ᠮᠠᠨ ᠤ ᠬᠤᠲᠠ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠪᠤᠯᠪᠠᠰᠤᠷᠠᠭᠤᠯᠤᠯ ᠤᠨ ᠠᠩᠬᠢ ᠶᠢ ᠡᠷᠭᠢᠯᠡᠪᠡ
ᠨᠡᠶᠢᠲᠡᠯᠡᠭᠰᠡᠨ ᠴᠠᠭ᠄
2021/7/1
   ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠠᠵᠢᠯᠯᠠᠭ᠎ᠠ ᠶᠢᠨ ᠬᠤᠭᠤᠴᠠᠭᠠᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠲᠦᠷᠦᠭᠦᠬᠡᠨ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠪᠥᠬᠦ ᠬᠤᠲᠠ ᠶᠢᠨ ᠠᠶᠤᠯᠲᠠᠶ ᠬᠢᠮᠢ ᠶᠢᠨ ᠪᠣᠳᠠᠰ᠂ ᠲᠡᠮᠦᠷᠯᠢᠭ ᠬᠠᠶᠢᠯᠤᠭᠤᠯᠬᠤ᠂ ᠠᠵᠤ ᠦᠢᠯᠡᠡᠳᠪᠦᠷᠢ ᠠᠷᠠᠯᠵᠢᠶ᠎ᠠ ᠵᠡᠷᠭᠡ ᠠᠵᠢᠯ ᠲᠥᠷᠥᠯ ᠤᠨ ᠭᠤᠤᠯ ᠬᠠᠷᠢᠭᠤᠴᠠᠯᠭᠠᠲᠠᠨ ᠪᠠ ᠠᠶᠤᠯᠭᠦᠶ ᠶᠢᠨ ᠬᠠᠮᠢᠶᠠᠷᠤᠯᠲᠠ ᠶᠢᠨ ᠠᠵᠢᠯᠳᠠᠳ ᠢ ᠵᠣᠬᠢᠶᠠᠨ ᠪᠠᠶᠢᠭᠤᠯᠤᠨ ᠠᠶᠤᠯᠭᠦᠶ ᠦᠢᠯᠡᠳᠪᠦᠷᠢᠯᠡᠯ ᠤᠨ ᠪᠣᠯᠪᠠᠰᠤᠷᠠᠭᠤᠯᠤᠯ ᠶᠠᠪᠤᠭᠤᠯᠪᠠ᠃ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠳ᠋ᠧᠩ ᠽᠢ ᠯᠢᠶᠠᠩ ᠵᠢᠴᠢ ᠮᠠᠨ ᠤ ᠬᠤᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠪᠣᠯᠪᠠᠰᠤᠷᠠᠭᠤᠯᠤᠯ ᠡᠬᠢᠯᠡᠬᠦ ᠶᠣᠰᠣᠯᠠᠯ ᠳᠤ ᠣᠷᠣᠯᠴᠠᠪᠠ᠃
   ᠠᠩᠭᠢ ᠡᠬᠢᠯᠡᠬᠦ ᠶᠣᠰᠣᠯᠠᠯ ᠳᠡᠭᠡᠷ᠎ᠡ᠂ ᠳ᠋ᠧᠩ ᠽᠢ ᠯᠢᠶᠠᠩ ᠲᠤᠰ ᠤᠳᠠᠭ᠎ᠠ ᠶᠢᠨ ᠪᠤᠯᠪᠠᠰᠤᠷᠠᠭᠤᠯᠤᠯ ᠰᠤᠷᠤᠯᠴᠠᠯᠭ᠎ᠠ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠤᠨ ᠲᠣᠭᠤᠷᠢᠨ ᠳᠤ ᠲᠠᠶᠢᠴᠢᠯᠠᠯᠳᠠ ᠶᠢᠨ ᠶᠠᠷᠢᠶ᠎ᠠ ᠲᠠᠯᠪᠢᠪᠠ᠃ ᠳ᠋ᠧᠩ ᠽᠢ ᠯᠢᠶᠠᠩ ᠵᠢᠭᠠᠵᠤ ᠭᠠᠷᠭᠠᠭᠰᠠᠨ ᠨᠢ᠂ ᠲᠣᠰ ᠤᠳᠠᠭᠠᠨ ᠤ ᠪᠣᠯᠪᠠᠰᠤᠷᠠᠭᠤᠯᠤᠯ ᠰᠤᠷᠤᠯᠴᠠᠯᠭ᠎ᠠ ᠪᠠᠷ ᠳᠡᠮᠵᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠬᠠᠪᠰᠤᠷᠤᠨ ᠲᠠᠨᠢᠯᠲᠠ ᠶᠢᠨ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠶ︔ ᠣᠯᠠᠨ ᠢᠶᠠᠷ ᠢᠶᠠᠨ ᠠᠶᠤᠯᠭᠦᠶ ᠦᠢᠯᠡᠳᠪᠦᠷᠢᠯᠡᠯ ᠤᠨ ᠡᠯ᠎ᠡ ᠵᠦᠢᠯ ᠤᠨ ᠲᠦᠷᠢᠮ ᠲᠣᠭᠲᠠᠭᠠᠯ ᠢ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠶᠤᠯᠭᠦᠶ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃    ᠶᠣᠰᠣᠯᠠᠯ ᠲᠡᠭᠦᠰᠦᠭᠰᠡᠨ ᠤ ᠲᠠᠷᠠᠭ᠎ᠠ᠂ ᠪᠤᠯᠪᠠᠰᠤᠷᠠᠭᠤᠯᠤᠯ ᠤᠨ ᠪᠠᠭᠰᠢ ᠨᠠᠷ ᠶᠡᠷᠦᠩᠬᠡᠢ ᠱᠦᠵᠢ ᠰᠢ ᠶᠢᠨ ᠫᠢᠩ  ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ᠂ ᠬᠦᠩᠭᠡᠨ ᠠᠵᠤ ᠦᠢᠯᠡᠳᠪᠦᠷᠢ ᠨᠡᠬᠡᠮᠡᠯ᠂ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠢᠯ ᠲᠦᠷᠦᠯ ᠤᠨ ᠬᠦᠨᠳᠦ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠤᠨ ᠭᠡᠮ ᠰᠣᠭᠤᠭ ᠢ ᠢᠯᠭᠠᠨ ᠲᠠᠨᠢᠬᠤ ᠵᠢᠴᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠶᠢᠨ ᠮᠡᠳᠡᠯᠭᠡ ᠶᠢᠨ ᠲᠤᠬᠠᠢ ᠨᠠᠷᠢᠨ ᠲᠠᠶᠢᠯᠪᠤᠷᠢᠯᠠᠯᠲᠠ ᠬᠢᠪᠡ᠃            ᠵᠣᠬᠢᠶᠠᠭᠴᠢ᠄ ᠸᠧᠶ ᠸᠧᠶ            ᠤᠷᠴᠢᠭᠤᠯᠤᠭᠴᠢ᠄ ᠬᠠᠨ ᠰᠢᠶᠤᠤ ᠿᠦᠩ            ᠬᠢᠨᠠᠭᠴᠢ᠄ ᠼᠦᠢ ᠶᠢᠩ  
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3