ᠤᠯᠠᠭᠠᠨᠴᠠᠪ ᠬᠤᠲᠠ ᠶᠢᠨ ᠤᠳᠤᠷᠢᠳᠤᠯᠭ᠎ᠠ ︽ᠨᠠᠢᠮᠠᠨ ᠰᠠᠷ᠎ᠠ ᠶᠢᠨ ᠨᠢᠭᠡᠨ︾ ᠤ ᠴᠡᠷᠢᠭ ᠪᠠᠶᠢᠭᠤᠯᠤᠭᠳᠠᠭᠰᠠᠨ ᠪᠠᠶᠠᠷ ᠠᠴᠠ ᠡᠮᠦᠨ᠎ᠡ ᠮᠠᠨ ᠤ ᠬᠤᠲᠠ ᠳᠤ ᠭᠦᠨᠵᠡᠭᠡᠶᠢᠷᠡᠨ ᠰᠤᠷᠪᠤᠯᠵᠢᠯᠠᠵᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/7/30
     ︽ᠨᠠᠢᠮᠠᠨ ᠰᠠᠷ᠎ᠠ ᠶᠢᠨ ᠨᠢᠭᠡᠨ︾ ᠤ ᠴᠡᠷᠢᠭ ᠪᠠᠶᠢᠭᠤᠯᠤᠭᠳᠠᠭᠰᠠᠨ ᠪᠠᠶᠠᠷ ᠠᠴᠠ ᠡᠮᠦᠨᠡᠬᠡᠨ᠂ ᠤᠯᠠᠭᠠᠨᠴᠠᠪ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠦᠨ ᠫᠧᠩ ᠭᠠᠩ᠂ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠢᠦᠢ ᠳ᠋ᠦᠩ ᠨᠡᠷ ᠮᠠᠨ ᠤ ᠬᠤᠳᠠ ᠳᠤ ᠬᠦᠷᠴᠦ ᠢᠷᠠᠭᠤ ᠠᠯᠳᠠᠷ ᠤᠨ ᠬᠦᠷᠢᠶᠡᠯᠡᠩ ᠪᠣᠯᠤᠨ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ ᠬᠠᠯᠠᠭᠳᠠᠭᠰᠠᠨ ᠺᠠᠳ᠋ᠷᠴᠤᠳ ᠢ  ᠰᠤᠷᠪᠤᠯᠵᠢᠯᠠᠨ ᠲᠤᠬᠤᠨᠢᠭᠤᠯᠵᠤ᠂ ᠪᠠᠶᠠᠷ ᠤᠨ ᠡᠳᠦᠷ ᠤᠨ ᠮᠡᠨᠳᠦᠴᠢᠯᠡᠯ ᠪᠣᠯᠤᠨ ᠵᠥᠩᠨᠡᠯ ᠲᠡᠪᠰᠢᠬᠦᠯᠦᠨ᠂ ᠨᠠᠮ ᠪᠣᠯᠤᠨ ᠵᠠᠰᠠᠭ ᠤᠨ ᠣᠷᠳᠣᠨ ᠤ ᠲᠣᠬᠤᠨᠢᠭᠤᠯᠤᠯ ᠪᠣᠯᠤᠨ ᠬᠦᠨᠳᠦᠳᠬᠡᠯ ᠢ ᠳᠡᠪᠰᠢᠭᠦᠯᠵᠦ ᠪᠠᠶᠢᠬᠤ ᠪᠠᠨ ᠢᠯᠡᠳᠬᠡᠪᠡ᠃ ᠮᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠵᠠᠩ ᠬᠠᠶ ᠵᠢᠶᠦ᠋ᠨ ᠵᠢᠴᠢ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠲᠣᠬᠤᠨᠢᠭᠤᠯᠪᠠ᠃
   ᠬᠤᠶᠠᠳᠤᠭᠠᠷ ᠳᠡᠰ ᠤᠨ ᠵᠡᠮᠳᠡᠭ ᠴᠡᠷᠢᠭ ᠠᠴᠠ ᠬᠠᠯᠠᠬᠳᠠᠬᠰᠠᠨ ᠯᠢ ᠿᠢ ᠹᠸᠢ 2008 ᠣᠨ ᠤ ᠶᠡᠭᠡ ᠬᠢᠩᠭᠠᠨ ᠳᠠᠪᠠᠭ᠎ᠠ ᠶᠢᠨ ︽4.20︾ ᠤ ᠭᠠᠯ ᠤᠨᠲᠠᠷᠠᠭᠠᠬᠤ ᠪᠠᠶᠢᠯᠳᠤᠭᠠᠨ ᠳᠤ ᠡᠷᠡᠯᠬᠡᠭ ᠪᠠᠭᠠᠲᠤᠷᠯᠢᠭ ᠢᠶᠠᠷ ᠪᠠᠶᠢᠯᠳᠤᠵᠤ᠂ ᠨᠢᠭᠡᠳᠦᠭᠡᠷ ᠳᠡᠰ ᠤᠨ ᠭᠠᠪᠢᠶ᠎ᠠ ᠬᠦᠷᠳᠡᠪᠡ᠂ ᠶᠦᠨ ᠫᠧᠩ ᠭᠠᠩ ᠲᠡᠭᠦᠨ ᠤ ᠪᠡᠶ᠎ᠡ ᠮᠠᠬᠠᠪᠣᠳ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠯᠢ ᠿᠢ ᠹᠸᠢ ᠪᠣᠯ ᠰᠢᠨ᠎ᠡ ᠴᠠᠭ ᠦᠶ᠎ᠡ ᠶᠢᠨ ᠰᠠᠶᠢᠨ ᠵᠠᠯᠠᠭᠤ᠂ ᠪᠦᠬᠦ ᠨᠡᠶᠢᠭᠡᠮ ᠤᠨ ᠰᠤᠷᠤᠯᠴᠠᠯᠭ᠎ᠠ ᠪᠠ ᠬᠦᠨᠳᠦᠳᠬᠡᠯ ᠤᠨ ᠪᠠᠭᠠᠲᠤᠷ ᠪᠠ ᠦᠯᠢᠭᠡᠷ ᠳᠠᠭᠤᠷᠢᠶᠠᠯ ᠪᠣᠯᠤᠨ᠎ᠠ ᠭᠡᠵᠦ ᠮᠠᠭᠲᠠᠨ ᠰᠠᠶᠢᠰᠢᠶᠠᠪᠠ᠃
   ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠵᠢᠩ ᠹᠦ᠋ ᠶᠤᠸᠠᠨ ᠤ ᠬᠡᠷ ᠲᠤ᠂ ᠶᠦᠨ ᠫᠧᠩ ᠭᠠᠩ ᠪᠤᠯᠤᠨ ᠶᠠᠨ ᠢᠦᠢ ᠳ᠋ᠦᠩ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠡᠮᠦᠨ᠎ᠡ ᠠᠴᠠ ᠲᠡᠭᠦᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠨ᠂ ᠲᠡᠭᠦᠨ ᠤ ᠬᠤᠪᠢᠰᠬᠠᠯ ᠤᠨ ᠦᠢᠯᠡᠰ᠂ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠪᠣᠯᠤᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠰᠠᠨ ᠪᠠ ᠨᠠᠰᠤᠲᠠᠶᠢᠴᠤᠳ ᠤᠨ ᠦᠯᠡᠳᠡᠪᠦᠷᠢ ᠢᠯᠴᠢ ᠪᠠᠨ ᠦᠷᠭᠦᠯᠵᠢᠯᠡᠨ ᠪᠠᠳᠠᠷᠠᠭᠤᠯᠵᠤ᠂ ᠤᠯᠤᠰ ᠤᠨ ᠬᠥᠭᠵᠢᠯᠲᠡ ᠲᠠᠪᠰᠢᠯᠳᠠ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠬᠤ ᠪᠠᠨ ᠢᠯᠡᠳᠭᠡᠪᠡ᠃ ᠶᠦᠨ ᠫᠧᠩ ᠭᠠᠩ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠡᠯ᠎ᠡ ᠲᠦᠷᠦᠯ ᠤᠨ ᠠᠰᠠᠷᠠᠨ ᠬᠠᠷᠠᠭᠠᠯᠵᠠᠬᠤ ᠡᠲᠡᠭᠡᠳ ᠤᠨ ᠦᠢᠯᠡᠳᠪᠦᠷᠢᠯᠡᠯ ᠠᠮᠢᠳᠤᠷᠠᠯ ᠢ ᠦᠷᠭᠦᠯᠵᠢ  ᠬᠠᠯᠠᠮᠵᠢᠯᠠᠨ᠂ ᠤᠯᠤᠰ ᠤᠨ ᠡᠯ᠎ᠡ ᠵᠦᠢᠯ ᠤᠨ ᠠᠰᠠᠷᠠᠨ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠢᠳᠡᠪᠬᠢᠲᠡᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠱᠠᠭᠠᠷᠳᠠᠪᠠ᠃
   ᠬᠤᠳᠠ ᠶᠢᠨ ᠢᠷᠠᠭᠤ ᠠᠯᠳᠠᠷ ᠤᠨ ᠬᠦᠷᠢᠶᠡᠯᠡᠩ ᠳᠤ᠂ ᠶᠦᠨ ᠫᠧᠩ ᠭᠠᠩ ᠠᠬᠠᠮᠠᠳ ᠴᠡᠷᠢᠭ ᠨᠠᠷ ᠲᠠᠢ ᠳᠣᠲᠣᠨᠣ ᠪᠠᠷ ᠶᠠᠷᠢᠯᠴᠠᠨ᠂ ᠲᠡᠳᠡᠨ ᠤ ᠪᠡᠶ᠎ᠡ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠨᠠᠰᠤᠲᠠᠶᠢᠴᠤᠳ ᠤᠨ ᠡᠷᠡᠭᠦᠯ ᠲᠡᠩᠬᠡᠯᠡᠭᠦᠨ ᠤᠷᠳᠤ ᠨᠠᠰᠤᠯᠠᠬᠤ ᠶᠢ ᠵᠥᠩᠨᠡᠪᠡ᠃ ᠡᠭᠦᠨ ᠤ ᠬᠠᠮᠲᠤ ᠢᠷᠠᠭᠤ ᠠᠯᠳᠠᠷ ᠤᠨ ᠬᠦᠷᠢᠶᠡᠯᠡᠩ ᠤᠨ ᠬᠠᠷᠢᠭᠤᠴᠠᠯᠭᠠᠲᠠᠨ ᠳᠤ᠂ ᠨᠠᠰᠤᠲᠠᠶᠢᠴᠤᠳ ᠤᠨ ᠲᠥᠯᠥᠭᠡ ᠢᠯᠡᠭᠦᠬᠡᠨ ᠪᠣᠳᠣᠯᠬᠢᠯᠠᠵᠤ᠂ ᠨᠠᠰᠤᠲᠠᠶᠢᠴᠤᠳ ᠤᠨ ᠪᠡᠶ᠎ᠡ ᠮᠠᠬᠠᠪᠣᠳ ᠪᠠ ᠣᠶᠤᠨ ᠰᠠᠨᠠᠭᠠᠨ ᠤ ᠪᠠᠶᠢᠳᠠᠯ ᠢ ᠢᠯᠡᠭᠦᠬᠡᠨ ᠬᠠᠯᠠᠮᠵᠢᠯᠠᠵᠤ᠂ ᠲᠡᠳᠡᠨ ᠳᠤ ᠲᠠᠭᠠᠯᠠᠮᠵᠢᠲᠠᠶ ᠠᠮᠢᠳᠤᠷᠠᠯ ᠤᠨ ᠣᠷᠴᠢᠨ ᠨᠥᠬᠦᠴᠡᠯ ᠢ ᠬᠠᠩᠭᠠᠨ ᠥᠭᠴᠦ᠂ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠨᠠᠰᠤᠲᠠᠨ ᠨᠢᠭᠡᠪᠦᠷᠢ ᠳᠤ ᠦᠨᠡᠨᠬᠦ ᠬᠦᠷᠭᠡᠨ ᠥᠭᠴᠦ᠂ ᠨᠠᠰᠤᠲᠠᠶᠢᠴᠤᠳ ᠢ ᠢᠷᠠᠭᠤ ᠠᠯᠳᠠᠷ ᠤᠨ ᠬᠦᠷᠢᠶᠡᠯᠡᠩ ᠳᠤ ᠥᠲᠡᠯᠦᠭᠡ ᠨᠠᠰᠤ ᠪᠠᠨ ᠵᠣᠯ ᠵᠢᠷᠭᠠᠯ ᠲᠠᠢ ᠦᠩᠭᠡᠷᠡᠭᠦᠯᠦᠬᠡᠷᠡᠢ ᠭᠡᠵᠦ ᠵᠠᠬᠢᠪᠠ᠃             ᠵᠣᠬᠢᠶᠠᠭᠴᠢ᠄ ᠪᠠᠶ ᠯᠢ ᠨᠠ             ᠤᠷᠴᠢᠭᠤᠯᠤᠭᠴᠢ᠄ ᠬᠠᠨ ᠰᠢᠶᠤᠤ ᠿᠦᠩ             ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3