| ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠤᠯᠠᠭᠠᠨᠴᠠᠪ ᠬᠤᠲᠠ ᠶᠢᠨ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ︵ | ᠤᠯᠠᠭᠠᠨᠴᠠᠪ ᠠᠯᠪᠠᠨ ᠥᠰᠥᠭ ︹ 2018 ︺ 127 ᠳ᠋ᠤᠭᠠᠷ ᠲᠣᠭᠠᠲᠤ︶᠂ ᠤᠯᠠᠭᠠᠨᠴᠠᠪ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ︽ᠲᠠᠷᠢᠶᠠᠯᠠᠩ ᠤᠨ ᠤᠰᠤᠨ ᠤ ᠦᠨ᠎ᠡ ᠶᠢᠨ ᠠᠵᠢᠯᠯᠠᠭᠠᠨ ᠤ ᠲᠣᠭᠲᠠᠴᠠ ᠶᠢ | ᠪᠠᠶᠢᠭᠤᠯᠤᠨ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ︾ ︵ᠤᠯᠠᠭᠠᠨᠴᠠᠪ ᠬᠤᠲᠠ ᠶᠢᠨ ᠲᠠᠷᠢᠶᠠᠯᠠᠩ ᠤᠨ | ᠤᠰᠤᠨ ᠤ ᠦᠨ᠎ᠡ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ︾ | ︵ᠤᠯᠠᠭᠠᠨᠴᠠᠪ ᠲᠠᠷᠬᠠᠭᠠᠭᠰᠠᠨ︹ 2020 ︺ 68 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠦᠨᠳᠦᠰᠦᠯᠡᠨ᠂ ᠹᠧᠩᠵᠧᠨ ᠬᠤᠲᠠ ᠶᠢᠨ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠶᠢᠨ ᠲᠤᠰᠠᠳᠠ᠂ ᠲᠣᠰ ᠬᠡᠷᠡᠭᠵᠢᠭᠦᠯᠬᠦ ᠲᠥᠰᠦᠯ ᠢ | ᠤᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠶ ᠬᠠᠷᠠᠯᠲᠠ | 1.ᠲᠠᠷᠢᠶᠠᠯᠠᠩ ᠤᠨ ᠤᠰᠤᠯᠠᠯᠲᠠ ᠲᠤ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ | ᠭᠦᠢᠴᠡᠳᠬᠡᠬᠦ ᠲᠤᠭ᠎ᠠ ᠶᠢᠨ ᠶᠣᠰᠣᠭᠠᠷ᠂ ᠲᠠᠷᠢᠶᠠᠯᠠᠩ ᠤᠨ ᠤᠰᠤᠯᠠᠯᠲᠠ ᠲᠤ ᠬᠡᠷᠡᠭᠯᠡᠬᠦ ᠤᠰᠤᠨ ᠤ ᠡᠷᠬᠡ ᠶᠢ | ᠬᠤᠳᠠ ᠠᠴᠠ ᠰᠢᠶᠠᠩ ᠪᠠᠯᠭᠠᠰᠤ ᠬᠦᠷᠲᠡᠯ᠎ᠡ ᠱᠠᠳᠤ ᠳᠠᠷᠠᠭᠠᠯᠠᠨ ᠡᠯ᠎ᠡ ᠤᠰᠤ ᠬᠡᠷᠡᠭᠯᠡᠬᠦ ᠭᠤᠣᠯ ᠴᠣᠭᠴᠠ ᠳᠤ | ᠬᠦᠷᠲᠡᠯ᠎ᠡ ᠬᠤᠪᠢᠶᠠᠵᠤ᠂ ᠤᠰᠤᠨ ᠤ ᠡᠷᠬᠡ ᠶᠢ ᠲᠣᠭᠲᠠᠭᠠᠬᠤ ᠶᠢᠨ ᠵᠡᠷᠭᠡᠴᠡᠪᠡᠷ ᠤᠰᠤᠯᠠᠯᠲᠠ ᠲᠤ ᠬᠡᠷᠡᠭᠯᠡᠬᠦ ᠤᠰᠤᠨ | ᠤ ᠬᠢᠵᠠᠭᠠᠷ ᠲᠤᠭ᠎ᠠ ᠶᠢ ᠬᠢᠨᠠᠨ ᠵᠥᠪᠰᠢᠶᠡᠷᠡᠵᠦ ᠦᠨᠡᠮᠰᠢᠨ᠂ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠨᠤᠷᠮ᠎ᠠ | ᠲᠣᠭᠲᠠᠭᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ᠃ | 2. ᠲᠠᠷᠢᠶᠠᠯᠠᠩ ᠤᠨ ᠤᠰᠤ ᠬᠠᠩᠭᠠᠬᠤ ᠣᠶᠤᠨᠴᠢ ᠬᠡᠮᠵᠢᠯᠲᠡ ᠶᠢᠨ ᠪᠡᠯᠡᠳᠬᠡᠮᠵᠢ ᠶᠢ ᠲᠡᠭᠦᠯᠳᠡᠷᠵᠢᠭᠦᠯᠵᠦ᠂ | ᠮᠡᠳᠡᠭᠡ ᠵᠠᠩᠭᠢᠴᠢᠯᠠᠯᠳᠠ ᠶᠢᠨ ᠠᠦ᠋ᠲ᠋ᠣ᠋ ᠬᠡᠮᠵᠢᠯᠲᠡ ᠶᠢ ᠪᠡᠶᠡᠯᠡᠭᠦᠯᠦᠨ᠂ ᠲᠤᠭ᠎ᠠ ᠪᠠᠷᠢᠮᠲᠠ ᠶᠢ ᠠᠯᠤᠰ ᠠᠴᠠ | ᠳᠠᠮᠵᠢᠭᠤᠯᠬᠤ ᠪᠠ ᠡᠵᠡᠮᠳᠡᠬᠦ ᠳᠤ ᠬᠦᠷᠦᠭᠦᠯᠦᠨ᠎ᠡ᠃ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ ᠨᠥᠬᠦᠴᠡᠯ ᠢ | ᠪᠦᠷᠢᠳᠦᠭᠦᠯᠦᠭᠰᠡᠨ ᠥᠬᠡᠶ ᠪᠣᠯ ᠴᠠᠬᠢᠯᠭᠠᠨ ᠢᠶᠠᠷ ᠤᠰᠤ ᠶᠢ ᠨᠤᠭᠤᠯᠬᠤ ᠠᠷᠭ᠎ᠠ ᠮᠠᠶ᠋ᠢᠭ ᠢᠶᠠᠷ ᠤᠰᠤᠨ ᠤ ᠬᠡᠮᠵᠢᠶ᠎ᠡ ᠶᠢ | ᠡᠵᠡᠮᠳᠡᠬᠦ ᠶᠢᠨ ᠬᠠᠮᠲᠤ᠂ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠮᠡᠳᠡᠭᠡ ᠵᠠᠩᠭᠢᠴᠢᠯᠠᠯᠳᠠ ᠶᠢᠨ | ᠲᠠᠪᠴᠠᠩ ᠳᠤ ᠳᠠᠮᠵᠢᠭᠤᠯᠤᠨ᠎ᠠ᠃ | 3. ᠬᠤᠲᠠ᠂ ᠰᠢᠶᠠᠩ᠂ ᠲᠣᠰᠬᠤᠨ ᠭᠤᠷᠪᠠᠨ ᠱᠠᠲᠤᠨ ᠤ ᠲᠠᠷᠢᠶᠠᠯᠠᠩ ᠤᠨ ᠤᠰᠤ ᠬᠡᠷᠡᠭᠯᠡᠬᠦ | ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠪᠦᠷᠢᠨᠰᠢᠬᠦᠯᠵᠦ᠂ ᠵᠣᠬᠢᠶᠠᠨ ᠪᠠᠶᠢᠭᠤᠯᠤᠯᠲᠠ ᠶᠢᠨ | ᠲᠦᠷᠢᠮ ᠲᠣᠭᠲᠠᠭᠠᠯ ᠪᠠ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠲᠠᠷᠢᠶᠠᠯᠠᠩ ᠤᠨ ᠤᠰᠤᠨ ᠤ | ᠦᠨ᠎ᠡ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠠᠷᠢᠶᠠᠯᠠᠩ ᠤᠨ ᠤᠰᠤ ᠬᠡᠷᠡᠭᠯᠡᠬᠦ | ᠦᠨ᠎ᠡ ᠶᠢ ᠵᠦᠶ ᠵᠣᠬᠢᠰᠲᠠᠶ ᠲᠣᠭᠲᠠᠭᠠᠬᠤ ᠶᠢᠨ ᠬᠠᠮᠲᠤ ᠲᠣᠭᠲᠠᠭᠰᠠᠨ ᠨᠣᠷᠮ᠎ᠠ ︵ᠲᠥᠯᠥᠪᠯᠡᠭᠡ︶ ᠠᠴᠠ ᠳᠠᠪᠠᠭᠤᠯᠤᠨ | ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠬᠡᠷᠡᠭᠵᠢᠭᠦᠯᠦᠨ᠎ᠡ᠃ | 4. ᠤᠰᠤ ᠠᠷᠪᠢᠯᠠᠭᠰᠠᠨ ᠤ ᠱᠠᠩᠨᠠᠯ ᠤᠨ ᠲᠥᠷᠢᠮ ᠢ ᠪᠠᠶᠢᠭᠤᠯᠵᠤ᠂ ᠨᠡᠶᠢᠭᠡᠮ ᠤᠨ ᠬᠢᠨ ᠤ ᠪᠡᠯᠡ ᠮᠥᠩᠭᠦ ᠶᠢ | ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠲᠤ ᠣᠷᠣᠭᠤᠯᠬᠤ ᠶᠢ ᠵᠣᠷᠢᠭᠵᠢᠭᠤᠯᠤᠨ᠂ ᠤᠰᠤ ᠠᠷᠪᠢᠯᠠᠬᠤ | ᠤᠰᠤᠯᠠᠯᠲᠠ ᠶᠢᠨ ᠠᠷᠭ᠎ᠠ ᠮᠠᠶ᠋ᠢᠭ ᠢ ᠬᠡᠷᠡᠭᠯᠡᠨ ᠤᠰᠤ ᠶᠢ ᠠᠷᠪᠢᠯᠠᠵᠤ ᠬᠡᠷᠡᠭᠯᠡᠭᠰᠡᠨ ᠲᠠᠷᠢᠶᠠᠯᠠᠩ ᠤᠨ ᠤᠰᠤ ᠬᠡᠷᠡᠭᠯᠡᠬᠦ | ᠡᠷᠥᠭᠡ ᠳᠤ ᠵᠣᠬᠢᠬᠤ ᠬᠡᠮᠵᠢᠶᠡᠨ ᠤ ᠤᠰᠤ ᠠᠷᠪᠢᠯᠠᠭᠰᠠᠨ ᠱᠠᠩᠨᠠᠯ ᠣᠯᠭᠤᠨ᠎ᠠ᠃ | ᠬᠤᠶᠠᠷ᠂ ᠭᠤᠣᠯ ᠡᠭᠦᠷᠭᠡ | ︵ᠨᠢᠭᠡ︶ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠡᠬᠡ ᠲᠠᠩᠰᠠ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠤᠰᠤᠨ ᠠᠰᠢᠭᠯᠠᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠡᠯ᠎ᠡ | ᠰᠢᠶᠠᠩ ᠪᠠᠯᠭᠠᠰᠤ᠂ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠬᠠᠮᠵᠢᠯᠴᠠᠨ᠂ ᠪᠥᠬᠦ | ᠬᠤᠲᠠ ᠶᠢᠨ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠰᠠᠭᠤᠷᠢ ᠮᠡᠳᠡᠭᠡ ᠵᠠᠩᠭᠢ ᠶᠢ | ᠳᠡᠭᠡᠭᠰᠢ ᠳᠠᠮᠵᠢᠭᠤᠯᠬᠤ ᠠᠵᠢᠯ ᠢ ᠪᠡᠶᠡᠯᠡᠭᠦᠯᠵᠦ᠂ ᠲᠥᠷᠥᠯ ᠬᠤᠪᠢᠶᠠᠨ ᠳᠡᠩᠰᠡᠯᠡᠨ ᠳᠡᠪᠲᠡᠷᠯᠡᠵᠦ᠂ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠢᠭᠡᠳᠦᠯᠲᠡᠶ ᠪᠠᠶᠢᠯᠭᠠᠬᠤ ᠶᠢ ᠪᠡᠶᠡᠯᠡᠭᠦᠯᠦᠨ᠎ᠡ᠃ | ᠴᠠᠭ ᠤᠨ ᠬᠢᠵᠠᠭᠠᠷ ᠤᠨ ᠱᠠᠭᠠᠷᠳᠠᠯᠭ᠎ᠠ᠄ 2021 ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠪᠡᠶᠡᠯᠡᠭᠦᠯᠦᠨ᠎ᠡ᠃ | ︵ᠬᠤᠶᠠᠷ︶ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠶᠢ ᠲᠦᠷᠭᠡᠳᠬᠡᠨ | ᠲᠡᠭᠦᠯᠳᠡᠷᠵᠢᠭᠦᠯᠦᠨ᠎ᠡ᠃ ᠪᠥᠬᠦ ᠬᠤᠲᠠ ᠶᠢᠨ ᠨᠢᠭᠡᠨᠲᠡ ᠤᠭᠰᠠᠷᠠᠭᠰᠠᠨ ᠲᠠᠷᠢᠶᠠᠯᠠᠩ ᠤᠨ ᠤᠰᠤᠯᠠᠯᠲᠠ ᠶᠢᠨ ᠮᠠᠰᠢᠨ | ᠴᠠᠬᠢᠯᠭᠠᠨ ᠤ ᠬᠤᠳᠳᠤᠭ ᠤᠨ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠳᠤ ︽ᠨᠢᠭᠡ ᠬᠤᠳᠳᠤᠭ ᠨᠢᠭᠡ | ᠺᠠᠷᠲ︾᠂ ︽ᠨᠢᠭᠡ ᠡᠷᠦᠬᠡ ᠨᠢᠭᠡ ᠺᠠᠷᠲ︾ ᠵᠡᠷᠭᠡ ᠬᠡᠮᠵᠢᠯᠲᠡ ᠶᠢᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ | ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠤᠨ ᠮᠡᠳᠡᠭᠡ ᠵᠠᠩᠭᠢ ᠶᠢᠨ ᠲᠠᠪᠴᠠᠩ ᠤᠨ ᠴᠠᠭ ᠲᠤᠬᠠᠶ ᠳᠤᠨᠢ | ᠬᠢᠨᠠᠨ ᠬᠡᠮᠵᠢᠬᠦ᠂ ᠬᠢᠨᠠᠨ ᠬᠠᠮᠢᠶᠠᠷᠬᠤ ᠶᠢ ᠴᠢᠩᠭᠠᠳᠬᠠᠨ᠂ ᠲᠣᠰᠬᠤᠨ ᠤ ᠱᠠᠲᠤᠨ ᠤ ᠬᠡᠷᠡᠭᠯᠡᠬᠦ ᠤᠰᠤᠨ ᠤ ᠥᠷᠲᠡᠭ | ᠨᠡᠮᠡᠬᠦ ᠶᠢ ᠪᠦᠬᠦᠨ ᠢ ᠪᠡᠶᠡᠯᠡᠭᠦᠯᠵᠦ᠂ ᠲᠣᠰᠬᠤᠨ ᠤ ᠱᠠᠲᠤᠨ ᠤ ᠲᠠᠷᠢᠶᠠᠯᠠᠩ ᠤᠨ ᠬᠡᠷᠡᠭᠯᠡᠬᠦ ᠤᠰᠤᠨ ᠤ | ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠠᠴᠠ ᠬᠤᠷᠢᠶᠠᠨ ᠠᠪᠬᠤ ᠶᠢᠨ ᠬᠠᠮᠲᠤ ᠬᠠᠮᠢᠶᠠᠷᠤᠨ᠎ᠠ᠃ ᠲᠣᠭᠲᠠᠭᠰᠠᠨ | ᠨᠣᠷᠮ᠎ᠠ ︵ᠲᠥᠯᠥᠪᠯᠡᠭᠡ︶ ᠠᠴᠠ ᠳᠠᠪᠠᠭᠤᠯᠤᠨ ᠠᠬᠢᠭᠤᠯᠤᠨ ᠪᠤᠳᠤᠵᠤ ᠦᠨ᠎ᠡ ᠨᠡᠮᠡᠵᠦ ᠲᠠᠲᠠᠪᠤᠷᠢᠯᠠᠭᠰᠠᠨ ᠤᠰᠤᠨ ᠤ | ᠰᠦᠢᠳᠭᠡᠯ ᠢ ᠴᠠᠭ ᠲᠤᠬᠠᠶ ᠳᠤᠨᠢ ᠲᠤᠭ᠎ᠠ ᠶᠣᠰᠣᠭᠠᠷ ᠳᠡᠭᠡᠭᠰᠢ ᠳᠡᠭᠡᠳᠦ ᠱᠠᠲᠤᠨ ᠤ ᠡᠳ᠋ ᠤᠨ ᠵᠠᠰᠠᠭ ᠤᠨ ᠲᠤᠰᠬᠠᠶ | ᠲᠠᠩᠰᠠᠨ ᠡᠷᠦᠬᠡ ᠳᠤ ᠲᠤᠰᠢᠶᠠᠵᠤ ᠬᠠᠮᠢᠶᠠᠷᠤᠭᠤᠯᠤᠨ᠎ᠠ᠃ | ᠴᠠᠭ ᠤᠨ ᠬᠢᠵᠠᠭᠠᠷ ᠤᠨ ᠱᠠᠭᠠᠷᠳᠠᠯᠭ᠎ᠠ᠄ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠮᠠᠰᠢᠨ ᠴᠠᠬᠢᠯᠭᠠᠨ ᠬᠤᠳᠳᠤᠭ ᠤᠨ ᠤᠰᠤᠯᠠᠯᠲᠠ ᠶᠢᠨ IC ᠺᠠᠷᠲ ᠢ ᠣᠯᠭᠤᠬᠤ ᠠᠵᠢᠯ ᠢ ᠪᠡᠶᠡᠯᠡᠭᠦᠯᠦᠨ᠎ᠡ᠃ | ︵ᠭᠤᠷᠪᠠ︶ ᠤᠰᠤᠨ ᠤ ᠡᠷᠬᠡ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ ᠤᠰᠤᠨ ᠤ ᠡᠷᠬᠡ ᠶᠢᠨ | ᠲᠦᠷᠢᠮ ᠢ ᠪᠠᠶᠢᠭᠤᠯᠤᠨ᠎ᠠ᠃ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠮᠡᠳᠡᠭᠡ | ᠵᠠᠩᠭᠢ ᠶᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠡᠷᠬᠡ ᠶᠢ ᠬᠤᠪᠢᠶᠠᠷᠢᠯᠠᠬᠤ ᠪᠠ ᠬᠢᠵᠠᠭᠠᠷᠯᠠᠭᠰᠠᠨ ᠲᠤᠭ᠎ᠠ ᠶᠢ | ᠲᠣᠭᠲᠠᠭᠠᠭᠰᠠᠨ ᠵᠢᠯᠣᠭᠤᠳᠬᠤ ᠰᠠᠨᠠᠯ︾ ᠤᠨ ᠶᠣᠰᠣᠭᠠᠷ᠂ ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨ᠎ᠡ | ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠲᠠᠷᠢᠶᠠᠯᠠᠩ ᠤᠨ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ | ᠬᠢᠵᠠᠭᠠᠷᠯᠠᠬᠤ ᠭᠦᠢᠴᠡᠳᠬᠡᠬᠦ ᠲᠤᠭ᠎ᠠ ᠶᠢ ᠲᠣᠭᠲᠠᠭᠠᠬᠤ ᠠᠵᠢᠯ ᠢ ᠪᠡᠶᠡᠯᠡᠭᠦᠯᠬᠦ ᠶᠢᠨ ᠬᠠᠮᠲᠤ ᠲᠠᠷᠢᠶᠠᠯᠠᠩ ᠤᠨ | ᠤᠰᠤᠯᠠᠯᠲᠠ ᠶᠢᠨ ᠭᠠᠵᠠᠷ ᠳᠣᠣᠷᠠᠬᠢ ᠤᠰᠤ ᠶᠢ ᠬᠢᠵᠠᠭᠠᠷᠯᠠᠬᠤ ᠭᠦᠢᠴᠡᠳᠬᠡᠬᠦ ᠲᠤᠭ᠎ᠠ ᠶᠢ ᠰᠢᠶᠠᠩ ᠲᠣᠰᠬᠤᠨ ᠳᠤ | ᠬᠦᠷᠲᠡᠯ᠎ᠡ ᠬᠤᠳᠳᠤᠭ ︵ᠡᠷᠥᠭᠡ︶ ᠲᠤ ᠱᠠᠳᠤ ᠳᠠᠷᠠᠭᠠᠯᠠᠨ ᠬᠤᠪᠢᠶᠠᠷᠢᠯᠠᠵᠤ᠂ ᠲᠠᠷᠢᠶᠠᠯᠠᠩ ᠤᠨ ᠤᠰᠤᠯᠠᠯᠲᠠ ᠶᠢᠨ | ᠬᠡᠷᠡᠭᠯᠡᠬᠦ ᠤᠰᠤᠨ ᠤ ᠬᠢᠵᠠᠭᠠᠷ ᠲᠤᠭ᠎ᠠ ᠶᠢᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃ ᠡᠯ᠎ᠡ ᠰᠢᠶᠠᠩ ᠪᠠᠯᠭᠠᠰᠤ᠂ | ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠨᠢ ᠬᠤᠳᠠ ᠶᠢᠨ ᠵᠠᠰᠠᠭ ᠤᠨ ᠣᠷᠳᠣᠨ ᠤ | ᠪᠠᠭᠤᠯᠭᠠᠭᠰᠠᠨ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠶᠢ ᠡᠵᠡᠮᠳᠡᠬᠦ ᠭᠦᠢᠴᠡᠳᠬᠡᠬᠦ | ᠲᠤᠭ᠎ᠠ ᠶᠣᠰᠣᠭᠠᠷ᠂ ᠲᠤᠰ ᠭᠠᠵᠠᠷ ᠤᠨ ᠲᠠᠷᠢᠮᠠᠯ ᠤᠨ ᠪᠦᠲᠦᠴᠡ ᠪᠣᠯᠤᠨ ᠤᠰᠤᠯᠠᠯᠲᠠ ᠶᠢᠨ ᠠᠷᠭ᠎ᠠ ᠮᠠᠶ᠋ᠢᠭ ᠲᠠᠢ | ᠤᠶᠠᠯᠳᠤᠭᠤᠯᠤᠨ᠂ ᠡᠯ᠎ᠡ ᠲᠣᠰᠬᠤᠨ ᠤ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ | ᠪᠠᠶᠢᠭᠤᠯᠤᠯᠲᠠ ᠶᠢᠨ ᠤᠰᠤ ᠬᠡᠷᠡᠭᠯᠡᠬᠦ ᠲᠥᠯᠥᠪᠯᠡᠭᠡ ᠶᠢ ᠵᠦᠢ ᠵᠣᠬᠢᠰᠲᠠᠶ ᠲᠣᠭᠲᠠᠭᠠᠵᠤ᠂ ᠵᠠᠷᠴᠢᠮ ᠳᠡᠭᠡᠷ᠎ᠡ ᠪᠠᠨ ᠣᠨ | ᠤ ᠲᠠᠷᠢᠶᠠᠯᠠᠩ ᠤᠨ ᠤᠰᠤᠯᠠᠯᠲᠠ ᠶᠢᠨ ᠲᠣᠭᠲᠠᠭᠰᠠᠨ ᠨᠤᠷᠮ᠎ᠠ ᠶᠢ 120 ᠺᠦᠪ ᠮᠧᠲᠷ / ᠮᠤ᠋ ᠠᠴᠠ ᠳᠠᠪᠠᠭᠤᠯᠬᠤ | ᠦᠭᠡᠢ᠃ | ᠴᠠᠭ ᠤᠨ ᠬᠢᠵᠠᠭᠠᠷ ᠤᠨ ᠱᠠᠭᠠᠷᠳᠠᠯᠭ᠎ᠠ᠄ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠤᠰᠤᠨ ᠤ ᠡᠷᠬᠡ ᠶᠢᠨ ᠬᠤᠪᠢᠶᠠᠷᠢᠯᠠᠯᠲᠠ ᠪᠠ ᠬᠢᠵᠠᠭᠠᠷᠯᠠᠭᠰᠠᠨ ᠲᠤᠭ᠎ᠠ ᠶᠢ ᠲᠣᠭᠲᠠᠭᠠᠬᠤ ᠠᠵᠢᠯ ᠢ ᠪᠡᠶᠡᠯᠡᠭᠦᠯᠦᠨ᠎ᠡ᠃ | ︵ᠳᠥᠷᠪᠡ︶ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ︽ᠨᠣᠷᠮ᠎ᠠ ᠲᠣᠭᠲᠠᠭᠠᠨ ᠬᠠᠮᠢᠶᠠᠷᠬᠤ᠂ ᠤᠰᠤᠨ ᠤ ᠡᠷᠬᠡ ᠶᠢᠨ ᠬᠢᠵᠠᠭᠠᠷ ᠲᠤᠭ᠎ᠠ᠂ ᠱᠠᠩᠨᠠᠬᠤ ᠶᠢ | ᠠᠷᠪᠢᠯᠠᠨ ᠲᠣᠷᠭᠠᠬᠤ ᠠᠴᠠ ᠬᠡᠲᠦᠷᠡᠭᠦᠯᠬᠦ᠂ ᠵᠦᠶ ᠵᠣᠬᠢᠰᠲᠠᠶ ᠪᠠᠷ ᠡᠭᠦᠷᠭᠡᠯᠡᠬᠦ︾ ᠵᠠᠷᠴᠢᠮ ᠶᠣᠰᠣᠭᠠᠷ᠂ | ᠲᠠᠷᠢᠶᠠᠴᠢᠳ ᠤᠨ ᠳᠠᠭᠠᠭᠠᠬᠤ ᠴᠢᠳᠠᠪᠤᠷᠢ ᠶᠢ ᠦᠨᠳᠦᠰᠦᠯᠡᠨ᠂ ᠤᠤᠯ ᠤᠨ ᠠᠵᠢᠯᠯᠠᠭᠠᠨ ᠤ ᠥᠪᠡᠷ ᠤᠨ ᠥᠷᠲᠡᠭ ᠠᠴᠠ | ᠥᠨᠳᠥᠷ ᠥᠬᠡᠶ ᠪᠤᠶᠤ ᠲᠡᠩᠴᠡᠭᠦᠤ ᠪᠠᠶᠢᠬᠤ ᠪᠠᠶᠢᠳᠠᠯ ᠳᠣᠤᠷ᠎ᠠ ᠲᠤᠬᠠᠶ ᠶᠢᠨ ᠭᠠᠵᠠᠷ ᠲᠤᠨᠢ ᠪᠠᠶᠢᠴᠠᠭᠠᠨ ᠲᠥᠰᠦᠭᠡᠯᠡᠨ | ᠪᠤᠳᠤᠵᠤ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢ ᠲᠥᠰᠦᠭᠡᠯᠡᠨ ᠪᠤᠳᠤᠭᠰᠠᠨ ᠮᠡᠳᠡᠭᠦᠯᠦᠯᠲᠡ ᠶᠢ | ᠪᠣᠶ ᠪᠣᠯᠭᠠᠵᠤ᠂ ᠦᠨ᠎ᠡ ᠬᠠᠩᠰᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠢᠶᠠᠵᠤ ᠭᠡᠷᠡᠴᠢᠯᠡᠭᠡ | ᠰᠣᠨᠣᠰᠤᠭᠰᠠᠨ ᠤ ᠳᠠᠷᠠᠭ᠎ᠠ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢ ᠲᠣᠭᠲᠠᠭᠠᠨ᠎ᠠ᠃ | ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ᠠᠩᠬᠠᠨ ᠤ ᠤᠰᠤᠨ ᠤ ᠡᠷᠬᠡ ᠪᠠ ᠬᠡᠷᠡᠭᠯᠡᠬᠦ ᠤᠰᠤᠨ ᠤ | ᠬᠢᠵᠠᠭᠠᠷ ᠲᠤᠭ᠎ᠠ ᠶᠢ ᠲᠣᠭᠲᠠᠭᠠᠭᠰᠠᠨ ᠰᠠᠭᠤᠷᠢᠨ ᠳᠡᠭᠡᠷ᠎ᠡ᠂ ᠲᠣᠭᠲᠠᠭᠰᠠᠨ ᠨᠣᠷᠮ᠎ᠠ ︵ᠲᠥᠯᠥᠪᠯᠡᠭᠡ︶ ᠠᠴᠠ | ᠳᠠᠪᠠᠭᠤᠯᠤᠨ ᠠᠬᠢᠭᠤᠯᠤᠨ ᠪᠤᠳᠤᠵᠤ ᠦᠨ᠎ᠡ ᠨᠡᠮᠡᠬᠦ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ | ᠵᠠᠭᠪᠤᠷ ᠢ ᠬᠡᠷᠡᠭᠵᠢᠭᠦᠯᠵᠦ᠂ ᠪᠣᠳᠠᠲᠠᠶ ᠠᠬᠢᠭᠤᠯᠤᠨ ᠪᠤᠳᠤᠵᠤ ᠦᠨ᠎ᠡ ᠨᠡᠮᠡᠬᠦ ᠶᠢᠨ ᠬᠡᠷᠡᠭᠵᠢᠭᠦᠯᠬᠦ ᠨᠠᠷᠢᠨ ᠲᠦᠷᠢᠮ ᠢ | ᠠᠰ ᠲᠤᠨᠢ ᠲᠣᠭᠲᠠᠭᠠᠨ᠎ᠠ᠃ | ᠴᠠᠭ ᠤᠨ ᠬᠢᠵᠠᠭᠠᠷ ᠤᠨ ᠱᠠᠭᠠᠷᠳᠠᠯᠭ᠎ᠠ᠄ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠲᠣᠭᠲᠠᠭᠰᠠᠨ ᠨᠣᠷᠮ᠎ᠠ ᠠᠴᠠ ᠳᠠᠪᠠᠭᠤᠯᠤᠨ ︵ᠲᠥᠯᠥᠪᠯᠡᠭᠡ︶ ᠠᠬᠢᠭᠤᠯᠤᠨ ᠪᠤᠳᠤᠵᠤ ᠦᠨ᠎ᠡ ᠨᠡᠮᠡᠬᠦ ᠲᠠᠪᠴᠠᠩ ᠤᠨ | ᠰᠢᠰᠲ᠋ᠧᠮ ᠢ ᠳᠣᠭᠢᠷᠠᠭᠤᠯᠬᠤ ᠠᠵᠢᠯ ᠢ ᠪᠡᠶᠡᠯᠡᠭᠦᠯᠦᠨ᠎ᠡ᠃ | ︵ᠲᠠᠪᠤ︶ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠬᠤᠲᠠ᠂ ᠰᠢᠶᠠᠩ᠂ ᠲᠣᠰᠬᠤᠨ ᠭᠤᠷᠪᠠᠨ ᠱᠠᠲᠤᠨ ᠤ ᠲᠠᠷᠢᠶᠠᠯᠠᠩ ᠤᠨ ᠤᠰᠤ ᠬᠡᠷᠡᠭᠯᠡᠬᠦ | ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠪᠥᠬᠦ ᠬᠤᠳᠠ ᠶᠢᠨ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ ᠵᠢᠯᠣᠭᠤᠳᠴᠤ᠂ ᠰᠢᠶᠠᠩ᠂ ᠲᠣᠰᠬᠤᠨ | ᠬᠤᠶᠠᠷ ᠱᠠᠲᠤᠨ ᠤ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠨᠤᠭᠤᠳ | ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ | ᠲᠠᠷᠢᠶᠠᠯᠠᠩ ᠤᠨ ᠤᠰᠤᠯᠠᠯᠲᠠ ᠶᠢᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠵᠠᠭᠪᠤᠷ ᠢ ᠪᠠᠶᠢᠭᠤᠯᠤᠨ | ᠲᠡᠭᠦᠯᠳᠡᠷᠵᠢᠭᠦᠯᠵᠦ᠂ ᠭᠠᠵᠠᠷ ᠳᠣᠣᠷᠠᠬᠢ ᠤᠰᠤ ᠶᠢ ᠴᠢᠩᠭ᠎ᠠ ᠬᠠᠮᠢᠶᠠᠷᠤᠨ ᠡᠵᠡᠮᠳᠡᠵᠦ᠂ ᠲᠠᠷᠢᠶᠠᠯᠠᠩ ᠤᠨ ᠥᠨᠳᠥᠷ | ᠦᠷ᠎ᠡ ᠠᠰᠢᠭ ᠲᠠᠢ ᠤᠰᠤ ᠠᠷᠪᠢᠯᠠᠬᠤ ᠶᠢ ᠠᠬᠢᠭᠤᠯᠬᠤ ᠬᠡᠷᠡᠭᠲᠡᠶ᠃ | ᠴᠠᠭ ᠤᠨ ᠬᠢᠵᠠᠭᠠᠷ ᠤᠨ ᠱᠠᠭᠠᠷᠳᠠᠯᠭ᠎ᠠ᠄ 2021 ᠣᠨ ᠤ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠵᠤ ᠪᠥᠲᠥᠭᠡᠨ ᠪᠠᠶᠢᠭᠤᠯᠬᠤ ᠠᠵᠢᠯ ᠢ | ᠪᠡᠶᠡᠯᠡᠭᠦᠯᠦᠨ᠎ᠡ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠲᠠ ᠶᠢᠨ ᠵᠠᠰᠠᠭ ᠤᠨ | ᠣᠷᠳᠣᠨ ᠤ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠥᠬᠦᠶ | ᠤᠳᠤᠷᠢᠳᠤᠯᠭ᠎ᠠ ᠪᠠᠷ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠤᠰᠤᠨ ᠠᠰᠢᠭᠯᠠᠯᠲᠠ᠂ ᠬᠥᠭᠵᠢᠭᠦᠯᠦᠯᠲᠡ | ᠥᠭᠡᠷᠡᠴᠢᠯᠡᠯᠲᠡ᠂ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ᠂ ᠤᠬᠠᠭᠤᠯᠭ᠎ᠠ᠂ ᠳᠣᠲᠣᠭᠠᠳᠤ ᠶᠢ | ᠬᠠᠮᠠᠭᠠᠯᠠᠬᠤ᠂ ᠴᠠᠬᠢᠯᠭᠠᠨ ᠬᠠᠩᠭᠠᠬᠤ ᠵᠡᠷᠭᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠢᠶᠠᠷ | ᠪᠦᠷᠢᠯᠳᠦᠬᠦᠨ ᠪᠣᠯᠭᠠᠭᠰᠠᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃ ᠠᠯᠪᠠᠨ ᠬᠡᠷ ᠢ ᠤᠰᠤᠨ ᠠᠰᠢᠭᠯᠠᠯᠲᠠ ᠶᠢᠨ ᠲᠣᠪᠴᠢᠶ᠎ᠠ ᠳᠤ | ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠤᠰᠤᠨ ᠠᠰᠢᠭᠯᠠᠯᠲᠠ ᠶᠢᠨ ᠲᠣᠪᠴᠢᠶ᠎ᠠ ᠶᠢᠨ | ᠲᠣᠪᠴᠢᠶᠠᠨ ᠳᠠᠷᠤᠭ᠎ᠠ ᠬᠠᠪᠰᠤᠷᠭᠠᠨ ᠬᠠᠷᠢᠭᠤᠴᠠᠵᠤ᠂ ᠭᠤᠤᠯᠳᠠᠭᠤ ᠠᠵᠢᠯ ᠢ ᠠᠬᠢᠭᠤᠯᠬᠤ ᠶᠠᠪᠤᠴᠠ ᠳᠤ | ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠵᠤ᠂ ᠡᠯ᠎ᠡ ᠵᠦᠢᠯ ᠤᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ | ︵ᠬᠤᠶᠠᠷ︶ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠶ᠃ ᠤᠰᠤᠨ ᠠᠰᠢᠭᠯᠠᠯᠲᠠ ᠶᠢᠨ | ᠰᠠᠯᠠᠭ᠎ᠠ ᠮᠥᠴᠢᠷ ᠤᠳ ᠲᠤᠰᠬᠠᠶ ᠮᠡᠷᠭᠡᠵᠢᠯ ᠤᠨ ᠠᠵᠢᠯᠳᠠᠨ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠯᠭᠡᠵᠦ᠂ ᠬᠤᠲᠠ᠂ ᠰᠢᠶᠠᠩ᠂ ᠲᠣᠰᠬᠤᠨ ᠤ ᠬᠠᠮᠢᠶ᠎ᠠ ᠪᠥᠬᠦᠢ | ᠬᠥᠮᠦᠰ ᠤᠨ ᠦᠵᠡᠯ ᠰᠠᠨᠠᠭ᠎ᠠ ᠲᠠᠨᠢᠯᠲᠠ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ | ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ | ᠰᠦᠯᠵᠢᠶ᠎ᠡ ᠵᠡᠷᠭᠡ ᠵᠠᠭᠤᠴᠢᠯᠠᠭᠤᠷ ᠢ ᠬᠦᠢᠴᠡᠳ ᠠᠰᠢᠭᠯᠠᠨ ᠤᠬᠠᠭᠤᠯᠭ᠎ᠠ ᠶᠢᠨ ᠠᠵᠢᠯ ᠥᠷᠨᠢᠭᠦᠯᠵᠦ᠂ ᠶᠠᠷᠢᠶ᠎ᠠ | ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠤᠰᠤᠨ ᠤ ᠪᠠᠶᠢᠳᠠᠯ ᠤᠨ ᠬᠥᠮᠦᠵᠢᠯ ᠢ | ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠦᠨ᠎ᠡ ᠲᠥᠯᠥᠪᠦᠷᠢ ᠲᠠᠢ ᠪᠠᠷ ᠤᠰᠤ ᠬᠡᠷᠡᠭᠯᠡᠬᠦ ᠪᠠ ᠤᠰᠤ ᠠᠷᠪᠢᠯᠠᠬᠤ | ᠤᠬᠠᠮᠰᠠᠷᠲᠤ ᠴᠢᠨᠠᠷ ᠢ ᠨᠡᠮᠡᠭᠳᠡᠭᠦᠯᠦᠨ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ | ᠲᠣᠭᠲᠠᠴᠠ ᠶᠢ ᠲᠡᠭᠦᠯᠳᠡᠷᠵᠢᠭᠦᠯᠬᠦ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ | ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ᠃ | ︵ᠭᠤᠷᠪᠠ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠤᠨ ᠬᠢᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ | ᠲᠤᠰ ᠲᠤᠰ ᠤᠨ ᠡᠭᠦᠷᠭᠡ ᠲᠤᠰᠢᠶᠠᠯ ᠪᠠ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠯᠴᠠᠨ ᠬᠠᠮᠵᠢᠯᠴᠠᠵᠤ᠂ | ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ︔ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠵᠣᠬᠢᠶᠠᠨ ᠪᠠᠶᠢᠭᠤᠯᠬᠤ | ᠬᠡᠯᠲᠡᠰ ᠠᠴᠠ ᠡᠨᠡᠬᠦ ᠠᠵᠢᠯ ᠢ ᠣᠨ ᠤ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠬᠤ | ᠬᠡᠷᠡᠭᠲᠡᠢ︔ ᠡᠯ᠎ᠡ ᠰᠢᠶᠠᠩ ᠪᠠᠯᠭᠠᠰᠤ᠂ ᠬᠤᠳᠠ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠨᠢ | ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠴᠤ᠂ ᠠᠵᠢᠯ ᠤᠨ | ᠡᠷᠴᠢᠮ ᠢᠶᠠᠨ ᠴᠢᠩᠭᠠᠷᠠᠭᠤᠯᠤᠨ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ᠃ | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |