| ᠪᠦᠬᠦ ᠣᠷᠣᠨ ᠤ ᠰᠤᠷᠭᠠᠨ ᠬᠥᠮᠦᠵᠢᠯ ᠤᠨ ᠠᠵᠢᠯᠲᠠᠳ ᠲᠤ ᠢᠯᠡᠭᠡᠭᠰᠡᠨ ᠵᠠᠬᠢᠳᠠᠯ | | ᠬᠦᠨᠳᠦᠲᠦ ᠰᠤᠷᠭᠠᠨ ᠬᠥᠮᠦᠵᠢᠯ ᠤᠨ ᠠᠵᠢᠯᠲᠠᠳ ᠲᠤ᠄ | ᠰᠤᠷᠭᠠᠨ ᠬᠥᠮᠦᠵᠢᠯ ᠪᠣᠯ ᠤᠯᠤᠰ ᠪᠠ ᠨᠠᠮ ᠤᠨ ᠶᠡᠭᠡ ᠪᠤᠳᠤᠯᠭ᠎ᠠ ᠮᠥᠨ᠃ ᠪᠠᠭᠰᠢ ᠪᠣᠯ ᠰᠤᠷᠭᠠᠨ | ᠬᠥᠮᠦᠵᠢᠯ ᠤᠨ ᠦᠨᠳᠦᠰᠦ᠂ ᠰᠤᠷᠭᠠᠨ ᠬᠥᠮᠦᠵᠢᠯ ᠢ ᠮᠠᠨᠳᠤᠭᠤᠯᠬᠤ ᠶᠢᠨ ᠡᠬᠢ ᠰᠤᠷᠪᠤᠯᠵᠢ ᠮᠥᠨ᠃ ᠪᠥᠬᠦ ᠣᠷᠣᠨ ᠤ | ᠥᠷᠭᠡᠨ ᠣᠯᠠᠨ ᠪᠠᠭᠰᠢ ᠨᠠᠷ ᠬᠠᠶᠢᠷ᠎ᠠ ᠬᠠᠯᠠᠮᠵᠢ ᠪᠠ ᠣᠶᠤᠨ ᠤᠬᠠᠭᠠᠨ ᠢᠶᠠᠷ ᠢᠶᠠᠨ ᠬᠡᠤᠬᠡᠳ ᠤᠳ ᠤᠨ ᠬᠦᠰᠡᠯ | ᠵᠡᠭᠦᠳᠦ ᠶᠢ ᠭᠡᠷᠡᠯᠲᠦᠭᠦᠯᠵᠦ᠂ ᠣᠲᠣ ᠦᠶ᠎ᠡ ᠶᠢᠨ ᠠᠷᠠᠳ ᠤᠨ ᠪᠠᠭᠰᠢ ᠶᠢᠨ ᠡᠷᠬᠢᠮ ᠳᠡᠭᠡᠳᠦ ᠶᠣᠰᠣ ᠮᠣᠷᠠᠯ ᠪᠠ | ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠦᠭᠰᠡᠨ ᠪᠠᠶᠢᠨ᠎ᠠ᠃ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ | ᠬᠥᠮᠦᠵᠢᠯ ᠢ ᠰᠠᠶᠢᠲᠤᠷ ᠡᠷᠬᠢᠯᠡᠬᠦ ᠶᠠᠪᠤᠳᠠᠯ ᠪᠣᠯ ᠨᠠᠮ ᠪᠠ ᠠᠷᠠᠳ ᠲᠦᠮᠡᠨ ᠠᠴᠠ ᠰᠤᠷᠭᠠᠨ ᠬᠥᠮᠦᠵᠢᠯ ᠤᠨ | ᠠᠵᠢᠯᠲᠠᠳ ᠲᠤ ᠲᠠᠯᠪᠢᠵᠤ ᠪᠠᠶᠢᠭ᠎ᠠ ᠴᠢᠩ ᠰᠡᠳᠬᠢᠯ ᠤᠨ ᠬᠦᠰᠡᠯ ᠡᠷᠡᠮᠡᠯᠵᠡᠯ ᠪᠣᠯᠬᠤ ᠮᠦᠷᠳᠡᠭᠡᠨ ᠰᠤᠷᠭᠠᠨ | ᠬᠥᠮᠦᠵᠢᠯ ᠤᠨ ᠠᠵᠢᠯᠲᠠᠳ ᠤᠨ ᠡᠭᠦᠷᠭᠡ ᠬᠠᠷᠢᠭᠤᠴᠠᠯᠭ᠎ᠠ ᠪᠤᠯᠤᠨ᠎ᠠ᠃ | ᠤᠯᠤᠰ ᠭᠦᠷᠦᠨ ᠬᠥᠭᠵᠢᠨ ᠮᠠᠨᠳᠤᠬᠤᠶ ᠳᠤᠷ ᠡᠷᠬᠡᠪᠰᠢ ᠡᠷᠬᠢᠮ ᠪᠠᠭᠰᠢ ᠶᠢ ᠡᠷᠬᠢᠮᠯᠡᠮᠦᠶ᠃ ᠥᠷᠭᠡᠨ ᠤᠯᠠᠨ | ᠪᠠᠭᠰᠢ ᠨᠠᠷ ᠰᠢ ᠶᠢᠨ ᠫᠢᠩ ᠶᠡᠷᠦᠩᠬᠡᠢ ᠱᠦᠵᠢ ᠶᠢᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ | ᠬᠦᠰᠡᠯᠡᠩ ᠢᠲᠡᠭᠡᠯ ᠪᠢᠰᠢᠷᠡᠯ ᠲᠠᠢ᠂ ᠶᠣᠰᠣ ᠰᠤᠷᠲᠠᠬᠤᠨ ᠲᠠᠢ᠂ ᠯᠠᠪᠳᠠᠭᠤᠨ ᠪᠠᠲᠤᠲᠠᠢ ᠡᠷᠳᠡᠮ ᠮᠡᠳᠡᠯᠭᠡ ᠲᠠᠢ᠂ | ᠡᠨᠡᠷᠢᠩᠭᠦᠢ ᠬᠠᠶᠢᠷ᠎ᠠ ᠰᠡᠳᠬᠢᠯᠭᠡ ᠲᠠᠢ ︽ᠲᠦᠷᠪᠡ ᠶᠢ ᠪᠦᠷᠢᠯᠳᠦᠭᠦᠯᠦᠭᠰᠡᠨ︾ ᠰᠠᠶᠢᠨ ᠪᠠᠭᠰᠢ ᠪᠣᠯᠬᠤ ᠪᠠᠷ | ᠴᠢᠷᠮᠠᠶᠢᠨ᠂ ᠠᠬᠠᠮᠠᠳ ᠨᠢᠭᠡ ᠦᠶ᠎ᠡ ᠶᠢᠨ ᠰᠤᠷᠭᠠᠨ ᠬᠥᠮᠦᠵᠢᠯ ᠤᠨ ᠠᠵᠢᠯᠲᠠᠳ ᠤᠨ ︽ᠪᠦᠬᠦ ᠰᠡᠳᠭᠢᠯ ᠢᠶᠠᠨ | ᠵᠤᠷᠢᠭᠤᠯᠬᠤ︾ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠠᠵᠢᠯ ᠤᠨ ᠪᠠᠶᠢᠷᠢ ᠪᠠᠷ ᠢᠶᠠᠨ ᠢᠷᠠᠭᠤ | ᠠᠯᠳᠠᠷ ᠢᠶᠠᠨ ᠪᠤᠯᠭᠠᠨ᠂ ᠦᠢᠯᠡ ᠠᠵᠢᠯᠯᠠᠭ᠎ᠠ ᠪᠠᠷ ᠢᠶᠠᠨ ᠥᠯᠢᠭᠡᠷ ᠵᠢᠱᠢᠶ᠎ᠡ ᠪᠤᠯᠭᠠᠵᠦ᠂ ᠪᠢᠴᠢᠭ ᠵᠢᠭᠠᠵᠤ ᠬᠥᠮᠦᠨ ᠢ | ᠬᠥᠮᠦᠵᠢᠭᠦᠯᠬᠦ ᠥᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠨ᠂ ᠪᠣᠯᠪᠠᠰᠤᠨ ᠥᠭᠡᠳᠡᠷᠬᠡᠭ ᠪᠥᠭᠡᠳ ᠴᠠᠶᠢᠯᠭᠠᠨ | ᠰᠡᠳᠬᠢᠯ ᠲᠠᠢ ᠪᠠᠭᠰᠢ ᠰᠣᠷᠣᠭᠴᠢ ᠶᠢᠨ ᠬᠠᠷᠢᠴᠠᠭ᠎ᠠ ᠶᠢ ᠢᠳᠡᠪᠬᠢᠲᠡᠶ ᠪᠠᠶᠢᠭᠤᠯᠤᠭᠠᠷᠠᠢ᠃ | ᠰᠤᠷᠭᠠᠨ ᠬᠥᠮᠦᠵᠢᠯ ᠨᠢ ᠶᠣᠰᠣ ᠮᠣᠷᠠᠯ ᠢ ᠪᠤᠢ ᠪᠤᠯᠭᠠᠨ ᠬᠥᠮᠦᠨ ᠢ ᠬᠥᠮᠦᠵᠢᠭᠦᠯᠬᠦ ᠪᠠᠷ ᠦᠨᠳᠦᠰᠦ ᠪᠤᠯᠭᠠᠳᠠᠭ᠃ | ᠪᠠᠭᠰᠢ ᠶᠢᠨ ᠬᠥᠮᠦᠨ ᠴᠢᠨᠠᠷ ᠤᠨ ᠬᠦᠴᠦᠨ ᠴᠢᠳᠠᠯ ᠪᠠ ᠲᠠᠲᠠᠬᠤ ᠬᠦᠴᠦᠨ ᠪᠣᠯ ᠠᠮᠵᠢᠯᠲᠠ ᠲᠠᠢ ᠰᠤᠷᠭᠠᠨ | ᠬᠥᠮᠦᠵᠢᠯ ᠤᠨ ᠴᠢᠬᠤᠯᠠ ᠨᠥᠬᠦᠴᠡᠯ ᠮᠥᠨ᠂ ᠪᠠᠭᠰᠢ ᠪᠣᠯᠤᠭᠰᠠᠨ ᠤ ᠬᠠᠮᠤᠭ ᠤᠨ ᠰᠠᠶᠢᠨ ᠬᠠᠷᠢᠭᠤ ᠪᠣᠯ ᠳᠠᠷᠤᠶ | ᠰᠤᠷᠤᠭᠴᠢᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠶᠠᠪᠤᠳᠠᠯ ᠪᠣᠯᠤᠨ᠎ᠠ᠃ ᠰᠤᠷᠭᠠᠭᠤᠯᠢ ᠨᠤᠭᠤᠳ | ᠰᠤᠷᠭᠠᠭᠤᠯᠢ ᠶᠢᠨ ᠰᠠᠬᠢᠯᠭ᠎ᠠ ᠲᠦᠷᠢᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠪᠢᠴᠢᠭ ᠵᠢᠭᠠᠵᠤ ᠬᠥᠮᠦᠨ ᠢ | ᠬᠥᠮᠦᠵᠢᠭᠦᠯᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠤᠯᠭᠠᠨ᠂ ᠪᠠᠭᠰᠢ ᠨᠠᠷ ᠪᠡᠶ᠎ᠡ ᠪᠠᠷ ᠢᠶᠠᠨ ᠲᠦᠷᠦᠭᠦᠯᠡᠨ | ᠲᠦᠷᠢᠮ ᠰᠠᠬᠢᠯᠭ᠎ᠠ ᠶᠢ ᠵᠢᠷᠤᠮᠯᠠᠨ ᠰᠠᠬᠢᠵᠤ᠂ ᠰᠠᠶᠢᠨ ᠰᠠᠶᠢᠬᠠᠨ ᠶᠣᠰᠣ ᠮᠣᠷᠠᠯ ᠦᠵᠡᠯ ᠰᠡᠳᠬᠢᠯᠭᠡ ᠪᠠᠷ ᠶᠣᠰᠣ ᠮᠣᠷᠠᠯ | ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ | ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠦᠮᠦᠵᠢᠬᠦᠯᠦᠬᠡᠷᠡᠢ᠃ | ᠳᠦᠷᠢᠮ ᠤᠨ ᠵᠢᠷᠤᠮᠵᠢᠯ ᠤᠨ ᠠᠯᠳᠠᠭ᠎ᠠ ᠪᠤᠷᠤᠭᠤ ᠭᠠᠷᠬᠤ ᠶᠢ ᠮᠡᠳᠡᠬᠦ ᠦᠭᠡᠶ ᠠᠴᠠ ᠪᠣᠯᠵᠤ᠂ ᠰᠤᠷᠤᠭᠴᠢᠳ ᠤᠨ | ᠰᠡᠳᠬᠢᠯ ᠳᠠᠬᠢ ᠰᠠᠶᠢᠨ ᠪᠠᠭᠰᠢ ᠶᠢᠨ ᠳᠦᠷᠢ ᠲᠥᠷᠬᠦ ᠶᠢ ᠬᠤᠬᠢᠷᠠᠭᠤᠯᠬᠤ ᠠᠴᠠ ᠰᠡᠷᠭᠡᠶᠢᠯᠡᠬᠦ ᠶᠢᠨ ᠲᠦᠯᠦᠭᠡ᠂ | ᠣᠨᠴᠠᠭᠠᠶᠢᠯᠠᠨ ᠬᠤᠯᠪᠣᠭᠳᠠᠯ ᠪᠦᠬᠦᠢ ᠰᠤᠷᠭᠠᠨ ᠬᠥᠮᠦᠵᠢᠯ ᠤᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢᠨ | ᠲᠣᠭᠲᠠᠭᠠᠯ ᠢ ᠡᠮᠬᠢᠯᠡᠨ ᠳᠢᠭᠯᠡᠭᠰᠡᠨ ᠤ ᠳᠠᠷᠠᠭ᠎ᠠ᠂ ᠰᠤᠷᠭᠠᠭᠤᠯᠢ ᠪᠠ ᠴᠡᠴᠡᠷᠯᠢᠭ ᠤᠨ ᠲᠦᠷᠢᠮ ᠢ | ᠲᠡᠭᠦᠯᠳᠡᠷᠵᠢᠭᠦᠯᠬᠦ ᠪᠠᠷ ᠯᠠᠪᠯᠠᠯᠲᠠ ᠪᠣᠯᠭᠠᠵᠤ᠂ ᠦᠪᠡᠷ ᠤᠨ ᠰᠠᠨᠠᠭᠠᠴᠢᠯᠠᠭ᠎ᠠ ᠠᠴᠠ ᠪᠠᠨ ᠦᠢᠯᠡ ᠠᠵᠢᠯᠯᠠᠭ᠎ᠠ ᠪᠠᠨ | ᠱᠠᠭᠠᠷᠳᠠᠬᠤ ᠶᠢ ᠴᠢᠩᠭᠠᠳᠬᠠᠨ᠂ ᠠᠯᠳᠠᠭ᠎ᠠ ᠪᠤᠷᠤᠭᠤ ᠪᠠᠨ ᠴᠠᠭ ᠲᠤᠬᠠᠶ ᠳᠤᠨᠢ ᠵᠠᠯᠠᠷᠠᠭᠤᠯᠵᠤ᠂ ᠨᠢᠭᠡᠨᠲᠡ ᠲᠣᠳᠣᠷᠬᠠᠶ | ᠵᠠᠷᠯᠢᠭᠳᠠᠨ ᠴᠠᠭᠠᠵᠠᠯᠠᠭᠰᠠᠨ ᠡᠯ᠎ᠡ ᠵᠦᠢᠯ ᠤᠨ ᠰᠦᠢᠳᠭᠡᠯ ᠪᠠ ᠢᠯᠡᠳᠲᠡ ᠵᠦᠶ ᠵᠣᠬᠢᠰ ᠥᠬᠡᠶ᠂ ᠰᠣᠷᠣᠭᠴᠢ ᠵᠢᠴᠢ | ᠬᠡᠷ ᠤᠨ ᠠᠬᠠᠮᠠᠳ ᠤᠨ ᠳᠤᠷ᠎ᠠ ᠥᠬᠡᠶ ᠡᠯ᠎ᠡ ᠵᠦᠢᠯ ᠤᠨ ᠰᠦᠢᠳᠭᠡᠯ ᠬᠤᠷᠢᠶᠠᠬᠤ ᠥᠬᠡᠶ ᠪᠠᠶᠢᠬᠤ ᠶᠢ ᠬᠠᠮᠳᠤᠪᠠᠷ | ᠪᠡᠶᠡᠯᠡᠭᠦᠯᠵᠦ᠂ ᠣᠨᠴᠠ ᠵᠠᠷᠢᠮ ᠬᠦᠮᠦᠰ ᠤᠨ ᠰᠠᠶᠢᠨ ᠰᠠᠨᠠᠭᠠᠨ ᠤ ᠦᠢᠯᠡᠰ ᠢ ᠠᠰᠢᠭ ᠬᠥᠭᠡᠭᠡᠴᠡᠯᠳᠦᠬᠦ ︽ᠠᠵᠤ | ᠦᠢᠯᠡᠰ︾ ᠪᠣᠯᠭᠠᠨ ᠬᠤᠪᠢᠷᠠᠭᠤᠯᠬᠤ ᠶᠢ ᠰᠡᠷᠭᠡᠶᠢᠯᠡᠨ᠂ ᠪᠠᠭᠰᠢ ᠶᠢᠨ ᠠᠵᠢᠯ ᠢ ᠬᠠᠮᠤᠭ ᠠᠴᠠ ᠢᠯᠡᠭᠦᠦ ᠨᠡᠶᠢᠭᠡᠮ | ᠨᠡᠶᠢᠲᠡ ᠶᠢᠨ ᠬᠦᠨᠳᠦᠳᠬᠡᠯ ᠢ ᠭᠥᠷᠳᠡᠬᠦ ᠠᠵᠢᠯ ᠮᠡᠷᠭᠡᠵᠢᠯ ᠪᠣᠯᠭᠠᠨ᠎ᠠ᠃ | ᠬᠠᠮᠤᠭ ᠤᠨ ᠰᠡᠬᠦᠯ ᠳᠤ᠂ ᠲᠠᠨ ᠤ ᠰᠢᠷᠭᠠᠭᠤ ᠬᠠᠲᠠᠭᠤᠵᠢᠯᠲᠠᠢ ᠠᠵᠢᠯᠯᠠᠨ ᠵᠢᠳᠬᠦᠵᠦ᠂ ᠬᠥᠮᠦᠨ ᠢ | ᠬᠥᠮᠦᠵᠢᠭᠦᠯᠵᠦ ᠰᠡᠳᠬᠢᠯ ᠢ ᠬᠥᠮᠦᠵᠢᠭᠦᠯᠦᠭᠰᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠭᠡᠶ᠎ᠡ᠂ ᠲᠠᠨ ᠤ | ᠡᠷᠡᠭᠦᠯ ᠴᠢᠭᠢᠷᠠᠭ ᠪᠠᠶᠠᠷ ᠪᠠᠶᠠᠰᠤᠯ ᠲᠠᠢ᠂ ᠭᠡᠷ ᠬᠤᠲᠠᠯᠠᠭᠠᠷ ᠢᠶᠠᠷ ᠢᠶᠠᠨ ᠵᠣᠯ ᠵᠢᠷᠭᠠᠯ ᠲᠠᠢ ᠪᠠᠶᠢᠬᠤ ᠶᠢ ᠴᠢᠩ | ᠰᠡᠳᠬᠢᠯ ᠠᠴᠠ ᠪᠠᠨ ᠵᠦᠩᠨᠡᠶ᠎ᠡ︕ | | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠳᠤᠯᠠᠭ᠎ᠠ ᠶᠢᠨ ᠲᠢᠩᠭᠢᠮ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠲᠡᠯᠬᠡᠬᠦᠷ ᠤᠨ ᠬᠢᠨᠠᠯᠳᠠ | ᠬᠠᠮᠢᠶᠠᠷᠤᠯᠳᠠ ᠶᠢᠨ ᠲᠤᠪᠴᠢᠶ᠎ᠠ | 2021 ᠣᠨ ᠤ 8 ᠰᠠᠷ᠎ᠠ ᠶᠢᠨ 21 ᠤᠨ ᠡᠳᠦᠷ | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ | |