ᠤᠯᠠᠭᠠᠨᠴᠠᠪ ᠤᠨ ᠴᠠᠬᠢᠯᠭᠠᠨ ᠤ ᠦᠢᠯᠡᠰ ᠤᠨ ᠲᠣᠪᠴᠢᠶ᠎ᠠ ᠶᠢᠨ ᠹᠧᠩᠵᠧᠨ ᠳᠠᠬᠢ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠴᠠᠬᠢᠯᠭᠠᠨ ᠬᠦᠴᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/7/15
    ᠲᠦᠷᠦᠭᠦᠬᠡᠨ᠂ ᠹᠧᠩᠵᠧᠨ ᠳᠠᠬᠢ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ︽ᠴᠠᠬᠢᠯᠭᠠᠨ ᠬᠡᠷᠡᠭᠯᠡᠵᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠭᠠᠵᠠᠷ ᠣᠷᠣᠨ ᠤ ︿ᠴᠠᠬᠢᠯᠭᠠᠨ ᠬᠦᠴᠦ ᠭᠥᠷᠳᠡᠬᠦ﹀ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ︾ ᠪᠠᠷ ᠭᠤᠤᠯ ᠰᠡᠳᠦᠪ ᠪᠣᠯᠭᠠᠭᠰᠠᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠴᠠᠬᠢᠯᠭᠠᠨ ᠬᠦᠴᠦᠨ ᠤ ᠬᠡᠷᠡᠭᠯᠡᠭᠴᠢᠳ ᠲᠤ ᠤᠬᠠᠭᠤᠯᠭ᠎ᠠ ᠶᠢᠨ ᠳᠡᠪᠲᠡᠷ᠂ ᠲᠤᠬᠠᠶᠢᠯᠠᠭᠰᠠᠨ ᠠᠵᠢᠯ ᠤᠨ ᠭᠦᠢᠴᠡᠳᠬᠡᠯ᠂ ᠴᠠᠬᠢᠯᠭᠠᠨ ᠤ ᠰᠦᠢᠳᠬᠡᠯ ᠢ ᠰᠦᠯᠵᠢᠶᠡᠨ ᠳᠡᠭᠡᠷ᠎ᠡ ᠪᠠᠶᠢᠴᠠᠭᠠᠨ ᠲᠤᠰᠢᠶᠠᠬᠤ ᠵᠦᠭᠯᠡᠭᠦᠷ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠶᠢᠨ ᠬᠠᠮᠲᠤ ᠥᠷᠭᠡᠨ ᠤᠯᠠᠨ ᠬᠡᠷᠡᠭᠯᠡᠭᠴᠢᠳ ᠲᠤ ᠴᠠᠬᠢᠯᠭᠠᠨ ᠬᠦᠴᠦᠨ ᠤ ᠡᠵᠡᠩᠨᠡᠯᠲᠡ ᠶᠢᠨ ᠣᠷᠴᠢᠨ ᠲᠣᠭᠤᠷᠢᠨ ᠤ ︽ᠭᠤᠷᠪᠠᠨ ᠦᠭᠡᠢ︾ ︵︽ᠡᠭᠦᠳᠡᠨ ᠳᠤ ᠨᠢ ᠣᠴᠢᠬᠤ ᠦᠭᠡᠶ᠂ ᠬᠢᠨᠠᠨ ᠵᠥᠪᠰᠢᠶᠡᠷᠡᠬᠦ ᠦᠭᠡᠶ᠂ ᠪᠡᠯᠡ ᠣᠷᠣᠭᠤᠯᠬᠤ ᠦᠭᠡᠶ︾︶ ᠪᠠ ︽ᠭᠤᠷᠪᠠ ᠶᠢ ᠠᠷᠪᠢᠯᠠᠬᠤ︾ ︵︽ᠰᠠᠨᠠᠭ᠎ᠠ ᠠᠮᠤᠷ᠂ ᠬᠦᠴᠦ ᠠᠷᠪᠢᠯᠠᠬᠤ᠂ ᠵᠣᠭᠤᠰᠣᠨ ᠳᠤ ᠠᠷᠪᠢᠲᠠᠶ︾︶ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠶᠢ ᠲᠠᠶᠢᠯᠪᠤᠷᠢᠯᠠᠪᠠ᠃    ᠡᠭᠦᠨ ᠠᠴᠠ ᠭᠠᠳᠠᠨ᠎ᠠ᠂ ᠠᠵᠢᠯᠲᠠᠳ ᠪᠠᠰᠠ ᠲᠤᠬᠠᠶ ᠶᠢᠨ ᠲᠠᠯᠠᠪᠤᠷ ᠲᠤ ᠠᠯᠠᠭᠠᠨ ᠳᠡᠭᠡᠷᠡᠬᠢ APP ︽ ᠮᠦᠩᠬᠡ ᠰᠤᠪᠠᠭ︾᠂ ︽ᠮᠧᠩ ᠳ᠋ᠢᠶᠠᠨ e ᠵᠢᠶᠠ︾ ᠪᠠ ᠸᠢᠴᠠᠲ᠂ ︽ᡁᠢ ᠹᠦ᠋ ᠪᠤᠦ︾ ᠵᠡᠷᠭᠡ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠠᠷᠭ᠎ᠠ ᠵᠠᠮ ᠢ ᠢᠳᠡᠪᠬᠢᠲᠡᠶ ᠳᠡᠯᠭᠡᠷᠡᠭᠦᠯᠵᠦ᠂ ᠥᠷᠭᠡᠨ ᠣᠯᠠᠨ ᠬᠡᠷᠡᠭᠯᠡᠭᠴᠢᠳ ᠲᠤ ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠢ ᠨᠠᠩ ᠪᠥᠬᠦ ᠲᠠᠯ᠎ᠠ ᠪᠠᠷ ᠣᠶᠢᠯᠠᠭᠠᠭᠤᠯᠵᠤ᠂ ᠬᠡᠷᠡᠭᠯᠡᠭᠴᠢᠳ ᠲᠤ ᠬᠡᠷ ᠠᠴᠠ ᠪᠠᠨ ᠭᠠᠷᠬᠤ ᠦᠬᠡᠢ ᠪᠠᠷ ᠴᠠᠬᠢᠯᠭᠠᠨ ᠤ ᠰᠦᠢᠳᠭᠡᠯ ᠲᠤᠰᠢᠶᠠᠬᠤ᠂ ᠰᠢᠨ᠎ᠡ ᠤᠭᠰᠠᠷᠠᠬᠤ᠂ ᠪᠠᠭᠲᠠᠭᠠᠮᠵᠢ ᠶᠢ ᠨᠡᠮᠡᠭᠳᠡᠭᠦᠯᠬᠦ᠂ ᠴᠠᠬᠢᠯᠭᠠᠨ ᠬᠡᠷᠡᠭᠯᠡᠯᠲᠡ ᠶᠢ ᠬᠤᠪᠢᠷᠠᠭᠤᠯᠬᠤ ᠵᠡᠷᠭᠡ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢ ᠤᠶᠢᠯᠠᠭᠠᠵᠤ ᠡᠵᠡᠮᠰᠢᠭᠦᠯᠪᠡ᠃ ᠡᠭᠦᠨ ᠤ ᠤᠯᠠᠮ ᠠᠴᠠ ᠭᠤᠭᠴᠤᠭ᠎ᠠ ᠨᠢ ᠴᠥᠭᠡᠨ᠂ ᠴᠠᠭ ᠨᠢ ᠣᠬᠤᠷ᠂ ᠦᠢᠯᠡᠳᠬᠦ ᠦᠨ᠎ᠡ ᠨᠢ ᠳᠣᠤᠷ᠎ᠠ᠂ ᠦᠢᠯᠡᠴᠢᠯᠡᠭᠡ ᠨᠢ ᠰᠢᠯᠢᠳᠡᠭ ᠴᠠᠬᠢᠯᠭᠠᠨ ᠡᠷᠭᠢᠯᠡᠬᠦ ᠦᠢᠯᠡᠴᠢᠯᠡᠭᠡᠨ ᠤ ᠰᠢᠨ᠎ᠡ ᠵᠠᠭᠪᠤᠷ ᠢ ᠪᠡᠶᠡᠯᠡᠭᠦᠯᠪᠡ᠃
   ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠹᠧᠩᠵᠧᠨ ᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠲᠤᠪᠴᠢᠶ᠎ᠠ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢᠶᠠᠷ ᠭᠠᠷᠳᠠᠴᠠ ᠪᠤᠯᠭᠠᠨ ᠠᠵᠢᠯ ᠲᠦᠷᠦᠯ ᠤᠨ ᠪᠣᠳᠠᠲᠠᠢ ᠲᠠᠢ ᠪᠠᠨ ᠤᠶᠠᠯᠳᠤᠭᠤᠯᠵᠤ᠂ ᠤᠯᠠᠨ ᠲᠦᠮᠡᠨ ᠳᠤ ᠦᠨᠡᠨᠬᠦ ᠪᠣᠳᠠᠲᠠᠢ ᠶᠠᠪᠤᠳᠠᠯ ᠬᠢᠵᠦ ᠬᠦᠴᠢᠷ ᠠᠰᠠᠭᠤᠳᠠᠯ ᠢ ᠨᠢ ᠰᠢᠢᠳᠪᠦᠷᠢᠯᠡᠨ ᠴᠠᠬᠢᠯᠭᠠᠨ ᠬᠡᠷᠡᠭᠯᠡᠬᠦ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠴᠠᠬᠢᠯᠭᠠᠨ ᠬᠦᠴᠦᠨ ᠤ ᠳᠡᠮᠵᠢᠯᠭᠡ ᠬᠠᠩᠭᠠᠨ᠎ᠠ ᠭᠡᠵᠦ ᠢᠯᠡᠳᠬᠡᠪᠡ᠃           ᠵᠣᠬᠢᠶᠠᠭᠴᠢ᠄ ᠵᠠᠩ ᠿᠢ ᠵᠢᠤᠸᠠᠨ           ᠤᠷᠴᠢᠭᠤᠯᠤᠭᠴᠢ᠄ ᠬᠠᠨ ᠰᠢᠶᠤᠤ ᠿᠦᠩ           ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3