| ᠲᠦᠷᠦᠭᠦᠬᠡᠨ᠂ ᠮᠠᠨ ᠤ ᠬᠤᠲᠠ ᠪᠥᠬᠦ ᠬᠤᠲᠠ ᠶᠢᠨ ᠱᠠᠰᠢᠨ ᠰᠤᠷᠲᠠᠬᠤᠨ ᠤ ᠠᠵᠢᠯ ᠤᠨ ᠬᠠᠮᠲᠤᠷᠠᠭᠰᠠᠨ ᠬᠤᠷᠠᠯ | ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ᠂ ᠬᠤᠲᠠ ᠶᠢᠨ ᠱᠠᠰᠢᠨ ᠰᠤᠷᠲᠠᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ | ᠳᠠᠷᠤᠭ᠎ᠠ ᠳ᠋ᠧᠩ ᠰᠢᠶᠤᠤ ᠯᠢ ᠬᠤᠷᠠᠯ ᠳᠤ ᠣᠷᠣᠯᠴᠠᠭᠰᠠᠨ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠪᠡ᠃ | | ᠬᠤᠷᠠᠯ ᠳᠡᠭᠡᠷ᠎ᠡ ᠳᠡᠭᠡᠷ᠎ᠡ ᠬᠠᠭᠠᠰ ᠵᠢᠯ ᠤᠨ ᠱᠠᠰᠢᠨ ᠰᠤᠷᠲᠠᠬᠤᠨ ᠤ ᠠᠵᠢᠯ ᠢ ᠥᠷᠨᠢᠭᠦᠯᠦᠭᠰᠡᠨ ᠪᠠᠶᠢᠳᠠᠯ ᠢ | ᠵᠠᠷᠯᠠᠨ ᠮᠡᠳᠡᠭᠳᠡᠵᠦ᠂ ᠳᠡᠭᠡᠳᠦ ᠱᠠᠲᠤᠨ ᠤ ᠱᠠᠰᠢᠨ ᠰᠤᠷᠲᠠᠬᠤᠨ ᠤ ᠬᠦᠷᠢᠶᠡᠨ ᠤ ᠠᠵᠢᠯ ᠤᠨ ᠲᠤᠬᠠᠶ ᠬᠤᠯᠪᠣᠭᠳᠠᠯ | ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠮᠠᠨ ᠤ ᠬᠤᠲᠠ ᠶᠢᠨ | ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ | ᠳᠣᠭᠢᠷᠠᠭᠤᠯᠤᠨ ᠪᠠᠶᠢᠷᠢᠯᠠᠭᠤᠯᠪᠠ᠃ | ᠳ᠋ᠧᠩ ᠰᠢᠶᠤᠤ ᠯᠢ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠮᠠᠨ ᠤ | ᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠡᠬᠢᠯᠡᠯᠲᠡ ᠶᠢᠨ ᠵᠢᠯ | ᠮᠥᠨ᠂ ᠪᠠᠰᠠ ᠴᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠠᠴᠠ ᠨᠠᠭᠠᠰᠢᠬᠢ ᠱᠠᠰᠢᠨ ᠰᠤᠷᠲᠠᠬᠤᠨ ᠤ | ᠠᠵᠢᠯᠯᠠᠭᠠᠨ ᠤ ᠲᠠᠯᠠᠪᠤᠷ ᠢ ᠳᠠᠬᠢᠨ ᠨᠡᠭᠡᠭᠡᠬᠦ ᠠᠩᠬᠠᠨ ᠤ ᠵᠢᠯ ᠮᠥᠨ᠂ ᠡᠨᠡ ᠵᠢᠯ ᠤᠨ ᠱᠠᠰᠢᠨ ᠰᠤᠷᠲᠠᠬᠤᠨ ᠤ | ᠠᠵᠢᠯ ᠢ ᠰᠠᠶᠢᠲᠤᠷ ᠬᠢᠬᠦ ᠨᠢ ᠠᠯᠤᠰ ᠬᠡᠲᠦ ᠶᠢᠨ ᠠᠴᠢ ᠬᠤᠯᠪᠣᠭᠳᠠᠯ ᠲᠠᠢ ᠪᠥᠭᠡᠳ ᠬᠦᠨᠳᠦ ᠶᠡᠭᠡ | ᠬᠠᠷᠢᠭᠤᠴᠠᠯᠭ᠎ᠠ ᠲᠠᠢ ᠶᠤᠮ᠃ | ᠳ᠋ᠧᠩ ᠰᠢᠶᠤᠤ ᠯᠢ ᠴᠢᠬᠤᠯᠠᠴᠢᠯᠠᠬᠰᠠᠨ ᠨᠢ᠂ ᠪᠠᠶᠢᠳᠠᠯ ᠢ ᠲᠣᠳᠣᠷᠬᠠᠢ ᠲᠠᠨᠢᠵᠤ᠂ ᠱᠠᠰᠢᠨ ᠰᠤᠷᠲᠠᠬᠤᠨ ᠤ | ᠠᠵᠢᠯ ᠢ ᠰᠠᠶᠢᠲᠤᠷ ᠬᠢᠬᠦ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ | ᠦᠨᠡᠨᠬᠦ ᠴᠢᠩᠭᠠᠳᠬᠠᠵᠤ᠂ ᠰᠠᠨᠠᠭᠠᠴᠢᠯᠠᠭᠠᠲᠤ ᠡᠷᠬᠡ᠂ ᠭᠤᠣᠯᠯᠠᠬᠤ ᠡᠷᠬᠡ ᠪᠠ ᠦᠭᠡ ᠬᠡᠯᠡᠬᠦ ᠡᠷᠬᠡ ᠶᠢ ᠪᠠᠲᠤ | ᠡᠵᠡᠮᠰᠢᠵᠦ᠂ ᠮᠠᠨ ᠤ ᠬᠤᠲᠠ ᠶᠢᠨ ᠱᠠᠰᠢᠨ ᠰᠤᠷᠲᠠᠬᠤᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ | ᠡᠭᠦᠳᠬᠦ ᠬᠡᠷᠡᠭᠲᠡᠢ︔ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠮᠠᠨ ᠤ ᠬᠤᠲᠠ ᠶᠢᠨ ᠱᠠᠰᠢᠨ ᠰᠤᠷᠲᠠᠬᠤᠨ ᠤ | ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠬᠦᠴᠦᠯᠡᠨ ᠪᠦᠷᠢᠨᠰᠢᠭᠦᠯᠵᠦ᠂ ︽ᠱᠠᠰᠢᠨ | ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾ ᠢ ᠰᠠᠶᠢᠲᠤᠷ ᠰᠤᠷᠤᠯᠴᠠᠨ ᠲᠤᠭᠤᠰᠢᠯᠠᠭᠤᠯᠤᠨ ᠬᠡᠷᠡᠭᠵᠢᠭᠦᠯᠵᠦ᠂ | ᠱᠠᠰᠢᠨ ᠰᠤᠷᠲᠠᠬᠤᠨ ᠤ ᠠᠵᠢᠯ ᠤᠨ ᠰᠦᠯᠵᠢᠶᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ | ᠮᠠᠨ ᠤ ᠬᠤᠲᠠ ᠶᠢᠨ ᠱᠠᠰᠢᠨ ᠰᠤᠷᠲᠠᠬᠤᠨ ᠤ ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ | ᠬᠡᠷᠡᠭᠲᠡᠢ︔ ᠵᠣᠬᠢᠴᠠᠭᠤᠯᠤᠨ ᠬᠠᠮᠵᠢᠯᠴᠠᠬᠤ ᠪᠠ ᠠᠮᠤᠷ ᠲᠦᠪᠰᠢᠨ ᠤ ᠤᠬᠠᠮᠰᠠᠷ ᠢᠶᠠᠨ ᠴᠢᠩᠭᠠᠳᠬᠠᠵᠤ᠂ ᠬᠠᠷᠢᠶ᠎ᠠ | ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠵᠢᠴᠢ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠱᠠᠰᠢᠨ ᠰᠤᠷᠲᠠᠬᠤᠨ ᠤ ᠠᠵᠢᠯᠯᠠᠭ᠎ᠠ ᠶᠢᠨ | ᠲᠠᠯᠠᠪᠤᠷ ᠤᠨ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠦᠨᠡᠨᠬᠦ ᠴᠢᠩᠭᠠᠳᠬᠠᠨ᠂ | ᠴᠢᠬᠤᠯᠠ ᠶᠡᠭᠡ ᠱᠠᠰᠢᠨ ᠰᠤᠷᠲᠠᠬᠤᠨ ᠤ ᠠᠵᠢᠯᠯᠠᠭ᠎ᠠ ᠶᠢᠨ ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ | ᠪᠠᠲᠤᠯᠠᠬᠤ ᠬᠡᠷᠡᠭᠲᠡᠢ᠃ | ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠤᠯᠪᠣᠭᠳᠠᠯ ᠪᠦᠬᠦᠢ ᠤᠳᠤᠷᠢᠳᠬᠤ | ᠪᠠᠭ ᠤᠨ ᠪᠦᠷᠢᠯᠳᠦᠬᠦᠨ᠂ ᠬᠤᠳᠠ ᠶᠢᠨ ᠱᠠᠰᠢᠨ ᠰᠤᠷᠲᠠᠬᠤᠨ ᠤ ᠠᠵᠢᠯ ᠤᠨ ᠬᠠᠮᠲᠤᠷᠠᠭᠰᠠᠨ ᠬᠤᠷᠠᠯ ᠤᠨ | ᠪᠦᠷᠢᠯᠳᠦᠬᠦᠨ ᠨᠢᠭᠡᠴᠡ ᠵᠢᠴᠢ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤ᠂ | ᠬᠡᠷᠡᠭ ᠡᠷᠬᠢᠯᠡᠬᠦ ᠭᠠᠵᠠᠷ ᠤᠨ ᠨᠢᠭᠡᠳᠦᠮᠡᠯ ᠹᠷᠣᠨᠲ ᠤᠨ ᠭᠡᠰᠢᠭᠦᠳ ᠬᠤᠷᠠᠯ ᠳᠤ ᠣᠷᠣᠯᠴᠠᠪᠠ᠃ | | | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠬᠴᠢ᠄ ᠼᠦᠢ ᠶᠢᠩ |