| 7 ᠰᠠᠷ᠎ᠠ ᠶᠢᠨ 14 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ | ᠮᠧᠶ ᠯᠢᠨ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠵᠢᠤᠢ ᠪᠦᠦ ᠵᠤᠸᠠᠩ ᠪᠠᠯᠭᠠᠰᠤ ᠪᠠ ᠬᠤᠩ ᠱᠠ ᠪᠠ | ᠪᠠᠯᠭᠠᠰᠤᠨ ᠳᠤ ᠭᠦᠨᠵᠡᠭᠡᠶᠢᠷᠡᠨ᠂ ︽ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠠᠬᠤᠶ ᠶᠢᠨ | ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ︾ ᠵᠥᠪᠯᠡᠬᠦ | ᠰᠡᠳᠦᠪ ᠤᠨ ᠲᠣᠭᠤᠷᠢᠨ ᠳᠤ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠢᠤᠢ ᠪᠦᠦ ᠵᠤᠸᠠᠩ ᠪᠠᠯᠭᠠᠰᠤ ᠶᠢᠨ ᠵᠢᠤᠢ ᠪᠦᠦ ᠵᠤᠸᠠᠩ | ᠲᠣᠰᠬᠤᠨ᠂ ᠵᠠᠩ ᠽᠢ ᠲᠣᠰᠬᠤᠨ᠂ ᠰᠢᠨ ᠶᠢᠩᠽᠢ ᠲᠣᠰᠬᠤᠨ᠂ ᠬᠤᠩ ᠱᠠ ᠪᠠ ᠪᠠᠯᠭᠠᠰᠤ ᠶᠢᠨ ᠰᠢ ᠪᠢᠶᠠᠨ ᠴᠢᠶᠠᠩ | ᠲᠣᠰᠬᠤᠨ ᠳᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ | ᠵᠠᠰᠠᠭᠰᠠᠨ ᠪᠠᠶᠢᠳᠠᠯ ᠵᠢᠴᠢ ᠬᠠᠮᠢᠶ᠎ᠠ ᠪᠦᠬᠦᠢ ᠲᠠᠷᠢᠶᠠᠯᠠᠩ ᠤᠨ ᠲᠦᠷᠦᠯ ᠵᠦᠢᠯ ᠪᠣᠯᠤᠨ ᠬᠠᠮᠲᠤ ᠶᠢᠨ ᠠᠵᠤ | ᠠᠬᠤᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠣᠶᠢᠯᠠᠭᠠᠪᠠ᠃ | | ᠰᠠᠭᠤᠳᠠᠯ ᠤᠨ ᠬᠤᠷᠠᠯ ᠳᠡᠭᠡᠷ᠎ᠡ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠠᠴᠠ ᠬᠤᠯᠪᠣᠭᠳᠠᠯ ᠪᠦᠬᠦᠢ | ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ︔ ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠵᠥᠪᠯᠡᠬᠦ ᠰᠡᠳᠦᠪ ᠤᠨ ᠲᠣᠭᠤᠷᠢᠨ ᠳᠤ ᠬᠥᠭᠵᠢᠶᠡᠨᠲᠡᠶ ᠶᠠᠷᠢᠯᠴᠠᠭ᠎ᠠ ᠥᠷᠨᠢᠭᠦᠯᠵᠦ᠂ ᠮᠠᠨ ᠤ | ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠶ ᠰᠠᠨᠠᠯ ᠪᠠ ᠰᠠᠨᠠᠭᠤᠯᠭ᠎ᠠ | ᠳᠤᠷᠠᠳᠤᠭᠰᠠᠨ ᠨᠢ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠠᠬᠤᠶ ᠶᠢᠨ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠬᠤ ᠳᠤ ᠢᠳᠡᠪᠬᠢᠲᠡᠶ ᠵᠢᠯᠣᠭᠤᠳᠬᠤ ᠠᠴᠢ | ᠬᠤᠯᠪᠣᠭᠳᠠᠯ ᠲᠠᠢ᠃ | | ᠬᠤᠷᠠᠯ ᠠᠴᠠ ᠴᠢᠬᠤᠯᠠᠴᠢᠯᠠᠬᠰᠠᠨ ᠨᠢ᠂ ︽ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳ ᠲᠦᠮᠡᠨ ᠤ | ᠲᠥᠯᠥᠭᠡ︾ ᠭᠡᠬᠦ ᠡᠭᠦᠷᠭᠡ ᠬᠠᠷᠢᠭᠤᠴᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠤᠯᠤᠰ ᠲᠦᠷᠦ ᠶᠢᠨ ᠵᠥᠪᠯᠡᠯᠭᠡᠨ ᠤ | ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ ᠳᠠᠪᠠᠭᠤᠯᠢᠭ ᠢ ᠭᠦᠢᠴᠡᠳ ᠪᠠᠳᠠᠷᠠᠭᠤᠯᠤᠨ ᠬᠥᠳᠡᠭᠡ ᠲᠣᠰᠬᠤᠨ ᠤ | ᠬᠥᠭᠵᠢᠯᠲᠡ ᠶᠢᠨ ᠲᠣᠭᠤᠷᠢᠨ ᠳᠤ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ | ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠨ ᠬᠦᠴᠦᠷᠬᠡᠭ ᠶᠡᠭᠡ ᠬᠠᠮᠲᠤᠷᠠᠯ ᠤᠨ | ᠬᠦᠴᠦᠨ ᠢ ᠨᠢᠭᠲᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ | | ᠨᠠᠶᠢᠷᠠᠭᠤᠯᠤᠭᠴᠢ᠄ ᠵᠢᠶᠠ ᠷᠠᠨ ᠲᠦᠩ | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |