ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠦᠭᠭᠦᠨ᠎ᠡ — — ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠵᠢᠤᠢ ᠪᠦᠦ ᠵᠤᠸᠠᠩ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠬᠠᠶᠢᠷ᠎ᠠ ᠬᠠᠯᠠᠮᠵᠢ ᠬᠠᠨᠳᠢᠪᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/6/28
   ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠦᠢᠯᠡᠳᠦᠯᠬᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢᠨ ᠲᠥᠯᠥᠭᠡ᠂ ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠵᠢᠤᠢ ᠪᠦᠦ ᠵᠤᠸᠠᠩ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠬᠠᠶᠢᠷ᠎ᠠ ᠬᠠᠯᠠᠮᠵᠢ ᠬᠠᠨᠳᠢᠪᠯᠠᠬᠤ ᠠᠵᠢᠯᠯᠠᠭ᠎ᠠ ᠥᠷᠨᠢᠭᠦᠯᠪᠡ᠃ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠵᠢᠤᠢ ᠪᠦᠦ ᠵᠤᠸᠠᠩ ᠪᠠᠭ᠎ᠠ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠬᠠᠨᠳᠢᠪᠯᠠᠬᠤ ᠶᠣᠰᠣᠯᠠᠯ ᠳᠤ ᠣᠷᠣᠯᠴᠠᠪᠠ᠃
   ᠬᠠᠨᠳᠢᠪᠯᠠᠬᠤ ᠶᠣᠰᠣᠯᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠰᠤᠷᠭᠠᠭᠤᠯᠢ ᠶᠢᠨ ᠬᠡᠷ ᠲᠡᠭᠡᠨ ᠬᠤᠴᠣᠷᠤᠭᠰᠠᠨ ᠬᠡᠤᠬᠡᠳ ᠵᠢᠴᠢ ᠬᠦᠴᠢᠷᠳᠡᠯᠲᠡᠶ ᠰᠤᠷᠤᠭᠴᠢᠳ ᠲᠤ ᠬᠠᠶᠢᠷ᠎ᠠ ᠬᠠᠯᠠᠮᠵᠢ ᠶᠢᠨ 2000 ᠲᠥᠭᠦᠷᠢᠭ ᠬᠠᠨᠳᠢᠪᠯᠠᠵᠤ᠂ ᠬᠡᠤᠬᠡᠳ ᠤᠳ ᠢ ᠪᠡᠶ᠎ᠡ ᠳᠡᠭᠡᠨ ᠢᠲᠡᠭᠡᠯ ᠲᠠᠢ᠂ ᠪᠡᠶ᠎ᠡ ᠪᠠᠨ ᠳᠠᠭᠠᠭᠠᠵᠤ᠂ ᠪᠡᠶ᠎ᠡ ᠪᠠᠨ ᠬᠦᠴᠦᠷᠬᠡᠭᠵᠢᠭᠦᠯᠵᠦ᠂ ᠢᠳᠡᠪᠬᠢᠲᠡᠶ ᠪᠠᠷ ᠥᠭᠡᠳᠡᠯᠡᠨ ᠳᠡᠪᠰᠢᠵᠦ᠂ ᠴᠢᠷᠮᠠᠶᠢᠨ ᠰᠤᠷᠤᠯᠴᠠᠨ᠂ ᠡᠷᠲᠡᠬᠡᠨ ᠴᠢᠳᠠᠪᠤᠷᠢᠲᠠᠨ ᠪᠤᠯᠤᠭᠠᠷᠠᠢ ᠭᠡᠵᠦ ᠵᠤᠷᠢᠭᠵᠢᠭᠤᠯᠪᠠ᠃
   ᠰᠤᠷᠤᠭᠴᠢᠳ᠄ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠦᠴᠢᠷ ᠤᠨ ᠡᠮᠦᠨ᠎ᠡ ᠬᠦᠴᠦᠯᠡᠨ ᠤᠷᠤᠭᠰᠢᠯᠠᠵᠤ᠂ ᠬᠦᠴᠦᠷᠬᠡᠭᠵᠢᠬᠦ ᠪᠠᠷ ᠬᠦᠴᠦᠯᠡᠨ᠂ ᠴᠢᠷᠮᠠᠶᠢᠨ ᠰᠤᠷᠤᠯᠴᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠡᠴᠢᠭᠡ ᠡᠬᠡ ᠶᠢᠨ ᠢᠶᠠᠨ ᠥᠰᠬᠡᠨ ᠬᠥᠮᠦᠵᠢᠭᠦᠯᠦᠭᠰᠡᠨ ᠠᠴᠢ ᠪᠠ ᠨᠡᠶᠢᠭᠡᠮ ᠤᠨ ᠬᠠᠯᠠᠮᠵᠢᠯᠠᠯ ᠢ ᠬᠠᠷᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠨᠠᠨᠳᠢᠨ ᠬᠦᠰᠡᠯ ᠢ ᠬᠥᠰᠡᠷᠳᠡᠭᠦᠯᠬᠦ ᠥᠬᠡᠶ ᠬᠡᠵᠦ ᠢᠯᠡᠷᠭᠡᠶᠢᠯᠡᠵᠡᠭᠡᠪᠡ᠃    ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ︽ᠡᠭᠦᠳᠡ ᠪᠠᠨ ᠨᠡᠭᠡᠭᠡᠵᠦ ᠢᠳᠬᠠᠯ ᠬᠤᠷᠢᠶᠠᠬᠤ︾ ᠬᠡᠯᠪᠡᠷᠢ ᠪᠠᠷ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠤᠯᠠᠨ ᠲᠦᠮᠡᠨ ᠤ ᠬᠦᠰᠡᠯ ᠰᠠᠨᠠᠯ ᠢ ᠰᠣᠨᠣᠰᠴᠤ᠂ ᠤᠯᠠᠨ ᠲᠦᠮᠡᠨ ᠤ ᠪᠤᠳᠤᠭᠰᠠᠨ ᠶᠠᠭᠠᠷᠠᠭᠰᠠᠨ ᠬᠦᠰᠡᠭᠰᠡᠨ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠡᠵᠡᠮᠰᠢᠵᠦ᠂ ᠠᠷᠠᠳ ᠤᠨ ᠲᠥᠯᠥᠭᠡ ᠡᠯ᠎ᠡ ᠵᠦᠢᠯ ᠤᠨ ᠪᠣᠳᠠᠲᠤ ᠶᠠᠪᠤᠳᠠᠯ ᠢ ᠣᠨᠣᠪᠴᠢᠲᠠᠶ ᠰᠠᠶᠢᠲᠤᠷ ᠰᠣᠩᠭᠤᠵᠤ᠂ ᠪᠣᠳᠠᠲᠠᠶ ᠨᠠᠷᠢᠯᠢᠭ ᠠᠳᠬᠤᠨ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠶᠢ ᠭᠦᠨᠵᠡᠭᠡᠶ ᠦᠷᠨᠢᠭᠦᠯᠵᠦ᠂ ᠰᠤᠷᠤᠯᠴᠠᠯᠭ᠎ᠠ ᠬᠥᠮᠦᠵᠢᠯ ᠯᠠᠪᠳᠠᠭᠤᠨ ᠪᠠᠲᠤᠲᠠᠶ ᠦᠷ᠎ᠡ ᠪᠦᠲᠦᠮᠵᠢ ᠤᠯᠪᠠ᠃           ᠤᠷᠴᠢᠭᠤᠯᠤᠭᠴᠢ᠄ ᠬᠠᠨ ᠰᠢᠶᠤᠤ ᠿᠦᠩ           ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3