| ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠥᠷᠭᠡᠨ ᠤᠯᠠᠨ ᠨᠠᠮ ᠤᠨ | ᠭᠡᠰᠢᠭᠦᠨ ᠺᠠᠳ᠋ᠷ ᠠᠵᠢᠯᠳᠠᠨ ᠠᠵᠢᠯᠴᠢᠨ ᠤ ᠨᠠᠮ ᠤᠨ ᠲᠡᠦᠬᠡ ᠶᠢ ᠰᠤᠷᠤᠯᠴᠠᠬᠤ᠂ ᠢᠲᠡᠭᠡᠯ ᠵᠣᠷᠢᠭ ᠢᠶᠠᠨ ᠪᠠᠲᠤᠳᠬᠠᠬᠤ | ᠂ ᠨᠠᠮ ᠢᠶᠠᠨ ᠲᠠᠭᠠᠬᠤ ᠶᠢ ᠬᠦᠳᠦᠯᠦᠨ ᠵᠢᠯᠣᠭᠤᠳᠬᠤ ᠶᠢᠨ ᠲᠥᠯᠥᠭᠡ᠂ ᠲᠦᠷᠦᠭᠦᠬᠡᠨ᠂ ᠹᠧᠩᠵᠧᠨ ᠬᠤᠲᠠ ᠶᠢᠨ | ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠥᠪ ︽ᠬᠥᠳᠡᠯᠮᠦᠷᠢ ᠶᠢᠨ ᠵᠢᠱᠢᠶᠡᠴᠢ ᠶᠢᠨ ᠨᠠᠮ ᠤᠨ | ᠲᠡᠤᠬᠡ ᠶᠢ ᠶᠠᠷᠢᠬᠤ ᠶᠢ ᠰᠣᠨᠣᠰᠴᠤ᠂ ᠣᠭ ᠰᠠᠨᠠᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠤ ᠲᠥᠯᠥᠭᠡ | ᠬᠥᠳᠡᠯᠮᠦᠷᠢ ᠶᠢᠨ ᠵᠢᠱᠢᠶᠡᠴᠢ ᠶᠢ ᠳᠠᠭᠠᠵᠤ ᠨᠠᠮ ᠤᠨ ᠲᠡᠤᠬᠡ ᠶᠢ ᠰᠤᠷᠤᠯᠴᠠᠶ᠎ᠠ︾ ᠭᠡᠬᠦ ᠭᠤᠤᠯ ᠰᠡᠳᠦᠪᠲᠦ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ | | ᠠᠵᠢᠯᠯᠠᠭ᠎ᠠ ᠶᠢᠨ ᠳᠤᠮᠳᠠ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠲᠥᠯᠥᠭᠡᠯᠡᠭᠴᠢ ᠵᠠᠩ ᠭᠧᠨ ᠵᠢᠦ ᠨᠥᠬᠦᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ | ᠰᠠᠨᠠᠭ᠎ᠠ ᠶᠢᠨ ᠲᠣᠭᠤᠷᠢᠨ ᠳᠤ᠂ ᠤᠯᠠᠨ ᠳᠤ ᠭᠤᠶᠢᠳᠠ ᠰᠠᠶᠢᠬᠠᠨ ᠠᠮᠢᠳᠤᠯᠢᠭ ᠨᠠᠮ ᠤᠨ ᠬᠢᠴᠢᠶᠡᠯ ᠢ ᠣᠷᠣᠵᠤ᠂ | ᠥᠷᠭᠡᠨ ᠤᠯᠠᠨ ᠨᠠᠮ ᠤᠨ ᠭᠡᠰᠢᠭᠦᠨ ᠺᠠᠳ᠋ᠷ ᠠᠵᠢᠯᠳᠠᠨ ᠠᠵᠢᠯᠴᠢᠨ ᠳᠤ ᠭᠦᠨ ᠬᠥᠮᠦᠵᠢᠯ ᠰᠡᠩᠬᠡᠷᠡᠭᠦᠯᠦᠯ ᠬᠦᠷᠲᠡᠭᠡᠪᠡ | ᠃ | ᠤᠯᠠᠨ ᠢᠶᠠᠷ ᠢᠶᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ | ᠬᠤᠯᠪᠣᠭᠳᠠᠯ ᠢ ᠤᠯᠠᠮ ᠴᠢᠨᠠᠭᠰᠢᠳᠠ ᠭᠦᠨᠵᠡᠭᠡᠢ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠣᠳᠣᠬᠠᠨ ᠤ ᠬᠠᠮᠤᠭ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠰᠠᠶᠢᠲᠤᠷ ᠪᠡᠶᠡᠯᠡᠭᠦᠯᠦᠨ᠂ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠲᠠᠢ ᠨᠢᠭᠲᠠ ᠤᠶᠠᠯᠳᠤᠭᠤᠯᠤᠨ᠂ ᠲᠤᠬᠠᠶᠢᠯᠠᠭᠰᠠᠨ | ᠠᠵᠢᠯ ᠤᠨ ᠪᠠᠶᠢᠷᠢ ᠳᠠᠭᠠᠨ ᠰᠠᠭᠤᠷᠢᠯᠠᠨ᠂ ᠣᠨᠣᠯ ᠤᠨ ᠰᠤᠷᠤᠯᠴᠠᠯᠭ᠎ᠠ ᠶᠢ ᠥᠭᠡᠷᠡᠴᠢᠯᠡᠯᠲᠡ ᠬᠥᠭᠵᠢᠯᠲᠡ ᠶᠢ | ᠳᠥᠯᠭᠢᠨ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠦᠢᠯᠡᠰ ᠤᠨ ᠲᠠᠰᠤᠷᠠᠯᠲᠠ ᠥᠬᠡᠶ ᠬᠥᠭᠵᠢᠨ ᠳᠠᠪᠰᠢᠬᠤ ᠶᠢ ᠳᠥᠯᠭᠢᠨ ᠠᠬᠢᠭᠤᠯᠬᠤ ᠳᠤ ᠨᠢᠭᠡ ᠬᠤᠪᠢ | ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠭᠡᠶᠢᠯᠡᠵᠡᠭᠡᠪᠡ᠃ | | | ᠨᠠᠶᠢᠷᠠᠭᠤᠯᠤᠭᠴᠢ᠄ ᠯᠢ ᠰᠧ ᠬᠤᠢ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |