| ᠪᠠᠷᠢᠯᠭ᠎ᠠ ᠶᠢᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠪᠡᠯ᠂ 2021 ᠣᠨ ᠤ 7 ᠰᠠᠷ᠎ᠠ ᠠᠴᠠ ᠡᠬᠢᠯᠡᠨ | ᠂ ᠵᠢᠩ ᠯᠦᠩ ᠴᠠᠬᠢᠯᠭᠠᠨ ᠭᠠᠷᠭᠠᠬᠤ ᠺᠣᠮᠫᠠᠨᠢ ᠶᠢᠨ ᠢᠯᠴᠢ ᠬᠠᠩᠭᠠᠬᠤ ᠬᠤᠭᠤᠯᠠᠶ ᠶᠢᠨ ᠲᠤᠤᠭᠤᠷ ᠶᠦᠨ ᠹᠧᠩ | ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ᠎ᠡ᠃ ᠨᠠᠰᠢ ᠴᠠᠰᠢ ᠥᠩᠭᠡᠷᠡᠬᠦ ᠶᠠᠪᠠᠭᠠᠨ ᠬᠥᠮᠦᠨ᠂ ᠲᠡᠷᠭᠡ | ᠬᠥᠰᠬᠡ ᠶᠢᠨ ᠠᠮᠤᠷ ᠲᠦᠪᠰᠢᠨ ᠪᠠ ᠢᠯᠴᠢ ᠬᠠᠩᠭᠠᠬᠤ ᠬᠤᠭᠤᠯᠠᠶ ᠶᠢᠨ ᠪᠠᠷᠢᠯᠭ᠎ᠠ ᠶᠢᠨ ᠠᠵᠢᠯ ᠤᠨ ᠤᠷᠤᠭᠰᠢᠲᠠᠶ | ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ | ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠶᠢ ᠦᠨᠳᠦᠰᠦᠯᠡᠨ᠂ ᠳᠣᠷᠣᠭᠰᠢ ᠨᠡᠪᠲᠡᠷᠡᠬᠦ ᠬᠤᠭᠤᠯᠠᠶ ᠶᠢᠨ | ᠪᠠᠷᠢᠯᠭ᠎ᠠ ᠶᠢᠨ ᠬᠤᠭᠤᠴᠠᠭᠠᠨ ᠳᠤ᠂ ᠹᠧᠩᠵᠧᠨ ᠬᠤᠲᠠ ᠶᠢᠨ ᠲᠣᠭᠤᠷᠢᠭ ᠠᠴᠠ ᠳ᠋ᠠᠲ᠋ᠦ᠋ᠩ ᠬᠤᠲᠠ ᠶᠢᠨ ᠰᠢᠨ ᠷᠦᠩ | ᠲᠣᠭᠤᠷᠢᠭ ᠲᠤ ᠬᠥᠷᠬᠦ ᠬᠡᠰᠡᠭ ᠤᠨ ᠶᠦᠨ ᠹᠧᠩ ᠵᠠᠰᠠᠮᠠᠯ ᠵᠠᠮ ᠳᠤ ᠵᠠᠮ ᠬᠠᠷᠢᠯᠴᠠᠭᠠᠨ ᠤ ᠲᠤᠬᠠᠢ ᠵᠠᠬᠢᠷᠤᠨ | ᠬᠠᠮᠢᠶᠠᠷᠤᠯᠲᠠ ᠶᠠᠪᠤᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ | ᠄ | 1. ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠴᠠᠭ ᠨᠢ 2021 ᠣᠨ ᠤ 7 ᠰᠠᠷ᠎ᠠ ᠶᠢᠨ 15 ᠤ | ᠡᠳᠦᠷ ᠠᠴᠠ 2021 ᠣᠨ ᠤ 11 ᠰᠠᠷ᠎ᠠ ᠶᠢᠨ 15 ᠤ ᠡᠳᠦᠷ ᠪᠣᠯᠲᠠᠯ᠎ᠠ᠃ | 2. ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠲᠡᠷᠭᠡ ᠬᠥᠰᠬᠡ᠂ ᠶᠠᠪᠠᠭᠠᠨ ᠬᠥᠮᠦᠨ ᠨᠡᠪᠲᠡᠷᠡᠬᠦ ᠶᠢ | ᠴᠠᠭᠠᠵᠠᠯᠠᠨ᠎ᠠ᠃ | 3. ᠵᠠᠬᠢᠷᠤᠨ ᠬᠠᠮᠢᠶᠠᠷᠬᠤ ᠬᠤᠭᠤᠴᠠᠭᠠᠨ ᠳᠤ ᠨᠠᠰᠢ ᠴᠠᠰᠢ ᠥᠩᠭᠡᠷᠡᠬᠦ ᠲᠡᠷᠭᠡ ᠬᠥᠰᠬᠡ᠂ ᠶᠠᠪᠠᠭᠠᠨ | ᠬᠦᠮᠦᠰ208 ᠤᠯᠤᠰ ᠤᠨ ᠵᠠᠰᠠᠮᠠᠯ ᠵᠠᠮ᠂ ᠡᠯ ᠭᠤᠸᠠᠩ ᠲᠦᠷᠭᠡᠨ ᠳᠠᠪᠬᠢᠬᠤ ᠵᠠᠰᠠᠮᠠᠯ ᠵᠠᠮ ᠪᠤᠶᠤ ᠪᠤᠰᠤᠳ | ᠵᠠᠮ ᠢᠶᠠᠷ ᠲᠤᠭᠤᠷᠢᠵᠦ ᠶᠠᠪᠤᠭᠠᠷᠠᠢ᠃ | 4. ᠲᠤᠰ ︽ᠠᠯᠪᠠᠨ ᠵᠠᠷ︾ ᠢ 2021 ᠣᠨ ᠤ 7 ᠰᠠᠷ᠎ᠠ ᠶᠢᠨ 15 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠂ ᠥᠷᠭᠡᠨ ᠣᠯᠠᠨ ᠬᠤᠲᠠ ᠶᠢᠨ ᠠᠷᠠᠳ᠂ ᠲᠡᠷᠭᠡ ᠵᠢᠯᠤᠭᠤᠳᠴᠦ ᠪᠠᠶᠢᠭ᠎ᠠ ᠠᠵᠢᠯᠲᠠᠳ ᠬᠠᠷᠢᠯᠴᠠᠨ | ᠳᠠᠮᠵᠢᠭᠤᠯᠤᠨ ᠮᠡᠳᠡᠭᠳᠡᠬᠦ ᠶᠢᠨ ᠬᠠᠮᠲᠤ ᠤᠬᠠᠮᠰᠠᠷ ᠠᠴᠠ ᠪᠠᠨ ᠵᠢᠷᠤᠮᠯᠠᠬᠤ ᠶᠢ ᠬᠦᠰᠡᠵᠦ ᠪᠠᠶᠢᠨ᠎ᠠ᠃ | 5. ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠵᠠᠮ ᠬᠠᠷᠢᠯᠴᠠᠭᠠᠨ ᠤ ᠬᠤᠷᠢᠭ᠎ᠠ ᠴᠠᠭᠠᠵᠠ ᠠᠴᠠ ᠪᠣᠯᠤᠭᠰᠠᠨ | ᠶᠠᠷᠰᠢᠭ ᠢ ᠥᠷᠭᠡᠨ ᠤᠯᠠᠨ ᠬᠤᠳᠠ ᠶᠢᠨ ᠠᠷᠠᠳ᠂ ᠵᠢᠯᠣᠭᠤᠴᠢ ᠨᠠᠷ ᠠᠭᠤᠴᠢᠯᠠᠬᠤ ᠪᠣᠯᠪᠠᠤ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | | ᠹᠧᠩᠵᠧᠨ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ | 2021 ᠣᠨ ᠤ 7 ᠰᠠᠷ᠎ᠠ ᠶᠢᠨ 12 ᠤᠨ ᠡᠳᠦᠷ | | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |