| ᠰᠢᠨ᠎ᠡ ᠬᠢᠵᠢᠭ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠬᠤ ᠶᠢᠨ ᠲᠥᠯᠥᠭᠡ᠂ ᠮᠠᠨ ᠤ ᠬᠤᠲᠠ | ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢᠨ ᠬᠠᠮᠲᠤ ᠸᠠᠺᠼᠢᠨ ᠤ | ᠲᠠᠷᠢᠯᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠬᠥᠳᠡᠭᠡ ᠳᠤ | ᠲᠠᠷᠬᠠᠵᠤ ᠪᠠᠶᠢᠭ᠎ᠠ ᠲᠠᠷᠢᠯᠭ᠎ᠠ ᠶᠢᠨ ᠴᠡᠭ ᠤᠳ ᠢ ᠡᠮᠬᠢ ᠵᠢᠷᠤᠮ ᠲᠠᠢ ᠳᠥᠯᠭᠢᠨ ᠠᠬᠢᠭᠤᠯᠵᠤ᠂ ᠣᠷᠣᠨ ᠪᠦᠰᠡ ᠶᠢᠨ | ᠴᠠᠷᠤᠯᠲᠠ ᠶᠢᠨ ᠬᠠᠯᠬᠠᠪᠴᠢ ᠶᠢ ᠴᠢᠷᠮᠠᠶᠢᠨ ᠪᠠᠶᠢᠭᠤᠯᠪᠠ᠃ | | ᠰᠢᠨ᠎ᠡ ᠬᠤᠲᠠ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ᠂ ᠬᠤᠲᠠ ᠶᠢᠨ ᠠᠷᠠᠳ | ᠠᠮᠠᠪᠴᠢ ᠵᠡᠭᠦᠵᠦ ᠰᠡᠷᠭᠡᠶᠢᠯᠡᠬᠦ ᠲᠠᠷᠢᠯᠭ᠎ᠠ ᠶᠢᠨ ᠡᠭᠦᠳᠡᠨ ᠡᠮᠨᠡᠯᠭᠡ ᠳᠤ ᠮᠥᠷᠯᠡᠨ ᠬᠦᠯᠢᠶᠡᠵᠦ᠂ ᠡᠮᠴᠢ | ᠰᠤᠪᠢᠯᠠᠭᠴᠢ ᠶᠢᠨ ᠵᠢᠯᠣᠭᠤᠳᠣᠯᠭ᠎ᠠ ᠳᠣᠤᠷ᠎ᠠ᠂ ᠨᠣᠮᠧᠷ ᠠᠪᠴᠤ᠂ ᠪᠠᠶᠢᠳᠠᠯ ᠢ ᠯᠠᠪᠯᠠᠨ ᠠᠰᠠᠭᠤᠵᠤ᠂ ᠤᠷᠢᠳᠴᠢᠯᠠᠨ | ᠪᠠᠶᠢᠴᠠᠭᠠᠵᠤ ᠬᠤᠪᠢᠶᠠᠨ ᠣᠨᠣᠰᠢᠯᠠᠵᠤ᠂ ᠮᠡᠳᠡᠭᠡ ᠵᠠᠩᠭᠢ ᠶᠢ ᠲᠡᠮᠳᠡᠭᠯᠡᠨ᠂ ᠪᠡᠶ᠎ᠡ ᠶᠢᠨ ᠡᠷᠡᠭᠦᠯ ᠮᠡᠨᠳᠦ ᠨᠢ ᠸᠠᠺᠼᠢᠨ ᠤ | ᠲᠠᠷᠢᠯᠭ᠎ᠠ ᠬᠢᠬᠦ ᠳᠤ ᠳᠣᠭᠢᠷᠠᠭᠰᠠᠨ ᠡᠰᠡᠬᠦ ᠶᠢ ᠳᠣᠲᠣᠯᠠᠭᠰᠠᠨ ᠤ ᠳᠠᠷᠠᠭ᠎ᠠ ᠡᠬᠢᠯᠡᠨ ᠲᠠᠷᠢᠯᠭ᠎ᠠ ᠬᠢᠵᠦ᠂ ᠲᠠᠷᠢᠯᠭ᠎ᠠ | ᠲᠠᠷᠢᠬᠰᠠᠨ ᠤ ᠬᠤᠶᠢᠨ᠎ᠠ ᠪᠠᠶᠢᠳᠠᠯ ᠢ ᠠᠵᠢᠭᠯᠠᠬᠤ ᠲᠣᠭᠤᠷᠢᠭ ᠲᠤ 30 ᠮᠢᠨᠦ᠋ᠲ ᠰᠠᠭᠤᠨ᠂ ᠡᠷᠡᠭᠦᠯ ᠪᠤᠰᠤ ᠲᠤᠰᠬᠠᠯ | ᠥᠬᠡᠶ ᠪᠤᠯ ᠰᠠᠶ᠋ᠢ ᠠᠳᠡ ᠠᠴᠠ ᠰᠠᠯᠵᠤ᠂ ᠲᠤᠬᠠᠶ ᠶᠢᠨ ᠲᠠᠯᠠᠪᠤᠷ ᠤᠨ ᠲᠠᠷᠢᠯᠭ᠎ᠠ ᠶᠢᠨ ᠠᠵᠢᠯ ᠡᠮᠬᠢ ᠵᠢᠷᠤᠮ ᠲᠠᠢ | ᠶᠠᠪᠤᠬᠳᠠᠪᠠ᠃ | | ᠵᠢᠤᠢ ᠪᠦᠦ ᠵᠤᠸᠠᠩ ᠪᠠᠯᠭᠠᠰᠤᠨ ᠤ ᠮᠠ ᠵᠢᠶᠠ ᠺᠦ᠋ ᠯᠢᠶᠠᠨ ᠡᠷᠡᠭᠦᠯ ᠬᠠᠮᠠᠭᠠᠯᠠᠯ ᠤᠨ ᠬᠤᠷᠢᠶᠠᠨ ᠤ ᠲᠦᠷ | ᠴᠠᠭ ᠤᠨ ᠲᠠᠷᠢᠯᠭ᠎ᠠ ᠶᠢᠨ ᠭᠠᠵᠠᠷ ᠲᠤ᠂ ᠲᠣᠰᠬᠤᠨ ᠤ ᠠᠷᠠᠳ ᠪᠣᠯᠤᠨ ᠹᠯᠣᠷ ᠤᠨ ᠬᠢᠮᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠢᠯᠲᠠᠳ ᠴᠤ ᠸᠠᠺᠼᠢᠨ ᠤ ᠲᠠᠷᠢᠯᠭ᠎ᠠ ᠳᠤ ᠢᠳᠡᠪᠬᠢᠲᠡᠢ | ᠤᠷᠤᠯᠴᠠᠪᠠ᠃ | | ᠨᠠᠶᠢᠷᠠᠭᠤᠯᠤᠭᠴᠢ᠄ ᠵᠢᠶᠠ ᠷᠠᠨ ᠲᠦᠩ | ᠤᠷᠴᠢᠭᠤᠯᠤᠬᠴᠢ᠄ ᠼᠦᠢ ᠶᠢᠩ |