ᠲᠦᠯᠡᠰᠢ ᠦᠭᠭᠦ ᠡᠳᠦᠷ ᠤᠨ ᠠᠮᠤᠷ ᠲᠦᠪᠰᠢᠨ ᠪᠣᠯᠪᠠᠰᠤᠨ ᠲᠠᠬᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/8/20
ᠥᠷᠭᠡᠨ ᠤᠯᠠᠨ ᠠᠷᠠᠳ ᠲᠦᠮᠡᠨ ᠲᠠᠨ᠎ᠠ᠄      ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠶᠡᠬᠡᠪᠡᠷ ᠪᠠᠳᠠᠷᠠᠭᠤᠯᠤᠨ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ᠂ ᠠᠮᠤᠷ ᠲᠦᠪᠰᠢᠨ ᠪᠣᠯᠪᠠᠰᠤᠨ ᠬᠤᠲᠠ ᠶᠢᠨ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠬᠤ ᠶᠢᠨ ᠬᠠᠮᠲᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠣᠯᠠᠨ ᠳᠤ ᠣᠨᠴᠠᠭᠠᠶᠢᠯᠠᠨ ᠳᠣᠤᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠪᠠ᠄      ᠨᠢᠭᠡ᠂ ᠪᠣᠬᠢᠷᠲᠤᠯ ᠥᠬᠡᠶ ᠪᠣᠯᠪᠠᠰᠤᠨ ᠤ ᠳᠠᠬᠢᠯᠭ᠎ᠠ ᠶᠢ ᠰᠠᠨᠠᠭᠠᠴᠢᠯᠠᠵᠤ᠂ ᠵᠠᠩ ᠳᠠᠳᠬᠠᠯ ᠢ ᠥᠭᠡᠷᠡᠴᠢᠯᠡᠬᠦ ᠶᠢ ︽ᠬᠠᠯᠠᠭᠤᠨ ᠳᠤᠯᠠᠭᠠᠨ︾ ᠪᠣᠯᠭᠠᠨ᠎ᠠ᠃      ᠲᠠᠬᠢᠯᠭ᠎ᠠ ᠶᠢ ᠰᠡᠳᠬᠢᠯ ᠳᠡᠭᠡᠨ ᠪᠠᠷᠢᠬᠤ ᠠᠴᠠ ᠪᠢᠰᠢ ᠰᠡᠳᠬᠢᠯ ᠳᠡᠭᠡᠨ ᠪᠠᠷᠢᠭᠳᠠᠬᠤ ᠦᠭᠡᠢ ᠹᠸᠤᠳᠠᠯ ᠤᠨ ᠮᠤᠬᠤᠷ ᠰᠦᠰᠦᠭ ᠤᠨ ᠥᠩᠭᠡ ᠪᠤᠳᠤᠭ ᠲᠠᠢ ᠳᠠᠬᠢᠯᠭ᠎ᠠ ᠶᠢᠨ ᠠᠵᠢᠯᠯᠠᠭ᠎ᠠ ᠶᠢ ᠡᠷᠡᠰ ᠡᠰᠡᠷᠭᠦᠴᠡᠨ ᠬᠤᠷᠢᠭᠯᠠᠵᠤ᠂ ᠬᠡᠷ ᠪᠦᠯᠢ ᠶᠢᠨ ᠰᠣᠷᠭᠤᠭ ᠴᠡᠴᠡᠭ ᠤᠨ ᠳᠠᠬᠢᠯᠭ᠎ᠠ᠂ ᠰᠦᠯᠵᠢᠶᠡᠨ ᠳᠡᠭᠡᠷᠡᠬᠢ ᠳᠠᠬᠢᠯᠭ᠎ᠠ᠂ ᠬᠡᠷ ᠪᠦᠯᠢ ᠶᠢᠨ ᠳᠤᠷᠠᠳᠬᠠᠯ ᠵᠡᠷᠭᠡ ᠣᠲᠣ ᠦᠶ᠎ᠡ ᠶᠢᠨ᠂ ᠲᠥᠪ ᠬᠢᠴᠢᠶᠡᠩᠭᠦᠶ᠂ ᠪᠣᠷᠣᠭᠵᠢᠭᠤᠨ ᠳᠠᠬᠢᠯᠭ᠎ᠠ ᠶᠢᠨ ᠠᠷᠭ᠎ᠠ ᠮᠠᠶ᠋ᠢᠭ ᠢᠶᠠᠷ ᠳᠠᠬᠢᠯᠭ᠎ᠠ ᠶᠢᠨ ᠠᠵᠢᠯᠯᠠᠭ᠎ᠠ ᠥᠷᠨᠢᠭᠦᠯᠬᠦ ᠶᠢ ᠰᠠᠨᠠᠭᠠᠴᠢᠯᠠᠵᠤ᠂ ᠪᠣᠯᠪᠠᠰᠤᠨ ᠢᠶᠠᠷ ᠢᠯᠡᠳᠬᠡᠬᠦ ᠠᠷᠭ᠎ᠠ ᠮᠠᠶ᠋ᠢᠭ ᠢᠶᠠᠷ ᠲᠥᠷᠥᠯ ᠰᠠᠳᠤᠨ ᠢᠶᠠᠨ ᠭᠠᠰᠢᠭᠤᠳᠠᠨ ᠰᠠᠨᠠᠭᠠᠯᠵᠠᠵᠤ ᠪᠠᠶᠢᠬᠤ ᠪᠠᠨ ᠢᠯᠡᠳᠭᠡᠨ᠂ ᠳᠠᠬᠢᠯᠭ᠎ᠠ ᠶᠢᠨ ᠮᠠᠭᠤ ᠳᠠᠳᠬᠠᠯ ᠠᠴᠠ ᠠᠩᠭᠢᠵᠢᠷᠠᠨ᠂ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠵᠤ᠂ ᠪᠣᠯᠪᠠᠰᠤᠨ ᠳᠠᠬᠢᠯᠭ᠎ᠠ ᠶᠢᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ᠬᠤᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠳᠠᠬᠢᠯᠭ᠎ᠠ ᠶᠢ ︽ᠪᠠᠷᠢᠮᠵᠢᠶ᠎ᠠ︾ ᠲᠠᠢ ᠪᠤᠯᠭᠠᠨ᠎ᠠ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠡᠯᠪᠡᠰᠦᠷᠡᠯ ᠤᠨ ᠶᠠᠪᠤᠳᠠᠯ ᠤᠨ ᠴᠢᠨᠳᠠᠷ ᠢ ᠰᠠᠬᠢᠬᠤ᠂ ᠴᠢᠨᠳᠠᠷ ᠠᠴᠠ ᠰᠠᠯᠬᠤ᠂ ᠲᠤᠬᠠᠶ ᠶᠢᠨ ᠭᠠᠵᠠᠷ ᠲᠤᠨᠢ ᠳᠠᠬᠢᠯ ᠬᠢᠬᠦ ᠵᠡᠷᠭᠡ ᠠᠵᠢᠯᠯᠠᠭ᠎ᠠ ᠶᠢ ᠲᠦᠷ ᠵᠣᠭᠰᠣᠭᠠᠵᠤ᠂ ᠬᠡᠷ ᠪᠦᠯᠢ ᠪᠠᠷ ᠢᠶᠠᠨ ᠮᠥᠷᠥᠭᠡᠳᠦᠨ ᠰᠠᠨᠠᠭᠠᠯᠵᠠᠬᠤ᠂ ᠰᠦᠯᠵᠢᠶ᠎ᠡ ᠪᠠᠷ ᠳᠠᠬᠢᠯ ᠬᠢᠬᠦ᠂ ᠡᠭᠦᠯᠡᠨ ᠳᠠᠬᠢᠯ ᠬᠢᠬᠦ ᠵᠡᠷᠭᠡ ᠲᠤᠬᠠᠶ ᠶᠢᠨ ᠭᠠᠵᠠᠷ ᠲᠤᠨᠢ ᠪᠤᠰᠤ ᠳᠠᠬᠢᠯ ᠬᠢᠬᠦ ᠠᠷᠭ᠎ᠠ ᠮᠠᠶ᠋ᠢᠭ ᠢᠶᠠᠷ ᠨᠥᠭᠴᠢᠭᠰᠡᠳ ᠢ ᠳᠤᠷᠠᠰᠤᠨ ᠰᠠᠨᠠᠭᠠᠯᠵᠠᠬᠤ ᠶᠢ ᠰᠠᠨᠠᠭᠠᠴᠢᠯᠠᠨ᠎ᠠ᠃ ᠣᠪᠣᠭ ᠲᠥᠷᠥᠯ ᠤᠨ ᠴᠢᠨᠠᠷᠲᠠᠶ ᠴᠤᠭᠯᠠᠷᠠᠨ ᠳᠠᠬᠢᠬᠤ ᠪᠠ ᠬᠠᠮᠲᠤ ᠬᠤᠭᠤᠯᠠᠯᠠᠬᠤ᠂  ᠴᠤᠬᠯᠠᠷᠠᠬᠤ ᠵᠡᠷᠭᠡ ᠬᠠᠮᠲᠤᠯᠢᠭ ᠤᠨ ᠴᠢᠨᠠᠷᠲᠠᠶ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ ᠭᠠᠳᠠᠨ᠎ᠠ ᠪᠠᠶᠢᠭ᠎ᠠ ᠲᠥᠷᠥᠯ ᠰᠠᠳᠤᠨ ᠨᠠᠶᠢᠵᠠ ᠨᠥᠬᠦᠳ ᠤᠨ ᠢᠶᠠᠨ ᠹᠧᠩᠵᠧᠨ ᠳᠤ ᠪᠤᠴᠠᠵᠤ ᠳᠠᠬᠢᠯᠭ᠎ᠠ ᠬᠢᠬᠦ ᠶᠢ ᠴᠠᠭ ᠲᠤᠬᠠᠶ ᠳᠤᠨᠢ ᠢᠳᠬᠠᠨ ᠬᠤᠷᠢᠭᠯᠠᠵᠤ᠂ ᠲᠣᠰ ᠬᠤᠲᠠ ᠶᠢᠨ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠵᠢᠯ ᠳᠤ ᠤᠬᠠᠮᠰᠠᠷ ᠠᠴᠠ ᠪᠠᠨ ᠬᠠᠮᠵᠢᠯᠴᠠᠨ᠎ᠠ᠃      ᠭᠤᠷᠪᠠ᠂ ᠬᠥᠮᠦᠨ ᠪᠦᠬᠦᠨ ᠣᠷᠣᠯᠴᠠᠵᠤ᠂ ᠬᠥᠮᠦᠨ ᠪᠦᠬᠦᠨ ᠴᠢᠳᠠᠯ ᠢᠶᠠᠷ ᠢᠶᠠᠨ ᠴᠢᠷᠮᠠᠶᠢᠨ᠂ ᠣᠷᠣᠰᠢᠭᠤᠯᠭ᠎ᠠ ᠶᠢᠨ ᠦᠢᠯᠡᠴᠢᠯᠡᠭᠡ ᠶᠢ ᠡᠷᠴᠢᠮ ᠲᠠᠢ ᠪᠣᠯᠭᠠᠨ᠎ᠠ᠃      ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠪᠠᠯ ᠰᠠᠶ᠋ᠢ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ ᠴᠢᠳᠠᠨ᠎ᠠ᠃ ᠵᠠᠩᠭᠢᠯᠠᠭ᠎ᠠ ᠶᠢᠨ ᠦᠶ᠎ᠡ ᠳᠤ᠂ ᠨᠠᠮ ᠤᠨ ᠭᠡᠰᠢᠭᠦᠨ ᠺᠠᠳ᠋ᠷ ᠪᠡᠶ᠎ᠡ ᠪᠠᠷ ᠢᠶᠠᠨ ᠦᠯᠢᠭᠡᠷ ᠵᠢᠱᠢᠶ᠎ᠡ ᠦᠵᠡᠭᠦᠯᠬᠦ ᠨᠢ ᠮᠢᠩᠭ᠎ᠠ ᠲᠦᠮᠡᠨ ᠦᠭᠡ ᠠᠴᠠ ᠢᠯᠡᠭᠦᠦ ᠪᠠᠶᠢᠳᠠᠭ᠂ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ ᠤᠷᠢᠶᠠᠯᠠᠭ᠎ᠠ ᠶᠢ ᠴᠤᠤᠷᠢᠶᠠᠲᠤᠨ ᠲᠠᠭᠠᠬᠤ ᠶᠢ ᠢᠳᠡᠪᠬᠢᠲᠡᠢ ᠪᠠᠷ ᠢᠳᠬᠠᠨ ᠂ ᠲᠦᠷᠦᠯ ᠰᠠᠳᠤᠨ ᠨᠠᠶᠢᠵᠠ ᠨᠥᠬᠦᠳ ᠢᠶᠠᠨ ᠱᠠᠭᠠᠷᠳᠠᠵᠤ᠂ ᠪᠣᠯᠪᠠᠰᠤᠨ ᠢᠶᠠᠷ ᠠᠷᠪᠢᠯᠠᠨ ᠭᠠᠮᠨᠠᠵᠤ ᠪᠡᠯᠪᠡᠰᠦᠷᠡᠯ ᠤᠨ ᠶᠠᠪᠤᠳᠠᠯ ᠢ ᠵᠠᠰᠠᠬᠤ᠂ ᠤᠷᠢᠳᠤᠬᠢ ᠬᠥᠮᠦᠰ ᠢᠶᠠᠨ ᠳᠠᠬᠢᠬᠤ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ ᠰᠠᠨᠠᠭᠠᠴᠢᠯᠠᠭ᠎ᠠ ᠠᠴᠠ ᠪᠠᠨ ᠵᠠᠩ ᠳᠠᠳᠬᠠᠯ ᠢ ᠥᠭᠡᠷᠡᠴᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠢᠯᠡᠳᠦᠯᠭᠡᠵᠢᠭᠦᠯᠦᠭᠴᠢ᠂ ᠬᠦᠳᠦᠯᠦᠨ ᠳᠠᠭᠠᠭᠤᠯᠤᠭᠴᠢ᠂ ᠤᠬᠠᠭᠤᠯᠤᠭᠴᠢ ᠪᠣᠯᠬᠤ ᠬᠡᠷᠡᠭᠲᠡᠢ᠃      ᠤᠯᠠᠨ ᠢᠶᠠᠷ ᠢᠶᠠᠨ ᠠᠮᠤᠷ ᠠᠮᠤᠭᠤᠯᠠᠩ ᠪᠠᠶᠢᠬᠤ ᠨᠢ ᠬᠠᠭᠤᠴᠢᠨ ᠨᠠᠶᠢᠵᠠ ᠪᠠᠨ ᠬᠠᠮᠤᠭ ᠤᠨ ᠰᠠᠶᠢᠨ  ᠲᠠᠶᠢᠳᠬᠤᠷᠠᠭᠤᠯᠬᠤ ᠶᠠᠪᠤᠳᠠᠯ ᠪᠠᠶᠢᠵᠦ᠂ ᠲᠣᠭᠲᠠᠭᠠᠯ ᠢ ᠵᠢᠷᠤᠮᠯᠠᠨ ᠪᠣᠯᠪᠠᠰᠤᠨ ᠢᠶᠠᠷ ᠲᠠᠬᠢᠨ᠂ ᠬᠠᠮᠲᠤᠪᠠᠷ ᠭᠠᠷ ᠭᠠᠷ ᠢᠶᠠᠨ ᠬᠤᠯᠪᠣᠯᠴᠠᠨ᠂ ᠥᠪᠡᠷ ᠤᠨ ᠪᠡᠶ᠎ᠡ ᠠᠴᠠ ᠪᠠᠨ᠂ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠠᠮᠤᠷ ᠲᠦᠪᠰᠢᠨ᠂ ᠪᠣᠬᠢᠷᠲᠤᠯ ᠦᠭᠡᠢ᠂ ᠪᠣᠯᠪᠠᠰᠤᠨ᠂ ᠣᠷᠴᠢᠨ ᠲᠣᠭᠤᠷᠢᠨ ᠢ ᠬᠠᠮᠠᠭᠠᠯᠠᠬᠤ ᠲᠠᠬᠢᠯᠭ᠎ᠠ ᠶᠢᠨ ᠠᠵᠢᠯᠯᠠᠭ᠎ᠠ ᠪᠠᠷ ᠮᠤᠬᠤᠷ ᠪᠢᠰᠢᠷᠡᠯ ᠢ ᠡᠪᠳᠡᠵᠦ᠂ ᠵᠠᠩ ᠳᠠᠳᠬᠠᠯ ᠢ ᠦᠬᠡᠷᠡᠴᠢᠯᠡᠨ᠂ ᠣᠷᠴᠢᠨ ᠲᠣᠭᠤᠷᠢᠨ ᠢ ᠬᠠᠮᠠᠭᠠᠯᠠᠵᠤ᠂ ᠰᠢᠨ᠎ᠡ ᠰᠤᠷᠲᠠᠯ ᠢ ᠰᠠᠨᠠᠭᠠᠴᠢᠯᠠᠨ᠂ ᠹᠧᠩᠵᠧᠨ ᠬᠤᠳᠠ ᠶᠢᠨ ᠪᠣᠯᠪᠠᠰᠤᠨ ᠤ ᠲᠦᠪᠰᠢᠨ ᠢ ᠳᠡᠭᠡᠭᠰᠢᠯᠡᠭᠦᠯᠵᠦ᠂ ᠵᠣᠯ ᠵᠢᠷᠭᠠᠯᠲᠤ ᠰᠠᠶᠢᠨ ᠰᠠᠶᠢᠬᠠᠨ ᠭᠡᠷ ᠣᠷᠣᠨ ᠢ ᠪᠦᠳᠦᠭᠡᠨ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠪᠠᠨ ᠦᠵᠡᠭᠦᠯᠦᠶ᠎ᠡ︕                   ᠹᠧᠩᠵᠧᠨ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ                          2021 ᠣᠨ ᠤ 8 ᠰᠠᠷ᠎ᠠ ᠶᠢᠨ 18                        ᠤᠷᠴᠢᠭᠤᠯᠤᠬᠴᠢ᠄  ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3