ᠹᠧᠩᠵᠧᠨ ᠬᠤᠲᠠ ᠶᠢᠨ ᠠᠮᠢ ᠠᠬᠤᠶ ᠶᠢᠨ ᠣᠷᠴᠢᠨ ᠨᠥᠬᠦᠴᠡᠯ ᠤᠨ ᠬᠤᠪᠢᠶᠠᠷᠢ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2021/7/15
     ᠲᠦᠷᠦᠭᠦᠬᠡᠨ᠂ ᠤᠯᠠᠭᠠᠨᠴᠠᠪ ᠬᠤᠲᠠ ᠶᠢᠨ ᠠᠮᠢ ᠠᠬᠤᠶ ᠶᠢᠨ ᠣᠷᠴᠢᠨ ᠨᠥᠬᠦᠴᠡᠯ ᠤᠨ ᠲᠣᠪᠴᠢᠶ᠎ᠠ ᠶᠢᠨ  ᠹᠧᠩᠵᠧᠨ ᠬᠤᠲᠠ ᠳᠠᠬᠢ ᠬᠤᠪᠢᠶᠠᠷᠢ ᠲᠣᠪᠴᠢᠶ᠎ᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠬᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ᠃
   ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠦᠷᠪᠡᠨ ᠵᠢᠯ ᠳᠠᠷᠠᠭᠠᠯᠠᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶᠡᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠪᠣᠬᠢᠷᠲᠤᠯ ᠦᠭᠡᠢ ᠬᠥᠭᠵᠢᠯᠲᠡ ᠶᠢᠨ ᠲᠤᠬᠠᠢ ᠬᠢᠭᠰᠡᠨ ᠴᠢᠬᠤᠯᠠ ᠥᠭᠦᠯᠡᠯᠲᠡ ᠬᠢᠭᠡᠳ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠥᠷ ᠮᠣᠩᠭᠤᠯ ᠤᠨ ᠲᠩᠷᠢ ᠡᠯᠡᠰᠦᠨ ᠤ ᠪᠣᠬᠢᠷᠲᠤᠯ ᠤᠨ ᠠᠰᠠᠭᠤᠳᠠᠯ ᠪᠣᠯᠤᠨ ︽ᠬᠤᠶᠠᠷ ᠨᠠᠭᠤᠷ ᠨᠢᠭᠡ ᠲᠠᠩᠭᠢᠰ︾ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠨᠠᠮ ᠤᠨ ᠲᠥᠪ ᠬᠤᠷᠢᠶᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠦᠵᠡᠯ ᠰᠠᠨᠠᠭ᠎ᠠ ᠲᠠᠰᠤᠷᠠᠯᠲᠠ ᠦᠭᠡᠢ ᠪᠠᠶᠠᠯᠢᠭᠵᠢᠨ ᠲᠡᠭᠦᠯᠳᠡᠷᠵᠢᠪᠡ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ ᠪᠠ ᠤᠳᠠᠭ᠎ᠠ ᠪᠦᠷᠢ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶᠡᠰ ᠥᠪᠥᠷ ᠮᠣᠩᠭᠤᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠤᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠬᠦ ᠬᠡᠷᠡᠭᠲᠡᠢ ᠭᠡᠵᠦ ᠲᠠᠬᠢᠨ ᠳᠠᠪᠲᠠᠨ ᠴᠢᠬᠤᠯᠠᠴᠢᠯᠠᠵᠦ ᠦᠩᠭᠡᠷᠡᠪᠡ᠃ ᠡᠶᠢᠨᠬᠦ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠳᠡᠮᠵᠢᠨ᠂ ᠡᠭᠦᠨ ᠤ ᠳᠣᠲᠣᠷᠠᠬᠢ ᠡᠯᠪᠡᠭ ᠪᠠᠶᠠᠯᠢᠭ ᠠᠭᠤᠯᠤᠭᠳᠠᠬᠤᠨ᠂ ᠪᠠᠶᠢᠯᠳᠤᠬᠤ ᠪᠣᠳᠣᠯᠭ᠎ᠠ ᠶᠢᠨ ᠰᠠᠨᠠᠭ᠎ᠠ ᠶᠢ ᠣᠶᠢᠯᠠᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠢᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠡᠬᠢ ᠪᠠᠶᠠᠯᠢᠭ ᠣᠷᠴᠢᠨ ᠲᠣᠭᠤᠷᠢᠨ ᠢ ᠦᠷᠡᠭᠳᠡᠭᠦᠯᠬᠦ ᠪᠠᠷ ᠦᠨ᠎ᠡ ᠲᠥᠯᠥᠪᠦᠷᠢ ᠪᠣᠯᠭᠠᠬᠤ ᠦᠭᠡᠢ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠤᠳᠤᠷᠢᠳᠤᠮᠵᠢ ᠳᠤ ᠰᠠᠭᠤᠷᠢᠯᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠡᠨᠡᠬᠦ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ᠃           ᠤᠷᠴᠢᠭᠤᠯᠤᠭᠴᠢ᠄ ᠬᠠᠨ ᠰᠢᠶᠣᠣ ᠿᠦᠩ           ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3