【ᠪᠢ ᠲᠠᠨ ᠢ ᠬᠠᠪᠰᠤᠷᠬᠤ ᠠᠵᠢᠯᠯᠠᠭ᠎ᠠ ᠶᠠᠭ ᠶᠠᠪᠤᠬᠳᠠᠵᠦ ᠪᠤᠢ 】---- ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠠᠶᠢᠯᠢᠲ᠋ᠧ ᠺᠣᠮᠫᠠᠨᠢ ᠲᠠᠢ ᠬᠠᠮᠳᠤᠷᠠᠨ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ ᠦᠢᠯᠡᠳᠦᠯᠬᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/6/8
   ᠲᠦᠷᠦᠭᠦᠬᠡᠨ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ‌ᠠᠶᠢᠯᠢᠲ᠋ᠧ ᠺᠣᠮᠫᠠᠨᠢ ᠲᠠᠢ ᠬᠠᠮᠳᠤᠷᠠᠨ ᠶᠤᠸᠠᠨ ᠱᠠᠨ ᠽᠢ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ︽ᠪᠢ ᠪᠣᠯ ᠨᠠᠮ ᠤᠨ ᠭᠡᠰᠢᠭᠦᠨ᠂ ᠪᠢ  ᠲᠠᠨ ᠢ ᠬᠠᠪᠰᠤᠷᠤᠨ᠎ᠠ︾ ᠭᠡᠬᠦ ᠬᠡᠷ ᠲᠡᠭᠡᠨ ᠬᠤᠴᠣᠷᠤᠭᠰᠠᠨ ᠬᠡᠤᠬᠡᠳ ᠢ ᠬᠠᠯᠠᠮᠵᠢᠯᠠᠨ ᠬᠠᠶᠢᠷᠠᠯᠠᠬᠤ  ᠦᠢᠯᠡᠳᠦᠯᠬᠡ ᠶᠢᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠶᠢᠯᠢᠲ᠋ᠧ ᠺᠣᠮᠫᠠᠨᠢ ᠶᠢᠨ ᠨᠠᠮ ᠤᠨ ᠭᠡᠰᠢᠭᠦᠨ ᠺᠠᠳ᠋ᠷᠴᠤᠳ ᠶᠤᠸᠠᠨ ᠱᠠᠨ ᠽᠢ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠬᠡᠷ ᠲᠡᠭᠡᠨ ᠬᠤᠴᠣᠷᠤᠭᠰᠠᠨ ᠬᠡᠤᠬᠡᠳ ᠢ ᠪᠣᠯᠭᠤᠭᠠᠨ ᠲᠣᠬᠤᠨᠢᠭᠤᠯᠵᠤ᠂ 14 ᠰᠣᠷᠣᠭᠴᠢ ᠳᠤ 5000 ᠭᠠᠷᠤᠶ ᠲᠥᠭᠦᠷᠢᠭ ᠤᠨ ᠦᠨ᠎ᠡ ᠥᠷᠲᠡᠭ ᠲᠠᠢ ᠠᠶᠢᠯᠢᠲ᠋ᠧ ᠬᠦᠵᠦᠭᠦᠨ ᠤ ᠣᠷᠢᠶᠠᠯᠲᠠ᠂ ᠨᠣᠤᠯᠣᠷ ᠬᠠᠨᠲᠠᠭᠠᠰᠤ ᠶᠢᠨ ᠰᠢᠷᠢᠰ ᠦᠢᠯᠡᠳᠬᠦᠨ ᠵᠢᠴᠢ ᠦᠨᠢᠶᠡᠨ ᠰᠦ᠂ ᠪᠢᠴᠢᠭ ᠤᠨ ᠬᠡᠷᠡᠭᠰᠡᠯ ᠵᠡᠷᠭᠡ ᠲᠣᠬᠤᠨᠢᠭᠤᠯᠬᠤ ᠪᠣᠳᠠᠰ ᠬᠦᠷᠭᠡᠪᠡ᠃ ᠡᠭᠦᠨ ᠤ ᠬᠠᠮᠲᠤ ᠬᠡᠦᠬᠡᠳ ᠲᠠᠢ ᠳᠣᠲᠣᠨᠣ ᠪᠠᠷ ᠶᠠᠷᠢᠯᠴᠠᠵᠤ᠂ ᠬᠡᠦᠬᠡᠳ ᠤᠨ ᠰᠤᠷᠤᠯᠭ᠎ᠠ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠢ ᠰᠠᠶᠢᠲᠤᠷ ᠰᠤᠷᠤᠯᠴᠠᠵᠤ᠂ ᠡᠳᠦᠷ ᠠᠴᠠ ᠡᠳᠦᠷ ᠥᠭᠡᠳᠡᠯᠡᠨ ᠲᠠᠪᠰᠢᠵᠤ᠂ ᠤᠯᠤᠰ ᠤᠨ ᠲᠤᠯᠭᠠᠭᠤᠷᠢ ᠬᠦᠴᠦᠨ ᠪᠣᠯᠬᠤ ᠪᠠᠷ ᠴᠢᠷᠮᠠᠶᠢᠬᠤ ᠶᠢ ᠵᠣᠷᠢᠭᠵᠢᠭᠤᠯᠪᠠ᠃ ᠠᠵᠢᠯᠯᠠᠭ᠎ᠠ ᠨᠢ ᠰᠤᠷᠤᠭᠴᠢᠳ ᠲᠤ ᠡᠳ᠋ ᠪᠣᠳᠠᠰ ᠤᠨ ᠲᠠᠯ᠎ᠠ ᠪᠠᠷ ᠬᠢ ᠬᠠᠯᠠᠮᠵᠢᠯᠠᠯ ᠪᠠ ᠤᠶᠤᠨ ᠰᠠᠨᠠᠭᠠᠨ ᠤ ᠲᠠᠯ᠎ᠠ ᠪᠠᠷ ᠬᠢ ᠵᠣᠷᠢᠭᠵᠢᠭᠤᠯᠤᠯ ᠢ ᠬᠦᠷᠳᠡᠭᠡᠵᠦ᠂ ᠬᠡᠦᠬᠡᠳ ᠲᠤ ᠨᠠᠮ ᠤᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠪᠠ ᠬᠠᠯᠠᠭᠤᠨ ᠳᠤᠯᠠᠭᠠᠨ ᠢ ᠦᠨᠡᠨᠬᠦ ᠮᠡᠳᠡᠷᠡᠭᠦᠯᠪᠡ᠃
   ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠠᠶᠢᠯᠢᠲ᠋ᠧ ᠺᠣᠮᠫᠠᠨᠢ ᠶᠢᠨ ᠨᠠᠮ ᠤᠨ ᠭᠡᠰᠢᠭᠦᠨ ᠺᠠᠳ᠋ᠷᠴᠤᠳ ᠪᠠᠰᠠ ᠯᠢᠦ ᠶᠣᠣ ᠽᠦᠩ ᠤᠨ ᠨᠢᠭᠡ ᠨᠠᠰᠤᠨ ᠤ ᠦᠵᠡᠭᠦᠯᠦᠯᠭᠡ ᠶᠢᠨ ᠣᠷᠳᠣᠨ ᠢ ᠲᠣᠭᠤᠷᠢᠨ ᠦᠵᠡᠵᠦ᠂ ᠬᠤᠪᠢᠰᠬᠠᠯ ᠤᠨ ᠤᠯᠠ ᠮᠥᠷ ᠢ ᠡᠷᠢᠯᠬᠢᠯᠡᠨ᠂ ᠬᠤᠪᠢᠰᠬᠠᠯ ᠤᠨ ᠭᠧᠨ ᠢ ᠤᠯᠠᠮᠵᠢᠯᠠᠵᠤ᠂ ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠪᠠ᠃                    ᠨᠠᠶᠢᠷᠠᠭᠤᠯᠤᠭᠴᠢ᠄ ᠯᠢ ᠰᠧ ᠬᠤᠢ                    ᠤᠷᠴᠢᠭᠤᠯᠤᠬᠴᠢ᠄  ᠬᠠᠨ ᠰᠢᠶᠤᠤ ᠿᠦᠩ                    ᠬᠢᠨᠠᠬᠴᠢ᠄  ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3