ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠲᠣᠭᠤᠷᠢᠨ ᠪᠠᠶᠢᠴᠠᠭᠠᠬᠤ ︽ᠡᠷᠭᠢᠵᠦ ᠬᠠᠷᠠᠬᠤ︾ ᠠᠵᠢᠯ ᠤᠨ ᠲᠤᠬᠠᠢ ᠳᠠᠶᠢᠴᠢᠯᠠᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/5/11
  5 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ︽ᠡᠷᠭᠢᠵᠦ ᠬᠠᠷᠠᠬᠤ︾ ᠠᠵᠢᠯ ᠤᠨ ᠲᠤᠬᠠᠶ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠯᠪᠠᠨ ᠬᠡᠷ ᠤᠨ ᠬᠠᠷᠢᠭᠤᠴᠠᠯᠭᠠᠲᠠᠨ᠂ ᠬᠤᠲᠠ ᠶᠢᠨ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠥᠬᠦ ᠪᠦᠷᠢᠯᠳᠦᠬᠦᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠠᠵᠢᠯᠲᠠᠨ ᠨᠠᠷ ᠬᠤᠷᠠᠯ ᠳᠤ ᠣᠷᠣᠯᠴᠠᠪᠠ᠃
   ᠬᠤᠲᠠ ᠶᠢᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠠᠯᠪᠠᠨ ᠭᠡᠷ ᠤᠨ ᠬᠠᠷᠢᠭᠤᠴᠠᠯᠭᠠᠲᠠᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠲᠣᠭᠤᠷᠢᠨ ᠪᠠᠶᠢᠴᠠᠭᠠᠬᠤ ︽ᠡᠷᠬᠢᠨ ᠬᠠᠷᠠᠬᠤ︾ ᠠᠵᠢᠯ ᠢ ᠥᠷᠨᠢᠭᠦᠯᠬᠦ ᠪᠣᠯ ᠳᠡᠭᠡᠳᠦ ᠱᠠᠲᠤᠨ ᠤ ᠵᠣᠷᠢᠭ ᠰᠠᠨᠠᠭ᠎ᠠ ᠶᠢ ᠲᠤᠭᠤᠰᠢᠯᠠᠭᠤᠯᠬᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠨ᠂ ᠨᠠᠮ ᠤᠨ ᠭᠡᠰᠢᠭᠦᠨ ᠤᠳᠤᠷᠢᠳᠬᠤ ᠺᠠᠳ᠋ᠷ ᠭᠡᠬᠦ ᠡᠨᠡᠬᠦ ᠵᠠᠩᠭᠢᠯᠠᠭ᠎ᠠ ᠶᠢᠨ ᠴᠥᠭᠡᠨ ᠲᠣᠭᠠᠲᠠᠨ ᠢ ᠠᠳᠬᠤᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠬᠤ ᠶᠢ ᠰᠢᠯᠭᠠᠨ ᠪᠠᠶᠢᠴᠠᠭᠠᠬᠤ ᠪᠦᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠪᠠ ᠤᠯᠤᠰ ᠲᠦᠷᠦ ᠶᠢᠨ ᠠᠷᠭ᠎ᠠ ᠵᠠᠮ ᠮᠥᠨ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠬᠠᠮᠠᠭᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠲᠤ ᠲᠠᠯᠪᠢᠬᠤ ᠬᠢᠨᠠᠯᠲᠠ ᠶᠢ ᠴᠢᠩᠭᠠᠳᠬᠠᠬᠤ ᠶᠠᠪᠤᠳᠠᠯ ᠮᠥᠨ᠃    ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠶᠠᠷᠢᠶᠠᠨ ᠳᠠᠭᠠᠨ ᠢᠯᠡᠳᠭᠡᠭᠰᠡᠨ ᠨᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠶᠢᠨ ᠤᠳᠤᠷᠢᠳᠬᠤ ᠪᠠᠭ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠵᠠᠪᠠᠯ ᠤᠯᠤᠰ ᠲᠥᠷᠥ ᠶᠢ ᠡᠷᠬᠢᠮᠯᠡᠬᠦ᠂ ᠳᠦᠷᠢᠮ ᠭᠤᠷᠢᠮ ᠢ ᠡᠷᠬᠢᠮᠯᠡᠬᠦ᠂ ᠰᠠᠬᠢᠯᠭ᠎ᠠ ᠪᠠᠲᠤ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠲᠣᠭᠤᠷᠢᠨ ᠪᠠᠶᠢᠴᠠᠭᠠᠬᠤ ︽ᠡᠷᠭᠢᠵᠦ ᠬᠠᠷᠠᠬᠤ︾ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠤᠲᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠶᠠᠪᠤᠳᠠᠯ ᠢ ᠨᠢᠭᠡ ᠤᠳᠠᠭᠠᠨ ᠤ ᠥᠪᠡᠷ ᠤᠨ ᠪᠡᠶ᠎ᠡ ᠪᠠᠨ ᠭᠦᠨᠵᠡᠭᠡᠶ ᠡᠷᠭᠢᠴᠡᠭᠦᠯᠦᠨ ᠪᠤᠳᠤᠬᠤ ᠪᠠ ᠨᠠᠮᠴᠢ ᠴᠢᠨᠠᠷ ᠤᠨ ᠪᠣᠯᠪᠠᠰᠤᠷᠠᠯ ᠢ ᠦᠨᠡᠨᠬᠦ ᠴᠢᠩᠭᠠᠳᠬᠠᠬᠤ ᠵᠢᠴᠢ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠰᠢᠯᠭᠠᠬᠤ ᠠᠵᠠ ᠲᠣᠬᠢᠶᠠᠯ ᠪᠤᠯᠠᠭᠠᠨ᠂ ᠬᠤᠳᠠ ᠶᠢᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠦᠨᠡᠨ ᠢ ᠪᠠᠷᠢᠮᠲᠠᠯᠠᠨ ᠪᠠᠶᠢᠳᠠᠯ ᠢ ᠬᠠᠩᠭᠠᠵᠤ᠂ ᠠᠰᠠᠭᠤᠳᠠᠯ ᠢ ᠲᠤᠰᠬᠠᠨ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠦᠨᠡᠨ ᠪᠣᠳᠠᠲᠠᠢ ᠪᠠᠶᠢᠳᠠᠯ ᠢ ᠣᠶᠢᠯᠠᠭᠠᠬᠤ᠂ ᠪᠣᠳᠠᠲᠠᠢ ᠠᠰᠠᠭᠤᠳᠠᠯ ᠢ ᠢᠯᠡᠷᠡᠭᠦᠯᠬᠦ ᠪᠠ ᠲᠣᠭᠤᠷᠢᠨ ᠪᠠᠶᠢᠴᠠᠭᠠᠬᠤ ︽ᠡᠷᠬᠢᠨ ᠬᠠᠷᠠᠬᠤ︾ ᠠᠵᠢᠯ ᠤᠨ ᠵᠢᠱᠢᠭᠰᠡᠨ ᠬᠠᠷᠠᠯᠲᠠ ᠳᠤ ᠬᠦᠷᠭᠡᠭᠦ ᠶᠢ ᠪᠠᠳᠤᠯᠠᠨ᠎ᠠ᠃                            ᠨᠠᠶᠢᠷᠠᠭᠤᠯᠤᠭᠴᠢ᠄ ᠯᠢ ᠰᠧ ᠬᠤᠢ                      ᠤᠷᠴᠢᠭᠤᠯᠤᠬᠴᠢ᠄  ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3