| ᠶᠡᠷᠦᠩᠬᠡᠶ ᠱᠦᠵᠢ ᠰᠢ ᠶᠢᠨ ᠫᠢᠩ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠲᠤᠬᠠᠶ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠨᠠᠰᠤᠨ ᠳᠤ ᠥᠯᠥ ᠬᠦᠷᠦᠭᠰᠡᠳ ᠤᠨ | ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠬᠥᠮᠦᠵᠢᠭᠦᠯᠵᠦ ᠵᠠᠯᠠᠷᠠᠭᠤᠯᠤᠨ ᠵᠠᠰᠠᠬᠤ ︽ᠴᠢᠬᠢ ᠰᠡᠷᠭᠦᠭᠡᠬᠦ | ᠢᠨᠵᠧᠨᠧᠷᠢᠩ︾ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠨᠠᠰᠤᠨ ᠳᠤ ᠥᠯᠥ ᠬᠦᠷᠦᠭᠰᠡᠳ ᠲᠤ | ᠬᠠᠯᠳᠠᠭᠰᠠᠨ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢ ᠴᠢᠩᠭᠠᠷᠠᠭᠤᠯᠤᠨ᠂ ᠬᠠᠤᠯᠢ ᠲᠦᠷᠢᠮ ᠢᠶᠠᠷ | ᠨᠠᠰᠤᠨ ᠳᠤ ᠥᠯᠥ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠬᠤ ᠶᠢᠨ ᠲᠤᠰᠠᠳᠠ᠂ 7 | ᠰᠠᠷ᠎ᠠ ᠶᠢᠨ 21 ᠤ ᠡᠳᠦᠷ᠂ ᠮᠠᠨ ᠤ ᠬᠤᠲᠠ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ | ᠰᠡᠷᠭᠡᠶᠢᠯᠡᠬᠦ ᠪᠠ ᠬᠥᠮᠦᠵᠢᠭᠦᠯᠵᠦ ᠵᠠᠯᠠᠷᠠᠭᠤᠯᠤᠨ ᠵᠠᠰᠠᠬᠤ ︽ᠴᠢᠬᠢ ᠰᠡᠷᠭᠦᠭᠡᠬᠦ ᠢᠨᠵᠧᠨᠧᠷᠢᠩ︾ ᠤᠨ ᠠᠵᠢᠯ ᠤᠨ | ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ᠂ | ᠬᠤᠲᠠ ᠶᠢᠨ ᠨᠠᠰᠤᠨ ᠳᠤ ᠥᠯᠥ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠪᠠ ᠬᠥᠮᠦᠵᠢᠭᠦᠯᠵᠦ ᠵᠠᠯᠠᠷᠠᠭᠤᠯᠤᠨ | ᠵᠠᠰᠠᠬᠤ ︽ᠴᠢᠬᠢ ᠰᠡᠷᠭᠦᠭᠡᠬᠦ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠸᠠᠩ ᠵᠧᠨ ᠬᠠᠶ᠂ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ | ᠬᠤᠲᠠ ᠶᠢᠨ ᠨᠠᠰᠤᠨ ᠳᠤ ᠥᠯᠥ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠪᠠ ᠬᠥᠮᠦᠵᠢᠭᠦᠯᠵᠦ ᠵᠠᠯᠠᠷᠠᠭᠤᠯᠤᠨ | ᠵᠠᠰᠠᠬᠤ ︽ᠴᠢᠬᠢ ᠰᠡᠷᠭᠦᠭᠡᠬᠦ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ | ᠸᠠᠩ ᠫᠢᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠳᠡᠳ᠋ ᠳᠠᠷᠤᠭ᠎ᠠ᠂ ᠬᠤᠲᠠ ᠶᠢᠨ ᠨᠠᠰᠤᠨ ᠳᠤ ᠥᠯᠥ ᠬᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠪᠠ | ᠬᠥᠮᠦᠵᠢᠭᠦᠯᠵᠦ ᠵᠠᠯᠠᠷᠠᠭᠤᠯᠤᠨ ᠵᠠᠰᠠᠬᠤ ︽ᠴᠢᠬᠢ ᠰᠡᠷᠭᠦᠭᠡᠬᠦ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ ᠤᠨ | ᠪᠠᠶᠢᠩᠭᠤ ᠶᠢᠨ ᠳᠡᠳ᠋ ᠳᠠᠷᠤᠭ᠎ᠠ ᠵᠠᠩ ᠬᠤᠩ ᠬᠤᠷᠠᠯ ᠳᠤ ᠣᠷᠣᠯᠴᠠᠪᠠ᠃ ᠸᠠᠩ ᠫᠢᠩ ᠬᠤᠷᠠᠯ ᠢ ᠡᠷᠬᠢᠯᠡᠪᠡ᠃ | | ᠬᠤᠷᠠᠯ ᠳᠡᠭᠡᠷ᠎ᠡ᠂ ᠵᠠᠩ ᠬᠤᠩ ᠮᠠᠨ ᠤ ᠬᠤᠲᠠ ᠶᠢᠨ ︽ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ | ᠤᠷᠢᠳᠴᠢᠯᠠᠨ ᠰᠡᠷᠭᠡᠶᠢᠯᠡᠬᠦ ᠪᠠ ᠬᠥᠮᠦᠵᠢᠭᠦᠯᠦᠨ ᠵᠠᠰᠠᠬᠤ ︿ᠴᠢᠬᠢ ᠰᠡᠷᠭᠦᠭᠡᠬᠦ ᠢᠨᠵᠧᠨᠧᠷᠢᠩ﹀ ᠤᠨ ᠬᠡᠷᠡᠭᠵᠢᠭᠦᠯᠬᠦ | ᠲᠥᠰᠦᠯ︾ ᠢ ᠲᠠᠶᠢᠯᠪᠤᠷᠢᠯᠠᠪᠠ᠃ | ᠸᠠᠩ ᠵᠧᠨ ᠬᠠᠶ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠨᠠᠰᠤᠨ ᠳᠤ ᠥᠯᠥ ᠭᠦᠷᠦᠭᠰᠡᠳ ᠤᠨ ᠶᠠᠯ᠎ᠠ | ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠬᠥᠮᠦᠵᠢᠭᠦᠯᠵᠦ ᠵᠠᠯᠠᠷᠠᠭᠤᠯᠤᠨ ᠵᠠᠰᠠᠬᠤ ︽ᠴᠢᠬᠢ ᠰᠡᠷᠭᠦᠭᠡᠬᠦ ᠢᠨᠵᠧᠨᠧᠷᠢᠩ︾ | ᠪᠣᠯ ᠣᠲᠣ ᠦᠶ᠎ᠡ ᠳᠤ ᠭᠠᠪᠢᠶᠠᠳᠠᠢ᠂ ᠥᠨᠢ ᠡᠭᠦᠷᠢᠳᠡ ᠠᠰᠢᠭᠲᠠᠶ ᠨᠡᠶᠢᠭᠡᠮ ᠤᠨ ᠰᠢᠰᠲ᠋ᠧᠮᠲᠦ ᠢᠨᠵᠧᠨᠧᠷᠢᠩ ᠮᠥᠨ᠂ | ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠪᠣᠯᠪᠠᠰᠤᠨ᠂ ᠡᠶ᠎ᠡ ᠵᠣᠬᠢᠴᠠᠯ ᠲᠠᠢ᠂ ᠬᠠᠤᠯᠢ ᠲᠦᠷᠢᠮ ᠲᠠᠢ ᠨᠡᠶᠢᠭᠡᠮ ᠢ | ᠪᠥᠲᠥᠭᠡᠨ ᠪᠠᠶᠢᠭᠤᠯᠬᠤ ᠴᠢᠬᠤᠯᠠ ᠠᠵᠢᠯ ᠮᠥᠨ᠃ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠢᠨ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ᠂ ᠨᠠᠰᠤᠨ ᠳᠤ ᠦᠯᠦ | ᠬᠦᠷᠦᠭᠰᠡᠳ ᠲᠤ ᠬᠠᠤᠯᠢ ᠠᠴᠠ ᠵᠥᠷᠢᠴᠡᠵᠦ ᠶᠠᠯ᠎ᠠ ᠬᠢᠬᠦ ᠠᠴᠠ ᠵᠠᠶᠢᠳᠠᠬᠤ᠂ ᠡᠷᠡᠭᠦᠯ ᠢᠶᠠᠷ ᠦᠰᠦᠨ ᠪᠤᠶᠢᠵᠢᠬᠤ | ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠮᠠᠨ ᠤ ᠬᠤᠲᠠ ᠶᠢᠨ ᠴᠢᠨᠠᠷ ᠰᠠᠶᠢᠲᠠᠢ | ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠪᠡᠯ ᠵᠤᠬᠢᠨ᠎ᠠ᠃ | ᠸᠠᠩ ᠵᠧᠨ ᠬᠠᠢ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ | ᠴᠢᠬᠢ ᠰᠡᠷᠭᠦᠭᠡᠬᠦ ᠢᠨᠵᠧᠨᠧᠷᠢᠩ︾ ᠢ ᠬᠡᠷᠡᠭᠵᠢᠭᠦᠯᠬᠦ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ | ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ︔ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ | ᠨᠠᠰᠤᠨ ᠳᠤ ᠦᠯᠤ ᠬᠥᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠬᠥᠮᠦᠵᠢᠭᠦᠯᠦᠨ ᠵᠠᠯᠠᠷᠠᠭᠤᠯᠬᠤ | ᠡᠯ᠎ᠡ ᠵᠦᠢᠯ ᠤᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ | ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠨ᠂ ᠨᠠᠰᠤᠨ ᠳᠤ ᠦᠯᠤ ᠬᠥᠷᠦᠭᠰᠡᠳ ᠤᠨ ᠬᠠᠤᠯᠢ ᠪᠠᠷ ᠵᠠᠰᠠᠬᠤ | ᠬᠥᠮᠦᠵᠢᠯ ᠢ ᠰᠠᠶᠢᠲᠤᠷ ᠬᠢᠵᠦ᠂ ᠨᠠᠰᠤᠨ ᠳᠤ ᠦᠯᠤ ᠬᠥᠷᠦᠭᠰᠡᠳ ᠤᠨ ᠥᠪᠡᠷ ᠢ ᠪᠠᠨ ᠬᠠᠮᠠᠭᠠᠯᠠᠬᠤ ᠪᠠ ᠡᠷᠬᠡ ᠪᠠᠨ | ᠬᠠᠮᠠᠭᠠᠯᠠᠬᠤ ᠠᠵᠢᠯ ᠪᠠ ᠨᠠᠰᠤᠨ ᠳᠤ ᠦᠯᠤ ᠬᠥᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠳᠤ | ᠠᠰᠢᠭᠲᠠᠶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠬᠠᠮᠲᠤᠪᠠᠷ ᠠᠬᠢᠭᠤᠯᠵᠤ᠂ ᠠᠵᠢᠯ ᠤᠨ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠠᠮᠲᠤᠪᠠᠷ ᠣᠷᠣᠯᠴᠠᠬᠤ | ᠪᠠᠶᠢᠷᠢᠰᠢᠯ ᠢ ᠪᠠᠶᠢᠭᠤᠯᠬᠤ ᠬᠡᠷᠡᠭᠲᠡᠶ᠃ | ᠸᠠᠩ ᠫᠢᠩ ᠳ᠋ᠦᠩᠨᠡᠯᠲᠡ ᠶᠢᠨ ᠶᠠᠷᠢᠶᠠᠨ ᠳᠠᠭᠠᠨ ᠱᠠᠭᠠᠷᠳᠠᠭᠰᠠᠨ ᠨᠢ᠂ ᠨᠠᠰᠤᠨ ᠳᠤ ᠥᠯᠥ ᠭᠦᠷᠦᠭᠰᠡᠳ ᠤᠨ ᠶᠠᠯ᠎ᠠ | ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠬᠥᠮᠦᠵᠢᠭᠦᠯᠦᠨ ᠵᠠᠰᠠᠬᠤ ︽ᠴᠢᠬᠢ ᠰᠡᠷᠭᠦᠭᠡᠬᠦ ᠢᠨᠵᠧᠨᠧᠷᠢᠩ︾ ᠤᠨ | ᠠᠵᠢᠯ ᠢ ᠰᠠᠶᠢᠲᠤᠷ ᠬᠢᠵᠦ᠂ ᠬᠤᠯᠪᠣᠭᠳᠠᠯ ᠪᠥᠬᠦᠶ ᠨᠢᠭᠡᠴᠡᠨᠦᠭᠦᠳ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠦᠨ᠂ ᠤᠷᠢᠳᠴᠢᠯᠠᠨ ᠰᠡᠷᠭᠡᠶᠢᠯᠡᠬᠦ᠂ ᠵᠠᠯᠬᠠᠭᠠᠨ ᠰᠢᠳᠬᠡᠬᠦ ᠪᠠ ᠬᠥᠮᠦᠵᠢᠭᠦᠯᠦᠨ ᠵᠠᠰᠠᠬᠤ ᠶᠢᠨ | ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠵᠢᠯ ᠬᠤᠪᠢᠶᠠᠷᠢᠯᠠᠨ ᠬᠠᠷᠢᠭᠤᠴᠠᠬᠤ ᠪᠠ ᠨᠢᠭᠡᠳᠦᠯᠲᠡᠶ ᠲᠥᠯᠥᠪᠯᠡᠨ | ᠬᠠᠮᠵᠢᠯᠴᠠᠬᠤ ᠶᠢᠨ ᠬᠠᠷᠢᠴᠠᠭ᠎ᠠ ᠵᠢᠴᠢ ᠪᠥᠬᠦ ᠲᠠᠯ᠎ᠠ ᠶᠢ ᠬᠠᠮᠤᠷᠬᠤ ᠪᠠ ᠭᠤᠤᠯᠳᠠᠯᠭ᠎ᠠ ᠲᠠᠢ ᠬᠠᠮᠲᠤᠯᠢᠭ ᠤᠨ | ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠶ︔ ᠳᠦᠷᠦᠯ ᠬᠤᠪᠢᠶᠠᠨ ᠳᠦᠷᠦ ᠶᠢᠨ ᠪᠤᠳᠤᠯᠭ᠎ᠠ ᠶᠢ | ᠬᠡᠷᠡᠭᠵᠢᠭᠦᠯᠬᠦ᠂ ᠬᠥᠮᠦᠨ ᠤ ᠪᠠᠶᠢᠳᠠᠯ ᠳᠤᠨᠢ ᠲᠣᠬᠢᠷᠠᠭᠤᠯᠤᠨ ᠵᠠᠰᠠᠬᠤ ᠶᠢ ᠪᠠᠷᠢᠮᠲᠠᠯᠠᠵᠤ᠂ ᠡᠯ᠎ᠡ ᠳᠦᠷᠦᠯ ᠤᠨ | ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ | ᠬᠤᠲᠠ ᠶᠢᠨ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠰᠤᠷᠭᠠᠨ | ᠬᠥᠮᠦᠵᠢᠭᠦᠯᠵᠦ ᠵᠠᠰᠠᠬᠤ ︽ᠴᠢᠬᠢ ᠰᠡᠷᠭᠦᠭᠡᠬᠦ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ ᠤᠨ ᠡᠯ᠎ᠡ | ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠠᠷ ᠬᠤᠷᠠᠯ ᠳᠤ ᠤᠷᠤᠯᠴᠠᠪᠠ᠃ | | | ᠵᠣᠬᠢᠶᠠᠭᠴᠢ᠄ ᠴᠧᠨ ᠸᠧᠨ ᠵᠢᠶᠧ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |