ᠰᠠᠨᠠᠭᠠᠴᠢᠯᠠᠭ᠎ᠠ ᠠᠴᠠ ᠪᠠᠨ ᠸᠠᠺᠼᠢᠨ ᠤ ᠲᠠᠷᠢᠯᠭ᠎ᠠ ᠬᠢᠵᠦ ᠡᠭᠡᠯᠢᠯᠡᠭᠡ ᠶᠢᠨ ᠬᠠᠯᠬᠠᠪᠴᠢ ᠶᠢ ᠬᠠᠮᠳᠤᠪᠠᠷ  ᠪᠠᠶᠢᠭᠤᠯᠤᠶ᠎ᠠ —— ᠰᠢᠨ᠎ᠡ ᠲᠢᠳᠢᠮᠯᠢᠭᠲᠦ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠲᠤᠬᠠᠢ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/8/16
ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠡ᠄    ᠣᠳᠣᠬᠠᠨ ᠳᠤ ᠪᠥᠬᠦ ᠳᠡᠯᠡᠬᠡᠶ ᠳᠤ ᠰᠢᠨ᠎ᠡ ᠲᠢᠳᠢᠮᠯᠢᠭᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠦᠷᠭᠦᠯᠵᠢᠯᠡᠨ ᠳᠡᠯᠭᠡᠷᠡᠵᠦ᠂ ᠮᠠᠨ ᠤ ᠤᠯᠤᠰ ᠤᠨ ᠣᠯᠠᠨ ᠭᠠᠵᠠᠷ ᠲᠤ ᠲᠣᠰ ᠭᠠᠵᠠᠷ ᠣᠷᠣᠨ ᠤ ᠬᠢᠨ ᠣᠨᠣᠰᠢᠯᠠᠭᠰᠠᠨ ᠡᠪᠡᠳᠴᠢᠨ ᠤ ᠵᠢᠱᠢᠶ᠎ᠡ ᠤᠯᠠᠨᠳᠠ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠬᠦᠨᠳᠦ ᠨᠣᠴᠢᠲᠠᠶ ᠪᠥᠭᠡᠳ ᠪᠤᠳᠤᠯᠢᠶᠠᠨᠲᠠᠶ ᠪᠠᠶᠢᠨ᠎ᠠ᠃ ᠸᠠᠺᠼᠢᠨ ᠤ ᠲᠠᠷᠢᠯᠭ᠎ᠠ ᠪᠣᠯ ᠪᠥᠬᠦ ᠠᠷᠠᠳ ᠤᠨ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠵᠤ᠂ ᠬᠢᠵᠢᠭ ᠤᠨ ᠲᠠᠷᠬᠠᠯᠲᠠ ᠶᠢ ᠬᠤᠷᠢᠭᠯᠠᠬᠤ ᠬᠠᠮᠤᠭ ᠤᠨ ᠬᠢᠮᠳᠠ᠂ ᠬᠠᠮᠤᠭ ᠤᠨ ᠲᠦᠷᠭᠡᠨ ᠪᠥᠭᠡᠳ ᠬᠠᠮᠤᠭ ᠤᠨ ᠪᠦᠲᠦᠮᠵᠢᠲᠡᠶ ᠠᠷᠭ᠎ᠠ ᠪᠠᠷᠢᠯ ᠮᠥᠨ᠃ ᠮᠠᠨ ᠤ ᠬᠤᠲᠠ ᠶᠢᠨ ᠡᠭᠡᠯᠢᠯᠡᠭᠡ ᠶᠢᠨ ᠬᠠᠯᠬᠠᠪᠴᠢ ᠶᠢ ᠠᠯᠢ ᠲᠦᠷᠭᠡᠨ ᠢᠶᠠᠷ ᠪᠠᠶᠢᠭᠤᠯᠵᠤ᠂ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠶᠢᠨ ᠲᠥᠯᠥᠭᠡ᠂ ᠡᠳᠦᠭᠡ ᠥᠷᠭᠡᠨ ᠣᠯᠠᠨ ᠬᠤᠲᠠ ᠶᠢᠨ ᠠᠷᠠᠳ ᠲᠤ ᠳᠣᠤᠷᠠᠬᠢ ᠮᠡᠲᠦ ᠰᠠᠨᠠᠭᠠᠴᠢᠯᠠᠭ᠎ᠠ ᠭᠠᠷᠭᠠᠶ᠎ᠠ᠄    ᠨᠢᠭᠡ᠂ ᠰᠢᠨ᠎ᠡ ᠲᠢᠳᠢᠮᠯᠢᠭᠲᠦ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠶᠡᠷᠦᠩᠬᠡᠶ ᠲᠣᠬᠢᠷᠠᠭᠤᠯᠤᠯᠲᠠ ᠶᠢᠨ ᠶᠣᠰᠣᠭᠠᠷ᠂ 8 ᠰᠠᠷ᠎ᠠ ᠶᠢᠨ 22 ᠤᠨ ᠡᠳᠦᠷ ᠠᠴᠠ ᠡᠮᠦᠨ᠎ᠡ ᠪᠥᠬᠦ ᠬᠤᠲᠠ ᠶᠢᠨ ᠰᠠᠭᠤᠭᠠᠯᠢ ᠠᠷᠠᠳ ᠤᠨ ᠠᠩᠬᠠᠳᠠᠭᠴᠢ ᠲᠠᠷᠢᠯᠭ᠎ᠠ ᠶᠢ ᠳᠠᠭᠤᠰᠬᠠᠵᠤ᠂ 9 ᠰᠠᠷ᠎ᠠ ᠶᠢᠨ ᠰᠡᠭᠦᠯᠴᠢ ᠠᠴᠠ ᠡᠮᠦᠨ᠎ᠡ ᠬᠤᠶᠠᠳᠠᠬᠢ ᠲᠠᠷᠢᠯᠭ᠎ᠠ ᠶᠢ ᠳᠠᠭᠤᠰᠬᠠᠨ᠎ᠠ᠃ ᠰᠢᠨ᠎ᠡ ᠲᠠᠷᠢᠯᠭ᠎ᠠ ᠶᠢᠨ ᠸᠠᠺᠼᠢᠨ ᠤ ᠲᠠᠷᠢᠯᠭ᠎ᠠ ᠶᠢᠨ ᠠᠬᠢᠴᠠ ᠶᠢ ᠲᠦᠷᠭᠡᠳᠬᠡᠬᠦ ᠶᠢᠨ ᠲᠥᠯᠥᠭᠡ᠂ ᠮᠠᠨ ᠤ ᠬᠤᠲᠠ ᠳᠤ ᠠᠵᠢᠯᠯᠠᠵᠤ ᠠᠮᠢᠳᠤᠷᠠᠵᠤ ᠪᠠᠶᠢᠭ᠎ᠠ᠂ ᠪᠦᠬᠦᠯᠢ 12 ᠨᠠᠰᠤ ᠭᠦᠷᠦᠭᠰᠡᠨ ︵ᠡᠷᠦᠬᠡ ᠠᠮᠠ ᠶᠢᠨ ᠲᠠᠩᠰᠠ ᠶᠢᠨ ᠬᠢᠵᠠᠭᠠᠷ ᠥᠬᠡᠶ︶ ᠮᠥᠷᠲᠡᠭᠡᠨ ᠸᠠᠺᠼᠢᠨ ᠤ ᠲᠠᠷᠢᠯᠭ᠎ᠠ ᠶᠢᠨ ᠴᠡᠭᠡᠷᠯᠡᠬᠦ ᠡᠪᠡᠳᠴᠢᠨ ᠥᠬᠡᠶ ᠬᠥᠮᠦᠰ ᠲᠤ ᠲᠠᠷᠢᠯᠭ᠎ᠠ ᠶᠢᠨ ᠴᠠᠭ ᠢ ᠵᠦᠶ ᠵᠣᠬᠢᠰᠲᠠᠶ ᠲᠣᠬᠢᠷᠠᠭᠤᠯᠵᠤ᠂ ᠲᠣᠭᠲᠠᠭᠰᠠᠨ ᠲᠠᠷᠢᠯᠭ᠎ᠠ ᠶᠢᠨ ᠴᠡᠭ ᠲᠤ ᠬᠦᠷᠴᠦ ᠰᠢᠨ᠎ᠡ ᠲᠢᠳᠢᠮᠯᠢᠭᠳᠦ ᠸᠢᠷᠦ᠋ᠰ ᠤᠨ ᠸᠠᠺᠼᠢᠨ ᠢ ᠠᠯᠢ ᠲᠦᠷᠭᠡᠨ ᠢᠶᠠᠷ ᠳᠠᠷᠢᠬᠤ ᠶᠢ ᠬᠦᠰᠡᠵᠦ ᠪᠠᠶᠢᠨ᠎ᠠ᠃ ᠲᠠᠷᠢᠯᠭ᠎ᠠ ᠬᠢᠬᠦ ᠳᠡᠭᠡᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠠᠮᠠᠪᠴᠢ ᠵᠡᠬᠦᠨ᠂ ᠨᠢᠭᠡ ᠮᠧᠲᠷ ᠠᠴᠠ ᠳᠡᠭᠡᠭᠰᠢ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠵᠤ᠂ ᠬᠥᠮᠦᠨ ᠬᠠᠷ᠎ᠠ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠶ᠃    ᠬᠤᠶᠠᠷ᠂ ᠪᠥᠬᠦ ᠬᠤᠲᠠ ᠶᠢᠨ ᠡᠯ᠎ᠡ ᠱᠠᠲᠤᠨ ᠤ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠨ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠵᠤ ᠂ ᠸᠠᠺᠼᠢᠨ ᠤ ᠲᠠᠷᠢᠯᠭ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠷᠦᠭᠦᠯᠡᠨ ᠤᠬᠠᠭᠤᠯᠤᠨ ᠲᠠᠶᠢᠯᠪᠤᠷᠢᠯᠠᠵᠤ᠂ ᠬᠡᠷ ᠪᠦᠯᠢ ᠶᠢᠨ ᠬᠢᠨ ᠨᠠᠶᠢᠵᠠ ᠨᠥᠬᠦᠳ᠂ ᠨᠡᠶᠢᠭᠡᠮ ᠲᠣᠭᠤᠷᠢᠭ ᠤᠨ ᠣᠯᠠᠨ ᠲᠦᠮᠡᠨ ᠢ ᠳᠠᠶᠢᠴᠢᠯᠠᠨ ᠰᠠᠨᠠᠭᠠᠴᠢᠯᠠᠭ᠎ᠠ ᠠᠴᠠ ᠪᠠᠨ ᠲᠠᠷᠢᠯᠭ᠎ᠠ ᠬᠢᠯᠭᠡᠬᠦ ᠬᠡᠷᠡᠭᠲᠡᠶ᠃    ᠭᠤᠷᠪᠠ᠂ ᠲᠠᠷᠢᠯᠭ᠎ᠠ ᠬᠢᠬᠦ ᠳᠡᠭᠡᠨ ᠬᠠᠮᠢᠶ᠎ᠠ ᠪᠦᠬᠦᠢ ᠳᠦᠷᠢᠮᠵᠢᠯ ᠤᠨ ᠶᠠᠪᠤᠴᠠ ᠶᠢ ᠴᠢᠩᠭ᠎ᠠ ᠵᠢᠷᠤᠮᠯᠠᠵᠤ᠂ ᠨᠢᠭᠡᠳᠦᠭᠡᠷ ᠲᠠᠷᠢᠯᠭ᠎ᠠ ᠶᠢ ᠲᠠᠷᠢᠵᠤ ᠪᠠᠷᠠᠭᠰᠠᠨ ᠤ ᠳᠠᠷᠠᠭ᠎ᠠ ᠴᠠᠭ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠪᠦᠬᠦ ᠶᠠᠪᠤᠴᠠ ᠳᠤ ᠲᠠᠷᠢᠯᠭ᠎ᠠ ᠬᠢᠵᠦ᠂ ᠬᠠᠮᠤᠭ ᠤᠨ ᠰᠠᠶᠢᠨ ᠡᠭᠡᠯᠢᠯᠡᠭᠡ ᠶᠢᠨ ᠦᠷ᠎ᠡ ᠳ᠋ᠦᠩ ᠳᠤ ᠬᠦᠷᠭᠡᠬᠦ ᠬᠡᠷᠡᠭᠲᠡᠶ᠃    ᠳᠥᠷᠪᠡ᠂ ᠣᠶᠢᠷ᠎ᠠ ᠶᠢᠨ ᠬᠤᠭᠤᠴᠠᠭᠠᠨ ᠳᠤ ᠳᠡᠯᠭᠡᠷᠡᠭᠰᠡᠨ ᠳ᠋ᠤᠯᠲᠨ ᠸᠢᠷᠦ᠋ᠰ ᠤᠨ ᠳᠠᠭᠠᠭᠠᠴᠠ ᠨᠢ ᠥᠨᠳᠥᠷ᠂ ᠨᠢᠭᠤᠭᠳᠠᠮᠠᠯ ᠬᠤᠭᠤᠴᠠᠭ᠎ᠠ ᠨᠢ ᠣᠬᠤᠷ᠂ ᠲᠠᠷᠬᠠᠬᠤ ᠬᠤᠷᠳᠤᠴᠠ ᠨᠢ ᠲᠦᠷᠭᠡᠨ᠂ ᠬᠠᠯᠳᠠᠪᠤᠷᠢᠯᠠᠬᠤ ᠨᠤᠷᠮ᠎ᠠ ᠨᠢ ᠥᠨᠳᠥᠷ ᠪᠠᠶᠢᠳᠠᠭ᠃ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠢᠨ ᠬᠥᠮᠦᠨ ᠣᠯᠠᠨ ᠣᠷᠣᠨ ᠵᠠᠶ ᠨᠢᠭᠲᠠ ᠪᠠᠶᠢᠭ᠎ᠠ ᠪᠠᠶᠢᠳᠠᠯ ᠳᠤ ᠴᠢᠭᠯᠡᠭᠦᠯᠦᠨ᠂ ᠸᠢᠷᠦ᠋ᠰ ᠤᠨ ᠬᠠᠯᠳᠠᠪᠤᠷᠢᠯᠠᠬᠤ ᠲᠦᠭᠰᠢᠭᠦᠷᠢ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠶᠢᠨ ᠲᠥᠯᠥᠭᠡ᠂ ᠬᠦᠢᠳᠡᠨ ᠬᠡᠯᠬᠢᠶ᠎ᠡ᠂ ᠡᠳ᠋ ᠪᠠᠷᠠᠭᠠᠨ ᠤ ᠭᠦᠢᠯᠭᠡᠭᠡ᠂ ᠲᠦᠷᠭᠡᠨ ᠬᠦᠷᠭᠡᠯᠲᠡ᠂ ᠬᠡᠤᠬᠡᠳ ᠰᠠᠭᠠᠲᠠᠭᠤᠯᠬᠤ᠂ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ᠂ ᠬᠤᠳᠠᠯᠳᠤᠭᠠᠨ ᠤ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠤᠰᠤ ᠴᠠᠬᠢᠯᠭᠠᠨ ᠨᠡᠭᠦᠷᠡᠰᠦᠨ ᠬᠡᠶ᠂ ᠵᠣᠴᠢᠳ ᠤᠨ ᠪᠠᠭᠤᠳᠠᠯ᠂ ᠰᠦᠯᠵᠢᠶᠡᠨ ᠤ ᠪᠠᠭᠠᠷ᠂ KTV᠂ ᠺᠢᠨᠣ᠋ ᠶᠢᠨ ᠣᠷᠳᠣᠨ ᠵᠡᠷᠭᠡ ᠠᠵᠢᠯ ᠲᠥᠷᠥᠯ ᠤᠨ ᠠᠵᠢᠯᠲᠠᠨ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ ᠰᠠᠶ᠋ᠢ ᠠᠵᠢᠯ ᠤᠨ ᠪᠠᠶᠢᠷᠢ ᠳᠤ ᠭᠠᠷᠬᠤ ᠶᠢ ᠰᠠᠨᠠᠭᠠᠴᠢᠯᠠᠶ᠎ᠠ᠃    ᠲᠠᠪᠤ᠂ ᠰᠢᠨ᠎ᠡ ᠲᠢᠳᠢᠮᠯᠢᠭᠳᠦ ᠸᠢᠷᠦ᠋ᠰ ᠢᠯᠠᠩᠭᠤᠶ᠎ᠠ ᠳ᠋ᠤᠯᠲᠨ ᠬᠤᠣᠷ ᠤᠨ ᠰᠠᠭᠤᠷᠢ ᠶᠢᠨ ᠣᠯᠠᠨ ᠨᠡᠶᠢᠲᠡ ᠶᠢᠨ ᠲᠠᠯᠠᠪᠤᠷ ᠲᠤ ᠲᠠᠷᠬᠠᠬᠤ ᠠᠶᠤᠯ ᠲᠦᠭᠰᠢᠭᠦᠷᠢ ᠶᠢ ᠪᠠᠭᠠᠰᠬᠠᠨ᠂ ᠬᠤᠪᠢ ᠬᠥᠮᠦᠨ ᠤ ᠬᠠᠯᠳᠠᠪᠤᠷᠢᠯᠠᠭᠳᠠᠬᠤ ᠦᠭᠡᠶ ᠪᠠᠶᠢᠬᠤ ᠶᠢ ᠬᠠᠮᠠᠭᠠᠯᠠᠬᠤ ᠶᠢᠨ ᠲᠥᠯᠥᠭᠡ᠂ ᠸᠠᠺᠼᠢᠨ ᠤ ᠲᠠᠷᠢᠯᠭ᠎ᠠ ᠬᠢᠭᠰᠡᠨ ᠥᠬᠡᠶ ᠬᠥᠮᠦᠰ ᠴᠢᠬᠤᠯᠠ ᠦᠭᠡᠢ ᠪᠠᠶᠢᠳᠠᠯ ᠳᠤᠤᠷ᠎ᠠ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠠᠷ ᠭᠠᠳᠠᠭᠰᠢ ᠭᠠᠷᠬᠤ ᠥᠬᠡᠶ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠬᠡᠲᠦ ᠳᠡᠯᠭᠡᠭᠦᠷ᠂ ᠦᠵᠡᠮᠵᠢ ᠶᠢᠨ ᠣᠷᠣᠨ᠂ ᠨᠠᠰᠤᠲᠠᠨ ᠢ ᠠᠰᠠᠷᠠᠬᠤ ᠬᠦᠷᠢᠶᠡᠯᠡᠩ᠂ ᠬᠡᠤᠬᠡᠳ ᠰᠠᠭᠠᠲᠠᠭᠤᠯᠬᠤ ᠭᠠᠵᠠᠷ᠂ ᠰᠤᠷᠭᠠᠭᠤᠯᠢ ︵ᠬᠡᠤᠬᠡᠳ ᠤᠨ ᠴᠡᠴᠡᠷᠯᠢᠭ ᠪᠠᠭᠲᠠᠨ᠎ᠠ︶᠂ ᠰᠣᠶᠣᠯ ᠴᠡᠩᠭᠡᠯ ᠤᠨ ᠲᠠᠯᠠᠪᠤᠷ ︵ᠰᠣᠶᠣᠯ ᠤᠨ ᠣᠷᠳᠣᠨ᠂ ᠮᠦᠽᠧᠶ᠂ ᠨᠣᠮ ᠤᠨ ᠰᠠᠩ᠂ ᠺᠢᠨᠣ᠋ ᠶᠢᠨ ᠣᠷᠳᠣᠨ᠂ ᠠᠷᠢᠬᠢᠨ ᠪᠠᠭᠠᠷ᠂ ᠰᠦᠯᠵᠢᠶᠡᠨ ᠤ ᠪᠠᠭᠠᠷ ᠪᠠᠭᠲᠠᠬᠤ ᠪᠤᠯᠪᠠᠴᠦ ᠬᠢᠵᠠᠭᠠᠷᠯᠠᠬᠳᠠᠬᠤ ᠥᠬᠡᠶ︶ ᠵᠡᠷᠭᠡ ᠭᠤᠤᠯᠳᠠᠯᠭ᠎ᠠ ᠲᠠᠢ ᠣᠯᠠᠨ ᠨᠡᠶᠢᠲᠡ ᠶᠢᠨ ᠲᠠᠯᠠᠪᠤᠷ ᠲᠤ ᠣᠷᠣᠵᠤ ᠭᠠᠷᠬᠤ ᠥᠬᠡᠶ ᠪᠠᠶᠢᠬᠤ ᠶᠢ ᠰᠠᠨᠠᠭᠠᠴᠢᠯᠠᠶ᠎ᠠ᠃    ᠵᠢᠷᠭᠤᠭ᠎ᠠ᠂ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ᠂ ᠥᠷᠭᠡᠨ ᠣᠯᠠᠨ ᠬᠤᠲᠠ ᠶᠢᠨ ᠠᠷᠠᠳ ᠮᠦᠨᠬᠦ ︽ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠭᠦᠯᠬᠦ᠂ ᠴᠥᠭᠡᠨ ᠴᠤᠭᠯᠠᠷᠠᠬᠤ︾ ᠱᠠᠭᠠᠷᠳᠠᠯᠭ᠎ᠠ ᠶᠢ ᠪᠠᠲᠤ ᠴᠡᠭᠡᠵᠢᠯᠡᠵᠦ᠂ ᠴᠢᠬᠤᠯᠠ ᠦᠭᠡᠢ ᠪᠠᠶᠢᠳᠠᠯ ᠳᠤᠤᠷ᠎ᠠ ᠬᠥᠮᠦᠨ ᠬᠠᠷ᠎ᠠ ᠨᠢᠭᠲᠠᠷᠠᠭᠰᠠᠨ᠂ ᠣᠷᠣᠨ ᠵᠠᠶ ᠨᠢᠭᠲᠠ ᠪᠢᠲᠡᠭᠦᠮᠵᠢᠯᠡᠭᠰᠡᠨ ᠲᠠᠯᠠᠪᠤᠷ ᠲᠤ ᠣᠴᠢᠵᠤ ᠠᠵᠢᠯᠯᠠᠭ᠎ᠠ ᠬᠢᠬᠦ ᠥᠬᠡᠶ᠂ ᠬᠤᠪᠢ ᠬᠥᠮᠦᠨ ᠤ ᠬᠠᠮᠠᠭᠠᠯᠠᠯᠲᠠ ᠶᠢ ᠬᠢᠨᠠᠮᠠᠭᠠᠶ ᠰᠠᠶᠢᠲᠤᠷ ᠬᠢᠵᠦ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠣᠭᠲᠠᠭᠠᠯ ᠢ ᠵᠢᠷᠤᠮᠯᠠᠵᠤ᠂ ᠥᠪᠡᠷ ᠤᠨ ᠪᠡᠶ᠎ᠡ ᠪᠠ ᠬᠡᠷ ᠤᠨ ᠬᠥᠮᠦᠰ ᠤᠨ ᠢᠶᠠᠨ ᠡᠷᠡᠭᠦᠯ ᠮᠡᠨᠳᠦ ᠠᠮᠤᠷ ᠲᠦᠪᠰᠢᠨ ᠢ ᠪᠦᠲᠦᠮᠵᠢᠲᠡᠶ ᠬᠠᠮᠠᠭᠠᠯᠠᠬᠤ ᠬᠡᠷᠡᠭᠲᠡᠶ᠃    ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠪᠣᠯ ᠪᠦᠬᠦ ᠨᠡᠶᠢᠭᠡᠮ᠂ ᠪᠦᠬᠦ ᠠᠷᠠᠳ ᠢᠷᠭᠡᠳ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠮᠥᠨ᠂ ᠰᠢᠨ᠎ᠡ ᠲᠢᠳᠢᠮᠯᠢᠭᠲᠦ ᠸᠢᠷᠦ᠋ᠰ ᠤᠨ ᠸᠠᠺᠼᠢᠨ ᠢ ᠲᠠᠷᠢᠬᠤ ᠪᠣᠯ ᠠᠷᠠᠳ ᠢᠷᠭᠡᠨ ᠨᠢᠭᠡᠪᠦᠷᠢ ᠶᠢᠨ ᠬᠠᠷᠢᠭᠤᠴᠠᠯᠭ᠎ᠠ ᠪᠠ ᠡᠭᠦᠷᠭᠡ ᠮᠥᠨ᠃ ᠪᠢᠳᠡ ᠳᠠᠷᠤᠶ ᠲᠦᠷᠭᠡᠨ ᠬᠥᠳᠡᠯᠦᠯᠴᠡᠵᠦ᠂ ᠬᠤᠪᠢ ᠪᠡᠶ᠎ᠡ᠂ ᠬᠡᠷ ᠤᠨ ᠬᠦᠮᠦᠰ᠂ ᠨᠡᠶᠢᠭᠡᠮ ᠳᠤ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢ ᠡᠪᠦᠷᠯᠡᠨ ᠠᠯᠢ ᠲᠦᠷᠭᠡᠨ ᠢᠶᠠᠷ ᠰᠢᠨ᠎ᠡ ᠸᠠᠺᠼᠢᠨ ᠤ ᠲᠠᠷᠢᠯᠭ᠎ᠠ ᠬᠢᠵᠦ᠂ ᠨᠢᠭᠡ ᠰᠡᠳᠬᠢᠯ ᠢᠶᠠᠷ ᠡᠭᠡᠯᠢᠯᠡᠭᠡ ᠶᠢᠨ ᠬᠠᠯᠬᠠᠪᠴᠢ ᠶᠢ ᠬᠠᠮᠳᠤᠪᠠᠷ ᠴᠣᠭᠴᠠᠯᠠᠨ᠂ ᠪᠥᠬᠦ ᠬᠤᠲᠠ ᠶᠢᠨ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠬᠦᠴᠦᠨ ᠨᠡᠮᠡᠷᠢᠯᠡᠶ᠎ᠡ︕                 ᠤᠯᠠᠭᠠᠨᠴᠠᠪ ᠬᠤᠲᠠ ᠶᠢᠨ ᠰᠢᠨ᠎ᠡ ᠲᠢᠳᠢᠮᠯᠢᠭᠲᠦ ᠠᠭᠤᠰᠬᠢᠨ ᠦᠷᠪᠢᠰᠦᠯ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠵᠢᠯᠣᠭᠤᠳᠬᠤ ᠭᠠᠵᠠᠷ                         2021 ᠣᠨ ᠤ 8 ᠰᠠᠷ᠎ᠠ ᠶᠢᠨ 13 ᠤ ᠡᠳᠦᠷ         ᠤᠷᠴᠢᠭᠤᠯᠤᠭᠴᠢ᠄ ᠬᠠᠨ ᠰᠢᠶᠤᠤ ᠿᠦᠩ         ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3