ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ | ᠭᠤᠤᠯ ᠴᠣᠭᠴᠠ ᠶᠢᠨ ᠦᠢᠯᠡᠳᠦᠯ ᠢᠶᠠᠨ ᠪᠠᠳᠠᠷᠠᠭᠤᠯᠵᠤ᠂ ᠹᠧᠩᠵᠧᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠳᠥᠯᠭᠢᠨ ᠠᠬᠢᠭᠤᠯᠬᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠠᠶᠢᠨ | ᠡᠬᠢᠯᠡᠯᠲᠡ ᠶᠢ ᠪᠡᠶᠡᠯᠡᠭᠦᠯᠬᠦ ᠦᠨᠳᠦᠷᠴᠡ ᠠᠴᠠ ᠵᠥᠪᠯᠡᠯᠭᠡ ᠰᠠᠨᠠᠭᠤᠯᠭ᠎ᠠ ᠭᠠᠷᠭᠠᠬᠤ᠂ ᠬᠢᠨᠠᠨ ᠶᠠᠷᠢᠯᠴᠠᠵᠤ ᠶᠠᠷᠢᠶ᠎ᠠ | ᠲᠠᠯᠪᠢᠬᠤ᠂ ᠪᠠᠶᠢᠴᠠᠭᠠᠨ ᠦᠵᠡᠵᠦ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠣᠯᠠᠨ ᠲᠦᠮᠡᠨ ᠤ ᠬᠦᠰᠡᠯ ᠰᠠᠨᠠᠭ᠎ᠠ ᠪᠠ ᠣᠶᠤᠨ ᠤᠬᠠᠭᠠᠨ ᠢ ᠰᠢᠢᠳᠪᠦᠷᠢᠳᠤ ᠪᠣᠳᠣᠯᠭ᠎ᠠ ᠲᠣᠭᠲᠠᠭᠠᠬᠤ ᠵᠢᠷᠤᠮ ᠳᠤ | ᠬᠠᠤᠯᠢ ᠶᠣᠰᠣᠭᠠᠷ ᠡᠮᠬᠢ ᠵᠢᠷᠤᠮ ᠲᠠᠢ ᠪᠠᠷ ᠣᠷᠣᠭᠤᠯᠬᠤ ᠶᠢ ᠳᠥᠯᠭᠢᠨ ᠠᠬᠢᠭᠤᠯᠵᠤ᠂ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠳᠥᠯᠭᠢᠨ | ᠠᠬᠢᠭᠤᠯᠬᠤ ᠬᠡᠷᠡᠭᠲᠡᠶ᠃ | ᠪᠦᠬᠦ ᠬᠤᠲᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ︽ | ᠠᠷᠠᠳ ᠤᠨ ᠲᠥᠯᠥᠭᠡᠯᠡᠭᠴᠢᠳ ᠤᠨ ᠦᠷᠦᠭᠡ︾ ᠳᠤ ᠲᠦᠰᠢᠭᠯᠡᠨ᠂ ᠭᠤᠣᠯᠳᠠᠯᠭ᠎ᠠ ᠪᠠᠨ ᠳᠣᠪᠤᠶᠢᠯᠭᠠᠨ᠂ ᠠᠷᠭ᠎ᠠ | ᠬᠡᠯᠪᠡᠷᠢ ᠪᠠᠨ ᠰᠢᠨᠡᠴᠢᠯᠡᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠷᠨᠢᠬᠦᠯᠦᠨ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ︽ | ᠲᠡᠶᠢᠯᠦᠨ᠎ᠡ︾᠂ ᠮᠠᠷᠺᠰ ᠤᠨ ᠦᠵᠡᠯ ᠶᠠᠭᠠᠬᠢᠭᠠᠳ ︽ᠪᠤᠯᠤᠨ᠎ᠠ︾᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠶᠠᠭᠠᠬᠢᠭᠠᠳ ︽ᠰᠠᠶᠢᠨ︾ ᠪᠠᠶᠢᠬᠤ ᠶᠢ ᠭᠦᠨᠵᠡᠭᠡᠶ ᠣᠶᠢᠯᠠᠭᠠᠵᠤ᠂ ︽ᠠᠷᠠᠳ ᠲᠦᠮᠡᠨ ᠨᠠᠮᠠᠶᠢ | ᠲᠥᠯᠥᠭᠡᠯᠡᠭᠴᠢ ᠪᠠᠷ ᠰᠣᠩᠭᠤᠵᠤ᠂ ᠪᠢ ᠠᠷᠠᠳ ᠲᠦᠮᠡᠨ ᠤ ᠲᠥᠯᠥᠭᠡ ᠲᠥᠯᠥᠭᠡᠯᠡᠬᠦ︾ ᠦᠢᠯᠡᠴᠢᠯᠡᠭᠡᠨ ᠤ | ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠢᠷᠮᠡᠭᠦᠨ ᠵᠣᠷᠢᠭᠲᠠᠶ ᠪᠠᠷ ᠤᠷᠤᠭᠰᠢᠯᠠᠨ | ᠲᠠᠪᠰᠢᠬᠤ᠂ ᠵᠠᠮ ᠨᠡᠭᠡᠭᠡᠨ ᠰᠢᠨ᠎ᠡ ᠶᠢ ᠡᠭᠦᠳᠬᠦ ᠴᠤᠭ ᠰᠦᠯᠳᠡ ᠪᠠ ᠰᠢᠷᠭᠠᠭᠤ ᠬᠠᠲᠠᠭᠤᠵᠢᠯᠲᠠᠶ ᠪᠠᠷ ᠠᠵᠢᠯᠯᠠᠬᠤ᠂ | ᠦᠨᠡᠨᠬᠦ ᠬᠠᠪᠰᠤᠷᠴᠤ ᠪᠣᠳᠠᠲᠠᠶ ᠪᠠᠷ ᠠᠵᠢᠯᠯᠠᠬᠤ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠶ᠃ | ᠪᠦᠬᠦ ᠬᠤᠳᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠥᠭᠦᠷᠭᠡ ᠬᠤᠯᠪᠣᠭᠠᠰᠤ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠳᠤᠮᠳᠠ ᠠᠷᠠᠳ ᠤᠨ | ᠲᠥᠯᠥᠭᠡ ᠵᠢᠳᠬᠦᠬᠦ ᠰᠡᠳᠬᠢᠯᠭᠡ ᠶᠢ ᠵᠤᠵᠠᠭᠠᠳᠬᠠᠨ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠠᠷᠠᠳ | ᠤᠯᠠᠨ ᠤ ᠳᠤᠮᠳᠠ ︽ᠭᠤᠷᠪᠠ ᠶᠢ ᠠᠰᠠᠭᠤᠬᠤ︾ ᠠᠵᠢᠯᠯᠠᠭ᠎ᠠ ᠶᠢ ᠥᠷᠭᠡᠨ ᠢᠶᠠᠷ ᠦᠷᠨᠢᠬᠦᠯᠦᠨ᠂ ᠵᠠᠰᠠᠭ ᠤᠨ | ᠶᠠᠪᠤᠳᠠᠯ᠂ ᠠᠷᠭ᠎ᠠ ᠪᠤᠳᠤᠯᠭ᠎ᠠ ᠪᠠ ᠬᠡᠷᠡᠭᠴᠡᠭᠡ ᠶᠢ ᠠᠷᠠᠳ ᠠᠴᠠ ᠠᠰᠠᠭᠤᠵᠤ᠂ ᠤᠯᠠᠨ ᠲᠦᠮᠡᠨ ᠤ ᠰᠡᠳᠬᠢᠯ ᠵᠣᠪᠠᠭ᠋ᠤ | ᠶᠠᠪᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠵᠣᠭᠤᠰ ᠮᠥᠩᠭᠦ᠂ ᠡᠳ᠋ ᠪᠣᠳᠠᠰ ᠭᠠᠷᠭᠠᠬᠤ ᠳᠤ ᠯᠠ | ᠬᠢᠵᠠᠭᠠᠷᠯᠠᠭᠳᠠᠬᠤ ᠪᠢᠰᠢ᠂ ᠥᠪᠡᠷ ᠤᠨ ᠴᠢᠳᠠᠯ ᠤᠨ ᠢᠶᠠᠨ ᠬᠢᠷᠢ ᠪᠠᠷ᠂ ᠪᠥᠬᠦ ᠲᠠᠯ᠎ᠠ ᠪᠠᠷ᠂ ᠣᠯᠠᠨ ᠬᠠᠷᠠᠭᠠᠰᠤ ᠠᠴᠠ | ᠪᠣᠳᠠᠲᠠᠶ ᠠᠵᠢᠯ ᠢ ᠬᠠᠪᠰᠤᠷᠤᠨ ᠬᠢᠵᠦ᠂ ᠳᠡᠷᠭᠡᠳᠡᠬᠢ ᠣᠯᠠᠨ ᠲᠦᠮᠡᠨ ᠢ ᠬᠠᠪᠰᠤᠷᠤᠨ ᠲᠠᠷᠢᠶᠠᠴᠢᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠡᠷᠢᠵᠦ᠂ | ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠪᠠᠶᠠᠵᠢᠯ ᠤᠨ ᠲᠤᠷᠰᠢᠯᠭ᠎ᠠ ᠶᠢ ᠤᠯᠠᠮᠵᠢᠯᠠᠨ ᠲᠠᠷᠬᠠᠭᠠᠵᠤ᠂ | ᠬᠥᠭᠵᠢᠯᠲᠡ ᠶᠢᠨ ᠪᠡᠷᠬᠡ ᠰᠡᠳᠦᠪ ᠢ ᠰᠢᠢᠳᠪᠦᠷᠢᠯᠡᠨ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ︽ᠪᠢ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠮᠥᠨ᠂ ᠪᠢ ᠲᠠᠨ ᠢ ᠬᠠᠪᠰᠤᠷᠤᠶ᠎ᠠ︾ ᠬᠡᠬᠦ ᠦᠢᠯᠡᠳᠦᠯᠬᠡ ᠶᠢᠨ ᠠᠵᠢᠯᠯᠠᠭ᠎ᠠ ᠳᠤᠮᠳᠠ ᠨᠠᠭᠠᠳᠤ ᠵᠠᠬ᠎ᠠ ᠳᠠᠭᠠᠨ ᠨᠢᠭᠡ | ᠪᠣᠳᠠᠲᠠᠶ ᠠᠵᠢᠯ ᠢ ᠬᠠᠪᠰᠤᠷᠤᠨ ᠬᠢᠬᠦ ᠶᠢ ᠦᠨᠡᠨᠬᠦ ᠪᠠᠲᠤᠯᠠᠬᠤ ᠬᠡᠷᠡᠭᠲᠡᠶ᠃ | ᠪᠦᠬᠦ ᠬᠤᠳᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠬᠤᠳᠠ ᠶᠢᠨ ᠨᠠᠮ ᠤᠨ ᠬᠤᠷᠢᠶᠠᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠪᠠᠷ ᠤᠯᠠᠨ ᠲᠦᠮᠡᠨ ᠳᠤ ᠪᠣᠳᠠᠲᠠᠢ ᠶᠠᠪᠤᠳᠠᠯ ᠬᠢᠬᠦ ᠶᠢᠨ ᠭᠠᠷᠳᠠᠬᠤ ᠴᠡᠭ ᠪᠠ | ᠬᠦᠴᠦᠯᠡᠬᠦ ᠴᠡᠭ ᠪᠣᠯᠭᠠᠵᠤ᠂ ᠤᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ | ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ | ᠵᠢᠱᠢᠶᠡᠴᠢ ᠪᠠᠷ ᠬᠥᠲᠥᠯᠥᠨ ᠳᠠᠭᠠᠭᠤᠯᠬᠤ ᠦᠢᠯᠡᠳᠦᠯ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠲᠣᠰᠬᠤᠨ ᠤ ᠪᠠᠶᠢᠳᠠᠯ ᠤᠨ ᠠᠷᠠᠳ ᠤᠨ ᠰᠠᠨᠠᠭ᠎ᠠ ᠶᠢᠨ | ᠪᠠᠶᠢᠴᠠᠭᠠᠭᠴᠢ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠤᠭᠴᠢ᠂ ᠠᠵᠢᠯ ᠤᠨ | ᠨᠠᠶᠢᠳᠠᠪᠤᠷᠢᠵᠢᠭᠤᠯᠤᠯᠲᠠ ᠶᠢᠨ ᠬᠢᠨᠠᠯᠲᠠ ᠲᠠᠯᠪᠢᠭᠴᠢ᠂ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠦᠭᠴᠢ | ᠂ ᠵᠥᠷᠢᠴᠡᠯ ᠵᠢᠭᠤᠷᠠᠯᠳᠤᠭᠠᠨ ᠢ ᠨᠠᠮᠳᠠᠭᠤᠯᠤᠭᠴᠢ᠂ ᠬᠥᠳᠡᠭᠡ ᠲᠣᠰᠬᠤᠨ ᠤ ᠥᠭᠡᠷᠡᠴᠢᠯᠡᠯᠲᠡ ᠶᠢᠨ ᠠᠬᠢᠭᠤᠯᠤᠭᠴᠢ | ᠪᠣᠯᠬᠤ ᠪᠠᠷ ᠴᠢᠷᠮᠠᠶᠢᠵᠤ᠂ ᠴᠢᠨᠠᠷ ᠰᠠᠶᠢᠲᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠵᠦ᠂ ︽ᠪᠢ ᠪᠣᠯ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢ ᠲᠠᠨ ᠢ ᠬᠠᠪᠰᠤᠷᠤᠶ᠎ᠠ︾ ᠬᠡᠬᠦ ᠦᠢᠯᠡᠳᠦᠯᠭᠡ ᠶᠢᠨ | ᠠᠵᠢᠯᠯᠠᠭ᠎ᠠ ᠶᠢᠨ ᠦᠷ᠎ᠡ ᠪᠦᠲᠦᠭᠡᠯ ᠢ ᠦᠨᠡᠨᠬᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ | ᠪᠦᠬᠦ ᠬᠤᠲᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠤᠨ ᠲᠡᠦᠬᠡ ᠶᠢ ᠭᠦᠨᠵᠡᠭᠡᠶ ᠰᠤᠷᠤᠯᠴᠠᠬᠤ ᠲᠠᠢ | ᠤᠶᠠᠯᠳᠤᠭᠤᠯᠤᠨ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠲᠠᠢ ᠤᠶᠠᠯᠳᠤᠭᠤᠯᠤᠨ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠲᠤᠰ ᠨᠢᠭᠡᠴᠡ ᠪᠣᠯᠤᠨ | ᠥᠷᠭᠡᠨ ᠣᠯᠠᠨ ᠲᠦᠮᠡᠨ ᠢ ᠳᠠᠶᠢᠴᠢᠯᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠳᠤ | ᠢᠳᠡᠪᠬᠢᠲᠡᠶ ᠣᠷᠣᠯᠴᠠᠭᠤᠯᠵᠤ᠂ ᠨᠠᠮ ᠤᠨ ᠨᠢᠭᠡ ᠰᠡᠳᠬᠢᠯ ᠢᠶᠠᠷ ᠠᠷᠠᠳ ᠤᠨ ᠲᠥᠯᠥᠭᠡ ᠭᠡᠬᠦ ᠲᠦᠷᠦ ᠪᠠᠷᠢᠬᠤ | ᠣᠶᠢᠯᠠᠭᠠᠭᠳᠠᠬᠤᠨ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠷᠠᠳ ᠤᠨ | ᠲᠥᠯᠥᠭᠡ ᠡᠭᠦᠷᠭᠡ ᠲᠤᠰᠢᠶᠠᠯ ᠢᠶᠠᠨ ᠭᠦᠢᠴᠡᠳᠬᠡᠬᠦ ᠦᠷᠳᠡᠭ ᠤᠨ ᠬᠥᠭᠡᠭᠡᠴᠡᠯᠳᠦᠯ ᠲᠠᠢ ᠨᠡᠩ ᠰᠠᠶᠢᠲᠤᠷ ᠨᠢᠬᠡᠳᠭᠡᠨ᠂ | ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ | ᠵᠠᠮ ᠢᠶᠠᠷ ᠰᠠᠶᠢᠲᠤᠷ ᠵᠠᠮᠨᠠᠨ᠂ ︽ᠪᠢ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ | ᠪᠢ ᠲᠠᠨ ᠢ ᠬᠠᠪᠰᠤᠷᠤᠶ᠎ᠠ︾ ᠬᠡᠬᠦ ᠦᠢᠯᠡᠳᠦᠯᠭᠡ ᠶᠢᠨ ᠠᠵᠢᠯᠯᠠᠭ᠎ᠠ ᠳᠤᠮᠳᠠ ᠲᠡᠷᠢᠭᠦᠨ ᠤ ᠴᠢᠨᠠᠷ ᠪᠠ ᠲᠥᠯᠥᠭᠡᠯᠡᠬᠦ | ᠴᠢᠨᠠᠷ ᠢ ᠤᠯᠠᠮ ᠨᠢᠭᠡ ᠠᠯᠬᠤᠮ ᠢᠯᠡᠷᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠳᠤᠮᠳᠠᠳᠤ ᠤᠯᠤᠰ ᠤᠨ ᠡᠪ ᠬᠠᠮᠲᠤ | ᠨᠠᠮ ᠤᠨ ᠵᠠᠭᠤᠨ ᠵᠢᠯ ᠤᠨ ᠤᠢ ᠶᠢ ᠪᠡᠯᠭᠡᠯᠡᠨ᠎ᠡ᠃ | | ᠹᠧᠩᠵᠧᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠨᠠᠮ ᠤᠨ ᠤᠳᠤᠷᠢᠳᠬᠤ ᠲᠤᠭᠤᠶᠢᠯᠠᠩ | 2021 ᠣᠨ ᠤ 4 ᠰᠠᠷ᠎ᠠ ᠶᠢᠨ 27 | | | ᠤᠷᠴᠢᠭᠤᠯᠤᠬᠴᠢ᠄ ᠼᠦᠢ ᠶᠢᠩ | |