| ᠮᠠᠨ ᠤ ᠬᠤᠲᠠ ᠶᠢᠨ ᠬᠤᠲᠠ ᠬᠥᠳᠡᠭᠡ ᠶᠢᠨ ᠠᠵᠢᠯ ᠠᠯᠳᠠᠭᠰᠠᠳ ᠤᠨ ᠠᠵᠢᠯ ᠣᠯᠵᠤ ᠠᠳᠠᠯ ᠦᠢᠯᠡᠰ | ᠴᠣᠭᠴᠠᠯᠠᠬᠤ ᠠᠵᠢᠯ ᠢ ᠳᠥᠯᠭᠢᠨ ᠠᠬᠢᠭᠤᠯᠵᠤ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠶᠢ | ᠬᠦᠴᠦᠯᠡᠨ ᠳᠡᠭᠡᠭᠰᠢᠯᠡᠭᠦᠯᠵᠦ᠂ ᠨᠠᠩ ᠴᠢᠨᠠᠷ ᠰᠠᠶᠢᠲᠠᠶ᠂ ᠨᠠᠩ ᠬᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠶᠢᠨ | ᠲᠥᠯᠥᠭᠡ᠂ ᠰᠤᠳᠤᠯᠬᠤ ᠪᠠᠷ ᠳᠡᠮᠵᠢᠨ᠂ 2021 ᠣᠨ ᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ | ᠠᠩᠭᠢ ᠡᠷᠭᠢᠯᠡᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠪᠣᠯᠪᠠᠰᠤᠷᠠᠭᠤᠯᠤᠯ ᠤᠨ ᠡᠲᠡᠭᠡᠳ | ᠮᠠᠨ ᠤ ᠬᠤᠲᠠ ᠳᠤ ᠪᠠᠶᠢᠩᠭᠤ ᠰᠠᠭᠤᠭ᠎ᠠ ᠪᠥᠭᠡᠳ ᠠᠳᠠᠯ ᠦᠢᠯᠡᠰ ᠴᠣᠭᠴᠠᠯᠠᠬᠤ ᠬᠦᠰᠡᠯ ᠲᠠᠢ᠂ ᠪᠡᠶ᠎ᠡ ᠪᠠᠨ | ᠳᠠᠭᠠᠭᠠᠵᠤ ᠠᠳᠠᠯ ᠦᠢᠯᠡᠰ ᠴᠣᠭᠴᠠᠯᠠᠬᠤ ᠴᠢᠳᠠᠪᠤᠷᠢ ᠲᠠᠢ᠂ ᠠᠳᠠᠯ ᠦᠢᠯᠡᠰ ᠴᠣᠭᠴᠠᠯᠠᠬᠤ ᠮᠡᠳᠡᠯᠭᠡ ᠶᠢ ᠰᠤᠷᠬᠤ | ᠰᠠᠨᠠᠭ᠎ᠠ ᠲᠠᠢ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ | ᠬᠥᠮᠦᠰ᠂ ᠴᠡᠷᠢᠭ ᠠᠴᠠ ᠬᠠᠯᠠᠬᠳᠠᠬᠰᠠᠳ᠂ ᠡᠷᠡᠭᠦᠤ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠦᠰ᠂ | ᠳᠡᠭᠡᠳᠦ ᠰᠤᠷᠭᠠᠭᠤᠯᠢ ᠲᠡᠭᠦᠰᠦᠭᠰᠡᠳ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠬᠥᠯᠥᠰᠥᠨ | ᠠᠵᠢᠯᠴᠢᠨ᠂ ᠰᠦᠯᠵᠢᠶᠡᠨ ᠤ ᠬᠤᠳᠠᠯᠳᠤᠭᠠᠴᠢᠨ ᠡᠷᠦᠬᠡ ᠵᠡᠷᠭᠡ ᠬᠤᠲᠠ ᠬᠥᠳᠡᠭᠡ ᠶᠢᠨ ᠡᠯ᠎ᠡ ᠲᠥᠷᠥᠯ ᠤᠨ | ᠬᠥᠳᠡᠯᠮᠦᠷᠢ ᠶᠢᠨ ᠬᠦᠴᠦᠨ᠃ | ᠬᠤᠶᠠᠷ᠂ ᠨᠡᠷ᠎ᠡ ᠮᠡᠳᠡᠭᠦᠯᠬᠦ ᠴᠠᠭ ᠵᠢᠴᠢ ᠭᠠᠵᠠᠷ | ︵ᠨᠢᠭᠡ︶ ᠨᠡᠷ᠎ᠡ ᠮᠡᠳᠡᠭᠦᠯᠬᠦ ᠴᠠᠭ᠄ 2021 ᠣᠨ ᠤ 7 ᠰᠠᠷ᠎ᠠ ᠠᠴᠠ ᠡᠬᠢᠯᠡᠨ ᠨᠡᠷ᠎ᠡ ᠮᠡᠳᠡᠭᠦᠯᠬᠦ ᠲᠤᠭ᠎ᠠ | ᠬᠦᠢᠴᠡᠳᠡᠯᠡ | ︵ᠬᠤᠶᠠᠷ︶ ᠨᠡᠷ᠎ᠡ ᠮᠡᠳᠡᠭᠦᠯᠬᠦ ᠭᠠᠵᠠᠷ᠄ ᠹᠧᠩᠵᠧᠨ ᠬᠤᠲᠠ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠤᠨ ᠬᠤᠶᠠᠳᠤᠭᠠᠷ ᠳᠠᠪᠬᠤᠷᠯᠢᠭ ᠤᠨ 206 ᠲᠠᠰᠤᠭ | ᠭᠤᠷᠪᠠ᠂ ᠪᠣᠯᠪᠠᠰᠤᠷᠠᠭᠤᠯᠤᠯ ᠤᠨ ᠠᠭᠤᠯᠭ᠎ᠠ᠂ ᠪᠣᠯᠪᠠᠰᠤᠷᠠᠭᠤᠯᠤᠯ ᠤᠨ ᠴᠠᠭ ᠬᠤᠭᠤᠴᠠᠭ᠎ᠠ ᠬᠢᠭᠡᠳ | ᠪᠣᠯᠪᠠᠰᠤᠷᠠᠭᠤᠯᠤᠯ ᠤᠨ ᠭᠠᠵᠠᠷ | ︵ᠨᠢᠭᠡ︶ ᠪᠣᠯᠪᠠᠰᠤᠷᠠᠭᠤᠯᠤᠯ ᠤᠨ ᠠᠭᠤᠯᠭ᠎ᠠ᠄ ︽ᠲᠠᠨ ᠤ ᠠᠵᠤ ᠠᠬᠤᠶᠢᠯᠠᠯ ︵SYB︶ ᠢᠶᠠᠨ ᠡᠭᠦᠳᠦᠨ | ᠡᠷᠭᠢᠯᠡᠬᠦ︾ ᠪᠣᠯᠪᠠᠰᠤᠷᠠᠭᠤᠯᠤᠯ ᠤᠨ ᠵᠢᠭᠠᠬᠤ ᠮᠠᠲ᠋ᠧᠷᠢᠶᠠᠯ ᠢᠶᠠᠷ ᠭᠤᠤᠯᠳᠠᠯᠭ᠎ᠠ ᠪᠣᠯᠭᠠᠵᠤ᠂ ᠠᠳᠠᠯ ᠦᠢᠯᠡᠰ | ᠴᠣᠭᠴᠠᠯᠠᠬᠤ ᠦᠵᠡᠯ ᠤᠬᠠᠮᠰᠠᠷ᠂ ᠠᠵᠤ ᠠᠬᠤᠶᠢᠯᠠᠯ ᠤᠨ ᠰᠡᠳᠬᠢᠮᠵᠢ᠂ ᠵᠠᠬ᠎ᠠ ᠳᠡᠯᠭᠡᠭᠦᠷ ᠤᠨ ᠦᠨᠡᠯᠡᠨ ᠵᠢᠱᠢᠯᠲᠡ᠂ | ᠠᠵᠤ ᠠᠬᠤᠶᠢᠯᠠᠯ ᠤᠨ ᠠᠵᠢᠯᠲᠠᠨ ᠤ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ | ᠬᠡᠯᠪᠡᠷᠢ ᠪᠠᠶᠢᠳᠠᠯ᠂ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠠᠰᠢᠭ ᠬᠤᠨᠵᠢᠪᠣᠷᠢ ᠶᠢᠨ | ᠲᠥᠯᠥᠪᠯᠡᠭᠡ ᠵᠡᠷᠭᠡ ᠠᠭᠤᠯᠭ᠎ᠠ ᠶᠢᠨ ᠲᠣᠭᠤᠷᠢᠨ ᠳᠤ ᠪᠣᠯᠪᠠᠰᠤᠷᠠᠭᠤᠯᠤᠯ ᠥᠷᠨᠢᠭᠦᠯᠦᠨ᠎ᠡ᠃ | ︵ᠬᠤᠶᠠᠷ︶ ᠪᠣᠯᠪᠠᠰᠤᠷᠠᠭᠤᠯᠬᠤ ᠴᠠᠭ᠄ ᠬᠤᠭᠤᠴᠠᠭ᠎ᠠ ᠪᠦᠷᠢ ᠶᠢᠨ ᠪᠣᠯᠪᠠᠰᠤᠷᠠᠭᠤᠯᠬᠤ ᠴᠠᠭ ᠨᠢ 10 ᠡᠳᠦᠷ᠂ | ᠪᠣᠳᠠᠲᠠᠶ ᠪᠣᠯᠪᠠᠰᠤᠷᠠᠭᠤᠯᠬᠤ ᠴᠠᠭ ᠢ ᠠᠰ ᠲᠤᠨᠢ ᠮᠡᠳᠡᠭᠳᠡᠨ᠎ᠡ᠃ | ︵ᠭᠤᠷᠪᠠ︶ ᠪᠣᠯᠪᠠᠰᠤᠷᠠᠭᠤᠯᠤᠯ ᠤᠨ ᠭᠠᠵᠠᠷ᠄ ᠹᠧᠩᠵᠧᠨ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ | ᠲᠥᠪ ᠤᠨ ᠬᠤᠶᠠᠳᠤᠭᠠᠷ ᠳᠠᠪᠬᠤᠷᠯᠢᠭ ᠤᠨ ᠪᠣᠯᠪᠠᠰᠤᠷᠠᠭᠤᠯᠤᠯ ᠤᠨ ᠬᠢᠴᠢᠶᠡᠯ ᠤᠨ ᠬᠡᠷ | ᠳᠥᠷᠪᠡ᠂ ᠨᠡᠷ᠎ᠡ ᠮᠡᠳᠡᠭᠦᠯᠬᠦ ᠠᠷᠭ᠎ᠠ | ᠪᠡᠶ᠎ᠡ ᠶᠢᠨ ᠦᠨᠡᠮᠯᠡᠯ ᠤᠨ ᠬᠠᠭᠤᠯᠪᠤᠷᠢ ᠨᠢᠭᠡ ᠬᠠᠭᠤᠳᠠᠰᠤ᠂ ᠡᠷᠦᠬᠡ ᠠᠮᠠ ᠶᠢᠨ ᠬᠠᠭᠤᠯᠪᠤᠷᠢ ᠨᠢᠭᠡ | ᠬᠠᠭᠤᠳᠠᠰᠤ᠂ ᠤᠯᠠᠭᠠᠨ ᠳᠡᠪᠢᠰᠬᠡᠷ ᠲᠠᠢ ᠬᠤᠶᠠᠷ ᠢᠮᠠᠬᠤ ᠶᠢᠨ ᠦᠨᠡᠮᠯᠡᠯ ᠬᠤᠶᠠᠷ ᠬᠠᠭᠤᠳᠠᠰᠤ᠂ ᠠᠵᠢᠯ ᠣᠯᠤᠭᠰᠠᠨ | ᠪᠠ ᠠᠵᠢᠯ ᠠᠯᠳᠠᠭᠰᠠᠨ ᠳᠡᠩᠰᠡᠯᠡᠯᠲᠡ ᠶᠢᠨ ᠦᠨᠡᠮᠯᠡᠯ ᠤᠨ ᠬᠠᠭᠤᠯᠪᠤᠷᠢ ᠨᠢᠭᠡ ᠬᠠᠭᠤᠳᠠᠰᠤ ᠪᠣᠯᠤᠨ ᠡᠵᠡᠩᠨᠡᠯᠲᠡ ᠶᠢᠨ | ᠦᠨᠡᠮᠯᠡᠯ ᠢᠶᠠᠨ ᠨᠢᠭᠡᠨᠲᠡ ᠬᠦᠴᠦᠨ ᠥᠬᠡᠶ ᠪᠣᠯᠭᠠᠭᠰᠠᠨ ᠬᠦᠴᠦᠨ ᠥᠬᠡᠶ ᠪᠣᠯᠭᠠᠭᠰᠠᠨ ᠭᠡᠷᠡᠴᠢ ᠶᠢᠨ ᠬᠠᠭᠤᠯᠪᠤᠷᠢ | ᠨᠢᠭᠡ ᠶᠢ ᠠᠪᠴᠤ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠬᠤᠶᠠᠳᠤᠭᠠᠷ ᠳᠠᠪᠬᠤᠷᠯᠢᠭ ᠤᠨ | 206 ᠳ᠋ᠤᠭᠠᠷ ᠳᠠᠪᠬᠤᠷᠭ᠎ᠠ ᠳᠤ ᠬᠦᠷᠴᠦ ᠨᠡᠷ᠎ᠡ ᠮᠡᠳᠡᠭᠦᠯᠦᠭᠡᠷᠡᠶ᠃ | ᠲᠠᠪᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠᠷ ᠲᠡᠳᠬᠦᠬᠦ | 1. ᠪᠣᠯᠪᠠᠰᠤᠷᠠᠭᠤᠯᠤᠯ ᠳᠠᠭᠤᠰᠤᠭᠰᠠᠨ ᠤ ᠳᠠᠷᠠᠭ᠎ᠠ᠂ ︽ᠠᠳᠠᠯ ᠦᠢᠯᠡᠰ ᠴᠣᠭᠴᠠᠯᠠᠬᠤ | ᠪᠣᠯᠪᠠᠰᠤᠷᠠᠭᠤᠯᠤᠯ ᠤᠨ ᠬᠢᠷᠢ ᠲᠡᠩᠴᠡᠭᠰᠡᠨ ᠦᠨᠡᠮᠯᠡᠯ︾ ᠲᠠᠢ ᠮᠥᠷᠲᠡᠭᠡᠨ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠣᠯᠭᠤᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠨᠡᠶᠢᠴᠡᠪᠡᠯ ᠬᠠᠮᠤᠭ | ᠠᠷᠪᠢᠨ ᠳᠠᠭᠠᠨ 20 ᠲᠦᠮᠡᠨ ᠲᠥᠭᠦᠷᠢᠭ ᠤᠨ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠮ ᠬᠦᠤ ᠲᠠᠢ | ᠵᠢᠭᠡᠯᠡᠯᠭᠡ ᠭᠥᠷᠳᠡᠵᠦ ᠪᠣᠯᠤᠨ᠎ᠠ᠃ | 2. ᠲᠤᠰ ᠤᠳᠠᠭᠠᠨ ᠤ ᠪᠣᠯᠪᠠᠰᠤᠷᠠᠭᠤᠯᠤᠯ ᠳᠤ ᠶᠠᠮᠠᠷ ᠴᠤ ᠰᠦᠢᠳᠬᠡᠯ ᠬᠤᠷᠢᠶᠠᠬᠤ ᠦᠭᠡᠶ᠃ | | | ᠹᠧᠩᠵᠧᠨ ᠬᠤᠲᠠ ᠶᠢᠨ ᠠᠵᠢᠯ ᠣᠯᠭᠤᠬᠤ ᠦᠢᠯᠡᠴᠢᠯᠡᠭᠡᠨ ᠤ ᠲᠥᠪ | 2021 ᠣᠨ ᠤ 7 ᠰᠠᠷ᠎ᠠ | | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |