︽ᠤᠯᠠᠭᠠᠨ ᠪᠥᠴᠡᠲᠡᠨ ᠤ ᠰᠡᠳᠬᠢᠯ ᠳᠤ ᠨᠠᠮ ᠢᠶᠠᠨ ᠪᠤᠳᠤᠨ᠎ᠠ︾—— ᠮᠠᠨ ᠤ ᠬᠤᠲᠠ ᠯᠠᠩ ᠳ᠋ᠠ ᠬᠤᠨᠳᠠᠭᠠᠲᠤ ᠬᠤᠪᠢᠰᠬᠠᠯ ᠤᠨ ᠰᠣᠩᠭᠤᠳᠠᠭ ᠵᠣᠬᠢᠶᠠᠯ ᠤᠨ ᠤᠩᠰᠢᠯᠭ᠎ᠠ ᠶᠢᠨ ᠠᠵᠢᠯᠯᠠᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2021/7/21
   7 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂  ᠡᠪ ᠬᠠᠮᠳᠤᠴᠤᠳ ᠤᠨ ᠡᠪᠯᠡᠯ ᠤᠨ ᠬᠤᠲᠠ ᠶᠢᠨ ᠬᠤᠷᠢᠶ᠎ᠠ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠪᠣᠭᠤᠮᠲᠠ ᠶᠢᠨ ᠠᠵᠢᠯ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠡᠷᠭᠢᠯᠡᠭᠰᠡᠨ ︽ᠨᠠᠮ ᠤᠨ ᠲᠡᠤᠬᠡ ᠶᠢ ᠰᠤᠷᠤᠯᠴᠠᠵᠤ᠂ ᠢᠲᠡᠭᠡᠯ ᠵᠣᠷᠢᠭ ᠢᠶᠠᠨ ᠪᠠᠳᠤᠳᠬᠠᠨ᠂ ᠨᠠᠮ ᠢᠶᠠᠨ ᠳᠠᠭᠠᠨ᠎ᠠ︾ ᠭᠡᠬᠦ ᠭᠤᠤᠯ ᠰᠡᠳᠤᠪᠳᠤ ︽ᠤᠯᠠᠭᠠᠨ ᠪᠥᠴᠡᠲᠡᠨ ᠤ ᠰᠡᠳᠬᠢᠯ ᠳᠤ ᠨᠠᠮ ᠢᠶᠠᠨ ᠪᠤᠳᠤᠨ᠎ᠠ︾—— ᠯᠠᠩ ᠳ᠋ᠠ ᠬᠤᠨᠳᠠᠭᠠᠲᠤ ᠬᠤᠪᠢᠰᠬᠠᠯ ᠤᠨ ᠰᠣᠩᠭᠤᠳᠠᠭ ᠵᠣᠬᠢᠶᠠᠯ ᠢ ᠤᠩᠰᠢᠬᠤ᠂ ᠬᠤᠪᠢᠰᠬᠠᠯ ᠤᠨ ᠥᠯᠢᠭᠡᠷ ᠶᠠᠷᠢᠬᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠮᠠᠨ ᠤ ᠬᠤᠲᠠ ᠶᠢᠨ ᠯᠠᠩ ᠳ᠋ᠠ ᠨᠣᠮ ᠤᠨ ᠲᠠᠯᠠᠪᠠᠶ ᠳᠤ ᠶᠠᠪᠤᠭᠳᠠᠪᠠ᠃
   ᠡᠮᠦᠨᠡᠬᠢ ᠬᠤᠭᠤᠴᠠᠭᠠᠨ ᠤ ᠪᠡᠯᠡᠳᠬᠡᠯ ᠤᠷᠤᠯᠳᠤᠭᠠᠨ ᠳᠤ ᠤᠷᠤᠯᠴᠠᠬᠰᠠᠨ 11 ᠤᠷᠤᠯᠳᠤᠭᠠᠴᠢᠨ ᠡᠴᠦᠰ ᠤᠨ ᠰᠢᠢᠳᠪᠦᠷᠢᠲᠦ ᠤᠷᠤᠯᠳᠤᠭᠠᠨ ᠳᠤ ᠣᠷᠣᠯᠴᠠᠪᠠ᠃ ᠤᠷᠤᠯᠴᠠᠭᠰᠠᠳ ᠦᠪᠡᠷ‌‍ᠦᠨ ᠴᠤᠭ ᠵᠢᠪᠬᠤᠭ᠎ᠠ ᠪᠠᠨ ᠪᠠᠳᠠᠷᠠᠭᠤᠯᠵᠤ ᠂ ᠰᠡᠳᠬᠢᠯ ᠰᠠᠨᠠᠭ᠎ᠠ ᠬᠤᠤᠰᠯᠠᠭᠤᠯᠤᠭᠰᠠᠨ ᠣᠷᠭᠢᠯᠤᠮ᠎ᠠ ᠬᠠᠯᠠᠭᠤᠨ ᠰᠡᠳᠬᠢᠯᠭᠡ ᠲᠠᠢ ᠤᠩᠰᠢᠯᠭ᠎ᠠ ᠪᠠᠨ ᠦᠵᠡᠭᠴᠢᠳ ᠲᠤ ᠳᠡᠯᠭᠡᠨ ᠦᠵᠡᠭᠦᠯᠵᠦ᠂ ᠬᠤᠪᠢᠰᠬᠠᠯ ᠤᠨ ᠰᠣᠩᠭᠤᠳᠠᠭ ᠦᠯᠢᠭᠡᠷ ᠢ ᠶᠠᠷᠢᠨ ᠬᠤᠪᠢᠰᠬᠠᠯ ᠤᠨ ᠭᠠᠶᠢᠬᠠᠮᠰᠢᠭᠲᠤ ᠣᠨ ᠰᠠᠷ᠎ᠠ ᠶᠢ ᠡᠷᠭᠢᠴᠡᠭᠦᠯᠪᠡ᠃ ᠬᠤᠪᠢᠰᠬᠠᠯ ᠤᠨ ᠰᠣᠩᠭᠤᠳᠠᠭ ᠵᠣᠬᠢᠶᠠᠯ ᠢ ᠤᠩᠰᠢᠬᠤ ᠨᠢ ᠵᠠᠯᠠᠭᠤᠴᠤᠳ ᠪᠠᠭᠠᠴᠤᠳ ᠤᠨ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠬᠦ‍ ᠨᠢᠭᠡ ᠵᠦᠢᠯ‌‍ᠤᠨ ᠬᠢᠯᠠᠰ ᠴᠡᠭ ᠪᠤᠯᠪᠠ᠃ ᠬᠤᠷᠴᠠ ᠰᠢᠷᠦᠭᠦᠨ ᠥᠷᠢᠰᠥᠯᠳᠦᠭᠡᠨ ᠤ ᠳᠤᠮᠲᠠ᠂ ᠰᠢᠯᠭᠠᠷᠠᠭᠤᠯᠬᠤ ᠺᠣᠮᠢᠰ ᠤᠨ ᠭᠡᠰᠢᠭᠦᠳ ᠨᠠᠷᠢᠨ ᠬᠢᠨᠠᠮᠠᠭᠠᠢ ᠦᠨᠡᠯᠡᠬᠦ ᠪᠠᠷ ᠲᠠᠮᠵᠢᠨ᠂ ᠲᠦᠷᠦᠭᠦᠦ ᠭᠤᠷᠪᠠᠨ ᠱᠠᠩᠨᠠᠯ ᠬᠦᠷᠳᠡᠭᠴᠢ ᠶᠢ ᠰᠢᠯᠭᠠᠷᠠᠭᠤᠯᠵᠤ᠂ ᠭᠤᠣᠯᠯᠠᠨ ᠡᠷᠬᠢᠯᠡᠭᠰᠡᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠱᠠᠩᠨᠠᠯ ᠬᠦᠷᠳᠡᠭᠴᠢ ᠳᠤ ᠱᠠᠩᠨᠠᠯ ᠤᠨ ᠪᠢᠴᠢᠭ ᠪᠠ ᠱᠠᠩᠨᠠᠯ ᠤᠨ ᠪᠣᠳᠠᠰ ᠭᠠᠷᠳᠠᠭᠤᠯᠪᠠ᠃
             ᠨᠠᠶᠢᠷᠠᠭᠤᠯᠤᠭᠴᠢ᠄ ᠵᠢᠶᠠ ᠷᠠᠨ ᠲᠦᠩ              ᠤᠷᠴᠢᠭᠤᠯᠤᠭᠴᠢ᠄ ᠬᠠᠨ ᠰᠢᠶᠤᠤ ᠿᠦᠩ              ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3