ᠹᠧᠩᠵᠧᠨ ᠬᠤᠲᠠ ᠶᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠯᠪᠠᠨ ᠬᠡᠷ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠲᠡᠭᠦᠨ ᠳᠤ ᠴᠣᠬᠢᠯᠲᠠ ᠥᠭᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/7/6
  ᠮᠠᠨ ᠤ ᠬᠤᠲᠠ ᠶᠢᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠴᠣᠬᠢᠯᠲᠠ ᠥᠭᠬᠦ ᠤᠬᠠᠭᠤᠯᠭ᠎ᠠ ᠶᠢᠨ ᠠᠵᠢᠯ ᠢ ᠦᠨᠡᠨᠬᠦ ᠰᠠᠶᠢᠲᠤᠷ ᠬᠢᠵᠦ᠂ ᠣᠯᠠᠨ ᠲᠦᠮᠡᠨ ᠤ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠨ᠂ ᠣᠯᠠᠨ ᠲᠦᠮᠡᠨ ᠤ ᠥᠪᠡᠷ ᠢ ᠪᠠᠨ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠲᠦᠭᠰᠢᠭᠦᠷᠢ ᠶᠢ ᠪᠠᠭᠠᠰᠬᠠᠬᠤ ᠶᠢᠨ ᠲᠦᠯᠦᠬᠡ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠦᠷᠦᠭᠦᠬᠡᠨ᠂  ᠬᠤᠳᠠ ᠶᠢᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠢᠢᠳᠪᠦᠷᠢᠯᠡᠬᠦ ᠠᠯᠪᠠᠨ ᠬᠡᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠲᠠᠢ ᠬᠠᠮᠲᠤᠷᠠᠨ᠂ ︽ᠬᠠᠤᠯᠢ ᠶᠢ ᠰᠤᠷᠤᠯᠴᠠᠵᠤ ᠬᠠᠤᠯᠢ ᠶᠢ ᠬᠡᠷᠡᠭᠯᠡᠨ ᠪᠠᠭ᠎ᠠ ᠬᠡᠷ ᠢᠶᠠᠨ ᠬᠠᠮᠠᠭᠠᠯᠠᠵᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠨ ᠰᠢᠢᠳᠪᠦᠷᠢᠯᠡᠬᠦ ᠳᠤ ᠣᠯᠠᠨ ᠢ ᠲᠦᠰᠢᠭᠯᠡᠬᠦ︾ ᠪᠠᠷ ᠭᠤᠤᠯ ᠰᠡᠳᠦᠪ ᠪᠣᠯᠭᠠᠵᠤ᠂ ︽ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠶᠢᠯᠡᠬᠦ ᠲᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠪᠠᠷ ᠭᠤᠤᠯ ᠠᠭᠤᠯᠭ᠎ᠠ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠳᠠᠭᠤᠨ ᠳᠠᠪᠲᠠᠮᠵᠢ ᠨᠡᠪᠲᠡᠷᠡᠭᠦᠯᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠲᠤᠬᠠᠶ ᠶᠢᠨ ᠲᠠᠯᠠᠪᠤᠷ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ ᠲᠥᠭᠡᠷᠢᠭᠳᠡᠯ ᠢ ᠲᠠᠶᠢᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠠᠭᠠᠰᠢ ᠴᠠᠭᠠᠰᠢ ᠶᠠᠪᠤᠵᠤ ᠪᠠᠶᠢᠭ᠎ᠠ ᠤᠯᠠᠨ ᠲᠦᠮᠡᠨ᠂ ᠢᠯᠠᠩᠭᠤᠶ᠎ᠠ ᠢᠳᠡᠷ ᠥᠲᠡᠯᠦᠭᠡ ᠨᠠᠰᠤᠨ ᠤ ᠬᠦᠮᠦᠰ ᠲᠤ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠳᠤ ᠴᠣᠬᠢᠯᠲᠠ ᠥᠭᠬᠦ ᠪᠠ ᠲᠡᠭᠦᠨ ᠢ ᠰᠡᠷᠭᠡᠶᠢᠯᠡᠬᠦ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠰᠡᠷᠭᠡᠶᠢᠯᠡᠬᠦ ᠠᠷᠭ᠎ᠠ ᠳᠡᠮ ᠢ ᠤᠬᠠᠭᠤᠯᠵᠤ᠂ ᠥᠷᠭᠡᠨ ᠤᠯᠠᠨ ᠲᠦᠮᠡᠨ ᠳᠤ ᠬᠥᠯᠥᠰᠥ ᠪᠠᠨ ᠤᠷᠤᠰᠬᠠᠨ ᠤᠯᠤᠬᠰᠠᠨ ᠵᠣᠭᠤᠰ ᠮᠥᠩᠭᠦ ᠪᠠᠨ ᠨᠠᠨᠳᠢᠩᠨᠠᠵᠤ᠂ ᠥᠨᠳᠥᠷ ᠬᠦᠦ ᠶᠢᠨ ᠥᠳᠥᠭᠡᠯᠭᠡ ᠶᠢ ᠲᠡᠪᠴᠢᠨ᠂ ᠡᠳ᠋ ᠤᠨ ᠶᠠᠪᠤᠳᠠᠯ ᠢ ᠬᠠᠮᠢᠶᠠᠷᠬᠤ ᠵᠥᠪ ᠣᠶᠢᠯᠠᠭᠠᠭᠳᠠᠬᠤᠨ ᠢ ᠪᠤᠢ ᠪᠣᠯᠭᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢᠨ ᠮᠡᠭᠡ ᠶᠢ  ᠰᠡᠷᠭᠡᠶᠢᠯᠡᠨ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠬᠦ ᠶᠢ ᠰᠠᠨᠠᠭᠤᠯᠪᠠ᠃
   ᠠᠵᠢᠯᠯᠠᠭ᠎ᠠ ᠨᠢ ᠣᠯᠠᠨ ᠲᠦᠮᠡᠨ ᠢ ᠤᠷᠢᠶᠠᠯᠠᠨ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠴᠣᠬᠢᠯᠲᠠ ᠥᠭᠬᠦ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢ ᠵᠣᠬᠢᠶᠠᠨ ᠪᠠᠶᠢᠭᠤᠯᠤᠭᠴᠢ ᠶᠢᠨ ᠬᠠᠷ᠎ᠠ ᠬᠤᠤᠷᠲᠠᠶ ᠰᠠᠨᠠᠭ᠎ᠠ ᠶᠢ ᠢᠯᠡᠷᠡᠭᠦᠯᠵᠦ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠳᠤ ᠶᠠᠭᠠᠬᠢᠭᠰᠠᠨ ᠴᠤ ᠣᠷᠣᠯᠴᠠᠬᠤ ᠥᠬᠡᠶ᠂ ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ  ᠦᠢᠯᠡ ᠠᠵᠢᠯᠯᠠᠭ᠎ᠠ ᠶᠢ ᠣᠯᠵᠤ ᠮᠡᠳᠡᠪᠡᠯ ᠴᠠᠭ ᠲᠤᠬᠠᠶ ᠳᠤᠨᠢ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠶᠢ ᠵᠤᠷᠢᠬᠵᠢᠭᠤᠯᠪᠠ᠃ ᠪᠦᠬᠦ ᠨᠡᠶᠢᠭᠡᠮ ᠢᠶᠠᠷ ᠢᠶᠠᠨ ᠢᠳᠡᠪᠬᠢᠲᠡᠢ ᠪᠠᠷ ᠬᠥᠳᠡᠯᠦᠯᠴᠡᠵᠦ᠂ ᠮᠠᠨ ᠤ ᠬᠤᠲᠠ ᠶᠢᠨ ᠮᠥᠩᠭᠦᠨ ᠭᠦᠢᠯᠭᠡᠭᠡᠨ ᠤ ᠡᠮᠬᠢ ᠳᠢᠭᠯᠢᠮ ᠤᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠵᠤ᠂ ᠡᠶ᠎ᠡ ᠵᠣᠬᠢᠴᠠᠩᠭᠤᠢ ᠲᠣᠭᠲᠠᠭᠤᠨ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ ᠪᠠᠶᠢᠭᠤᠯᠬᠤ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠨ᠎ᠡ᠃                     ᠨᠠᠶᠢᠷᠠᠭᠤᠯᠤᠭᠴᠢ᠄ ᠵᠢᠶᠠ ᠷᠠᠨ ᠲᠦᠩ                   ᠤᠷᠴᠢᠭᠤᠯᠤᠬᠴᠢ᠄  ᠬᠠᠨ ᠰᠢᠶᠤᠤ ᠿᠦᠩ                   ᠬᠢᠨᠠᠬᠴᠢ᠄  ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3