| ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠹᠧᠩᠵᠧᠨ ᠬᠤᠲᠠ ᠶᠢᠨ | ᠪᠠᠶᠢᠴᠠᠭᠠᠬᠤ ᠬᠤᠷᠢᠶ᠎ᠠ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠬᠡ ᠶᠢᠨ | ᠠᠵᠢᠯᠯᠠᠭ᠎ᠠ ᠲᠠᠢ ᠤᠶᠠᠯᠳᠤᠭᠤᠯᠤᠨ᠂ ︽ᠪᠢ ᠪᠣᠯ ᠪᠠᠶᠢᠴᠠᠭᠠᠭᠴᠢ · ᠲᠠᠨ ᠢ ᠬᠠᠪᠰᠤᠷᠤᠶ᠎ᠠ︾ ᠭᠡᠬᠦ ᠰᠠᠶᠢᠨ | ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠤᠭᠰᠠᠨ ᠪᠥᠭᠡᠳ ᠣᠶᠢᠷ᠎ᠠ ᠳᠤ ᠬᠤᠲᠠ ᠶᠢᠨ ᠬᠤᠤᠷ | ᠴᠠᠭᠠᠵᠠᠯᠠᠬᠤ ᠶᠡᠭᠡ ᠠᠩᠭᠢ ᠲᠠᠢ ᠬᠠᠮᠲᠤᠷᠠᠨ ᠬᠤᠲᠠ ᠶᠢᠨ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ | ᠬᠦᠷᠢᠶᠡᠨ ᠳᠤ ᠬᠦᠷᠴᠦ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠭᠴᠢᠳ ᠲᠤ | ᠬᠠᠤᠯᠢ ᠪᠠᠷ ᠵᠠᠰᠠᠬᠤ ᠨᠢᠭᠡᠨ ᠣᠨᠴᠠᠭᠠᠶ ᠬᠢᠴᠢᠶᠡᠯ ᠤᠷᠤᠬᠰᠠᠨ ᠪᠠᠶᠢᠨ᠎ᠠ᠃ | | ᠹᠧᠩᠵᠧᠨ ᠬᠤᠲᠠ ᠶᠢᠨ ᠪᠠᠶᠢᠴᠠᠭᠠᠬᠤ ᠬᠤᠷᠢᠶᠠᠨ ᠤ ᠰᠠᠶᠢᠨ ᠳᠤᠷ᠎ᠠ ᠶᠢᠨ ᠦᠢᠯᠡᠴᠢᠯᠡᠭᠴᠢᠳ ᠵᠠᠯᠠᠭᠤᠴᠤᠳ | ᠪᠠᠭᠠᠴᠤᠳ ᠤᠨ ᠶᠠᠯ᠎ᠠ ᠬᠢᠬᠦ ᠣᠨᠴᠠᠯᠢᠭ ᠪᠠ ᠵᠠᠯᠠᠭᠤᠴᠤᠳ ᠪᠠᠭᠠᠴᠤᠳ ᠤᠨ ᠶᠠᠯ᠎ᠠ ᠬᠢᠬᠦ ᠶᠢ ᠬᠡᠷᠬᠢᠨ ᠰᠡᠷᠭᠡᠶᠢᠯᠡᠬᠦ | ᠬᠤᠶᠠᠷ ᠲᠠᠯ᠎ᠠ ᠠᠴᠠ ᠬᠠᠤᠯᠢ ᠪᠠᠷ ᠵᠠᠰᠠᠬᠤ ᠤᠬᠠᠭᠤᠯᠭ᠎ᠠ ᠬᠢᠵᠦ᠂ ᠨᠡᠶᠢᠭᠡᠮ ᠤᠨ ᠶᠠᠷᠢᠯᠴᠠᠭ᠎ᠠ ᠪᠤᠯᠵᠦ ᠪᠠᠶᠢᠭ᠎ᠠ | ᠨᠠᠰᠤᠨ ᠳᠤ ᠥᠯᠥ ᠭᠦᠷᠦᠭᠰᠡᠳ ᠤᠨ ᠵᠣᠷᠢᠭᠤᠳᠠ ᠬᠥᠮᠦᠨ ᠠᠯᠠᠭᠰᠠᠨ ᠬᠡᠷᠡᠭ᠂ ᠮᠡᠳᠡᠭᠡ ᠵᠠᠩᠭᠢ ᠶᠢᠨ ᠰᠦᠯᠵᠢᠶᠡᠨ ᠤ | ᠶᠠᠯᠠᠲᠤ ᠠᠵᠢᠯᠯᠠᠭ᠎ᠠ ᠶᠢ ᠬᠠᠪᠰᠤᠷᠤᠭᠰᠠᠨ ᠬᠡᠷᠡᠭ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠵᠡᠷᠭᠡ | ᠲᠠᠯ᠎ᠡ ᠶᠢᠨ ᠪᠤᠳᠠᠳᠤ ᠵᠢᠱᠢᠶ᠎ᠡ ᠪᠠᠷ ᠵᠠᠯᠠᠭᠤᠴᠤᠳ ᠪᠠᠭᠠᠴᠤᠳ ᠤᠨ ᠶᠠᠯ᠎ᠠ ᠬᠢᠬᠦ ᠬᠤᠤᠷ ᠬᠦᠨᠦᠬᠡᠯᠳᠦ ᠦᠷ᠎ᠡ ᠳ᠋ᠦᠩ ᠪᠠ | ᠥᠪᠡᠷ ᠢ ᠪᠠᠨ ᠬᠠᠮᠠᠭᠠᠯᠠᠬᠤ ᠶᠢᠨ ᠠᠴᠢ ᠬᠤᠯᠪᠣᠭᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠪᠠᠷ ᠲᠠᠶᠢᠯᠪᠤᠷᠢᠯᠠᠵᠤ᠂ | ᠰᠤᠷᠤᠭᠴᠢᠳ ᠢ ᠬᠠᠤᠯᠢ ᠴᠠᠭᠠᠵᠠ ᠶᠢᠨ ᠮᠡᠳᠡᠯᠭᠡ ᠶᠢᠨ ᠲᠠᠯ᠎ᠠ ᠪᠠᠷ ᠨᠠᠩ ᠭᠦᠨᠵᠡᠭᠡᠶ ᠲᠠᠨᠢᠯᠲᠠ ᠲᠠᠢ ᠪᠣᠯᠭᠠᠵᠤ᠂ | ᠥᠪᠡᠷ ᠢ ᠪᠠᠨ ᠰᠡᠷᠭᠡᠶᠢᠯᠡᠬᠦ ᠤᠬᠠᠮᠰᠠᠷ ᠪᠠ ᠥᠪᠡᠷ ᠢ ᠪᠠᠨ ᠠᠪᠤᠷᠬᠠᠤ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠭᠰᠡᠨ ᠪᠠᠶᠢᠨ᠎ᠠ᠃ | | ︽ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠬᠦ ᠪᠣᠯ | ᠹᠧᠩᠵᠧᠨ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠥᠷᠨᠢᠭᠦᠯᠦᠭᠰᠡᠨ ︽ᠪᠢ ᠣᠯᠠᠨ ᠲᠦᠮᠡᠨ ᠳᠤ ᠪᠣᠳᠠᠲᠠᠶ ᠠᠵᠢᠯ | ᠬᠢᠬᠦ︾ ᠦᠢᠯᠡᠳᠦᠯᠬᠡ ᠶᠢᠨ ᠠᠵᠢᠯᠯᠠᠭ᠎ᠠ ᠪᠠ ᠪᠢ ᠲᠠᠨ ᠢ ᠬᠠᠪᠰᠤᠷᠬᠤ ᠰᠠᠶᠢᠨ ᠳᠤᠷ᠎ᠠ ᠶᠢᠨ ᠦᠢᠯᠡᠴᠢᠯᠡᠭᠡᠨ ᠤ | ᠴᠢᠬᠤᠯᠠ ᠠᠷᠭ᠎ᠠ ᠬᠡᠮᠵᠢᠶ᠎ᠡ ᠮᠥᠨ᠂ ᠡᠭᠦᠨ ᠤ ᠵᠣᠷᠢᠯᠭ᠎ᠠ ᠨᠢ ᠵᠠᠯᠠᠭᠤᠴᠤᠳ ᠪᠠᠭᠠᠴᠤᠳ ᠲᠤ ᠵᠥᠪ ᠲᠠᠯ᠎ᠠ ᠶᠢᠨ᠂ | ᠢᠯᠡ ᠲᠣᠳᠣ ᠦᠰᠦᠨ ᠪᠤᠶᠢᠵᠢᠬᠤ ᠣᠷᠴᠢᠨ ᠨᠥᠬᠦᠴᠡᠯ ᠢ ᠪᠣᠶ ᠪᠣᠯᠭᠠᠨ ᠥᠭᠴᠦ᠂ ᠰᠤᠷᠤᠭᠴᠢᠳ ᠲᠤ ᠥᠯᠥ | ᠮᠡᠳᠡᠭᠳᠡᠮ᠎ᠡ ᠪᠠᠷ ᠬᠠᠤᠯᠢ ᠪᠠᠷ ᠵᠠᠰᠠᠬᠤ ᠬᠥᠮᠦᠵᠢᠯ ᠬᠦᠷᠳᠡᠭᠡᠨ᠂ ᠤᠯᠠᠭᠠᠨ ᠱᠤᠭᠤᠮ ᠢ ᠥᠯᠥ ᠬᠦᠨᠳᠡᠬᠦ᠂ ᠠᠶᠤᠩᠭᠠᠲᠤ | ᠣᠷᠣᠨ ᠢ ᠥᠯᠥ ᠳᠠᠪᠠᠭ᠋ᠤ᠂ ᠠᠮᠤᠷ ᠲᠦᠪᠰᠢᠨ ᠪᠠᠶᠠᠷ ᠬᠥᠷ ᠲᠠᠢ ᠪᠠᠷ ᠦᠰᠦᠨ ᠪᠤᠶᠢᠵᠢᠬᠤ ᠶᠢ ᠤᠬᠤᠭᠤᠯᠬᠤ ᠶᠢᠨ | ᠲᠥᠯᠥᠭᠡ ᠶᠤᠮ᠃ ᠪᠠᠰᠠ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠦᠨᠡᠨᠬᠦ | ᠴᠢᠩᠭᠠᠳᠬᠠᠵᠤ᠂ ᠰᠤᠷᠤᠭᠴᠢᠳ ᠤᠨ ︽ᠬᠠᠤᠯᠢ ᠶᠢ ᠰᠤᠷᠬᠤ᠂ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ | ᠬᠠᠤᠯᠢ ᠶᠢ ᠬᠡᠷᠡᠭᠯᠡᠬᠦ︾ ᠦᠵᠡᠯ ᠤᠬᠠᠮᠰᠠᠷ ᠢ ᠬᠦᠮᠦᠵᠢᠬᠦᠯᠦᠨ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | | | ᠤᠷᠴᠢᠭᠤᠯᠤᠬᠴᠢ᠄ ᠼᠦᠢ ᠶᠢᠩ |