ᠬᠤᠪᠢ ᠬᠥᠮᠦᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ ᠪᠥᠬᠦ ᠠᠷᠠᠳ ᠢᠶᠠᠷ ᠢᠶᠠᠨ ᠵᠣᠭᠤᠰ ᠨᠠᠭᠠᠳᠬᠤ ᠶᠢ ᠲᠡᠪᠴᠢᠨ ᠡᠰᠡᠷᠭᠦᠴᠡᠨ᠎ᠡ — ᠹᠧᠩᠵᠧᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠯᠢ ᠪᠠᠷ ᠣᠷᠣᠵᠤ ᠭᠠᠷᠬᠤ ᠳᠤᠮᠳᠠ ᠠᠩᠭᠢ ︽ᠬᠢᠯᠢ ᠠᠯᠤᠰᠯᠠᠨ ᠵᠣᠭᠤᠰ ᠨᠠᠭᠠᠳᠬᠤ ᠶᠢ ᠲᠡᠪᠴᠢᠬᠦ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/5/26
     ᠬᠢᠯᠢ ᠠᠯᠤᠰᠯᠠᠨ ᠵᠣᠭᠤᠰ ᠨᠠᠭᠠᠳᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠯᠢ ᠠᠯᠤᠰᠯᠠᠨ ᠵᠣᠭᠤᠰ ᠨᠠᠭᠠᠳᠬᠤ ᠶᠢᠨ ᠬᠦᠨᠳᠦ ᠨᠣᠴᠢᠲᠠᠶ ᠬᠤᠤᠷ ᠬᠥᠨᠥᠭᠡᠯ ᠪᠠ ᠬᠥᠮᠦᠨ ᠢ ᠮᠡᠬᠡᠯᠡᠬᠦ ᠮᠥᠨ ᠴᠢᠨᠠᠷ ᠢ ᠭᠦᠨᠵᠡᠭᠡᠶ ᠢᠯᠡᠴᠢᠯᠡᠨ᠂ ᠥᠷᠭᠡᠨ ᠣᠯᠠᠨ ᠲᠦᠮᠡᠨ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠵᠣᠭᠤᠰ ᠨᠠᠭᠠᠳᠬᠤ ᠶᠢ ᠲᠡᠪᠴᠢᠬᠦ ᠵᠣᠭᠤᠰ ᠨᠠᠭᠠᠳᠬᠤ ᠶᠢ ᠡᠰᠡᠷᠭᠦᠴᠡᠬᠦ ᠦᠵᠡᠯ ᠤᠬᠠᠮᠰᠠᠷ ᠢ ᠨᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠬᠢᠯᠢ ᠠᠯᠤᠰᠯᠠᠨ ᠵᠣᠭᠤᠰ ᠨᠠᠭᠠᠳᠬᠤ ᠶᠢ ᠲᠡᠪᠴᠢᠬᠦ︾ ᠨᠡᠶᠢᠭᠡᠮ ᠤᠨ ᠤᠬᠠᠭᠤᠯᠭ᠎ᠠ ᠬᠥᠮᠦᠵᠢᠯ ᠢ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠬᠥᠮᠦᠨ ᠣᠯᠠᠨ ᠴᠤᠭᠯᠠᠷᠠᠬᠤ ᠲᠠᠯᠠᠪᠤᠷ ᠲᠤ ᠣᠷᠣᠭᠤᠯᠬᠤ ᠶᠢ ᠶᠡᠬᠡᠪᠡᠷ ᠳᠥᠯᠭᠢᠨ ᠠᠬᠢᠭᠤᠯᠵᠤ᠂ ᠵᠣᠭᠤᠰ ᠨᠠᠭᠠᠳᠬᠤ ᠶᠢ ᠲᠡᠪᠴᠢᠬᠦ ᠵᠣᠭᠤᠰ ᠨᠠᠭᠠᠳᠬᠤ ᠶᠢ ᠡᠰᠡᠷᠭᠦᠴᠡᠬᠦ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠤᠯᠭᠠᠬᠤ ᠶᠢᠨ ᠲᠦᠯᠦᠭᠡ᠂ ᠹᠧᠩᠵᠧᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ᠂ ᠬᠢᠯᠢ ᠪᠠᠷ ᠣᠷᠣᠵᠤ ᠭᠠᠷᠬᠤ᠂ ᠰᠤᠷᠭᠠᠭᠤᠯᠢ ᠶᠢᠨ ᠠᠮᠤᠷ ᠢ ᠬᠠᠮᠠᠭᠠᠯᠠᠬᠤ᠂ ᠬᠠᠤᠯᠢ ᠲᠦᠷᠢᠮ ᠵᠡᠷᠭᠡ ᠰᠠᠯᠠᠭ᠎ᠠ ᠮᠥᠴᠢᠷ ᠬᠤᠯᠪᠣᠭᠠᠯᠠᠨ᠂ ᠪᠥᠬᠦ ᠬᠤᠲᠠ ᠳᠤ ᠨᠢᠭᠡ ᠭᠠᠷᠠᠭ ᠤᠨ ᠬᠤᠭᠤᠴᠠᠭ᠎ᠠ ᠲᠠᠢ ︽ᠬᠢᠯᠢ ᠠᠯᠤᠰᠯᠠᠨ ᠵᠣᠭᠤᠰ ᠨᠠᠭᠠᠳᠬᠤ ᠶᠢ ᠲᠡᠪᠴᠢᠬᠦ︾ ᠭᠤᠤᠯ ᠰᠡᠳᠦᠪᠲᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠪᠡ᠃
   ᠤᠬᠠᠭᠤᠯᠭ᠎ᠠ ᠶᠢᠨ ᠠᠵᠢᠯᠯᠠᠭ᠎ᠠ ᠨᠢ ᠬᠠᠷᠢᠶ᠎ᠠ ᠣᠷᠣᠨ ᠤ ᠡᠯ᠎ᠡ ᠰᠤᠷᠭᠠᠭᠤᠯᠢ᠂ ᠡᠮᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠵᠡᠷᠭᠡ ᠳᠤ ᠭᠦᠨᠵᠡᠭᠡᠶᠢᠷᠡᠨ ᠵᠢᠭᠰᠠᠭᠠᠯ ᠤᠨ ᠭᠠᠵᠠᠷ ᠤᠨ ᠤᠬᠠᠭᠤᠯᠭ᠎ᠠ ᠶᠢ ᠥᠷᠨᠢᠭᠦᠯᠵᠦ᠂ ᠨᠢᠭᠤᠷᠲᠠᠨ ᠤᠬᠠᠭᠤᠯᠤᠨ ᠲᠠᠶᠢᠯᠪᠤᠷᠢᠯᠠᠬᠤ᠂ ᠵᠣᠭᠤᠰ ᠨᠠᠭᠠᠳᠬᠤ ᠶᠢ ᠡᠰᠡᠷᠭᠦᠴᠡᠬᠦ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠵᠣᠭᠤᠰ ᠨᠠᠭᠠᠳᠬᠤ ᠳᠤ ᠬᠤᠯᠪᠣᠭᠳᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠵᠤ᠂ ᠬᠢᠯᠢ ᠠᠯᠤᠰᠯᠠᠨ ᠵᠣᠭᠤᠰ ᠨᠠᠭᠠᠳᠬᠤ ᠶᠠᠯᠠᠲᠤ ᠠᠵᠢᠯᠯᠠᠭ᠎ᠠ ᠶᠢᠨ ᠠᠷᠭ᠎ᠠ ᠪᠠᠷᠢᠯ ᠪᠠ ᠪᠣᠳᠠᠲᠠᠶ ᠬᠤᠣᠷ ᠬᠥᠨᠥᠭᠡᠯ ᠢ ᠭᠦᠨᠵᠡᠭᠡᠶ ᠢᠯᠡᠴᠢᠯᠡᠵᠦ᠂ ᠬᠢᠯᠢ ᠶᠢᠨ ᠭᠠᠳᠠᠨᠠᠬᠢ ᠵᠣᠭᠤᠰ ᠨᠠᠭᠠᠳᠬᠤ ᠭᠠᠵᠠᠷ ᠪᠠ ᠵᠣᠭᠤᠰ ᠨᠠᠭᠠᠳᠬᠤ ᠰᠦᠯᠵᠢᠶᠡᠨ ᠥᠷᠲᠡᠭᠡᠨ ᠤ ᠮᠠᠨ ᠤ ᠤᠯᠤᠰ ᠤᠨ ᠠᠷᠠᠳ ᠢᠷᠭᠡᠨ ᠳᠤ ᠵᠣᠭᠤᠰ ᠨᠠᠭᠠᠳᠬᠤ ᠠᠷᠭ᠎ᠠ ᠮᠠᠶ᠋ᠢᠭ ᠪᠠ ᠠᠷᠭ᠎ᠠ ᠪᠠᠷᠢᠯ ᠢ ᠤᠯᠠᠨ ᠲᠦᠮᠡᠨ ᠳᠤ ᠤᠬᠠᠭᠤᠯᠵᠤ᠂ ᠥᠷᠭᠡᠨ ᠤᠯᠠᠨ ᠲᠦᠮᠡᠨ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠬᠢᠯᠢ ᠠᠯᠤᠰᠯᠠᠨ ᠵᠣᠭᠤᠰ ᠨᠠᠭᠠᠳᠬᠤ ᠳᠤ ︽ᠠᠷᠪᠠ ᠮᠦᠷᠦᠶᠢᠴᠡᠪᠡᠯ ᠠᠷᠪᠠ  ᠱᠦᠭᠦᠭᠳᠡᠨ᠎ᠡ︾ ᠬᠡᠬᠦ ᠬᠥᠮᠦᠨ ᠢ ᠮᠡᠬᠡᠯᠡᠬᠦ ᠮᠥᠨ ᠴᠢᠨᠠᠷ ᠢ ᠲᠣᠳᠣᠷᠬᠠᠶ ᠲᠠᠨᠢᠭᠤᠯᠵᠤ᠂ ᠬᠢᠯᠢ ᠶᠢᠨ ᠭᠠᠳᠠᠨ᠎ᠠ ᠪᠤᠶᠤ ᠰᠦᠯᠵᠢᠶᠡᠨ ᠳᠡᠭᠡᠷ᠎ᠡ ᠵᠣᠭᠤᠰ ᠨᠠᠭᠠᠳᠬᠤ ᠳᠤ ᠣᠷᠣᠯᠴᠠᠬᠤ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠵᠣᠭᠤᠰ ᠨᠠᠭᠠᠳᠬᠤ ᠶᠢ ᠡᠰᠡᠷᠭᠦᠴᠡᠬᠦ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠶᠢᠨ ᠵᠡᠷᠭᠡᠴᠡᠭᠡᠪᠡᠷ᠂ ᠥᠷᠭᠡᠨ ᠤᠯᠠᠨ ᠲᠦᠮᠡᠨ ᠢ ᠲᠠᠶᠢᠴᠢᠯᠠᠨ ᠬᠢᠯᠢ ᠠᠯᠤᠰᠯᠠᠨ ᠵᠣᠭᠤᠰ ᠨᠠᠭᠠᠳᠤᠭᠰᠠᠨ ᠬᠤᠯᠪᠣᠭᠳᠠᠯ ᠪᠦᠬᠦᠢ ᠶᠠᠯᠠᠲᠤ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠵᠦ᠂ ᠠᠵᠤ ᠠᠬᠤᠶ ᠨᠡᠶᠢᠭᠡᠮ ᠤᠨ ᠰᠠᠶᠢᠨ ᠰᠠᠶᠢᠬᠠᠨ ᠡᠮᠬᠢ ᠵᠢᠷᠤᠮ ᠢ ᠬᠠᠮᠲᠤ ᠪᠠᠷ ᠬᠠᠮᠠᠭᠠᠯᠠᠪᠠ᠃                ᠤᠷᠴᠢᠭᠤᠯᠤᠬᠴᠢ᠄  ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3