| 8 ᠰᠠᠷ᠎ᠠ ᠶᠢᠨ 3 ᠤ ᠡᠳᠦᠷ᠂ ᠮᠠᠨ ᠤ ᠬᠤᠲᠠ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ | ᠠᠩᠬᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠫᠢᠩ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | | ᠬᠤᠷᠠᠯᠳᠤᠭᠠᠨ ᠠᠴᠠ ︽ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠢᠯᠡᠳᠬᠡᠯ︾ ᠪᠠ | ᠪᠤᠰᠤᠳ ᠮᠡᠳᠡᠭᠦᠯᠦᠯᠲᠡ ᠶᠢ ᠰᠣᠨᠣᠰᠤᠨ ᠬᠢᠨᠠᠨ ᠶᠠᠷᠢᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ | ᠠᠩᠬᠠᠳᠤᠭᠠᠷ ᠬᠤᠭᠤᠴᠠᠭᠠᠨ ᠤ ᠵᠦᠪᠯᠡᠯ ᠤᠨ ᠭᠡᠰᠢᠭᠦᠨ᠂ ᠲᠡᠷᠢᠭᠦᠯᠡᠭᠴᠢ᠂ ᠲᠤᠰᠢᠶᠠᠯ ᠬᠠᠪᠰᠤᠷᠭᠠᠭᠰᠠᠨ ᠳᠡᠳ᠋ | ᠲᠡᠷᠢᠭᠦᠯᠡᠭᠴᠢ᠂ ᠪᠠᠶᠢᠩᠭᠤ ᠶᠢᠨ ᠭᠡᠰᠢᠭᠦᠨ ᠢ ᠰᠣᠩᠭᠤᠪᠠ᠃ | ᠸᠠᠩ ᠫᠢᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠤᠢᠢᠷ᠎ᠠ ᠶᠢᠨ ᠵᠢᠯ ᠠᠴᠠ᠂ ᠬᠤᠳᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠬᠢᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠪᠦᠬᠦ ᠬᠤᠳᠠ ᠶᠢᠨ ᠬᠥᠭᠵᠢᠯᠲᠡ ᠶᠢᠨ ᠶᠡᠭᠡ ᠲᠠᠯ᠎ᠠ ᠶᠢᠨ | ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠡᠭᠦᠷᠭᠡ ᠴᠢᠳᠠᠪᠬᠢ ᠶᠢ ᠭᠦᠢᠴᠡᠳ | ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠶᠢ ᠠᠬᠢᠭᠤᠯᠬᠤ᠂ ᠠᠵᠤ ᠠᠬᠤᠢ ᠪᠣᠯᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠳᠤ | ᠦᠢᠯᠡᠴᠢᠯᠡᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠦᠷ᠎ᠡ ᠪᠦᠲᠦᠮᠵᠢᠲᠡᠢ ᠠᠵᠢᠯ ᠬᠢᠵᠦ᠂ ᠪᠦᠬᠦ ᠬᠤᠳᠠ ᠶᠢᠨ ᠠᠵᠤ | ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | | ᠸᠠᠩ ᠫᠢᠩ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠬᠤᠷᠢᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ | ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠲᠠᠪᠤᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ | ᠬᠤᠷᠠᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ | ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠨᠡᠶᠢᠭᠡᠮᠯᠢᠭ ᠵᠢᠴᠢ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ | ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠨᠠᠭᠰᠢᠳᠠ ᠴᠢᠩᠭᠠᠳᠬᠠᠬᠤ ᠬᠡᠷᠡᠭᠲᠡᠢ︔ ᠬᠦᠷᠢᠶ᠎ᠡ ᠪᠠᠨ ᠥᠷᠭᠡᠳᠬᠡᠨ᠂ | ᠦᠢᠯᠡᠴᠢᠯᠡᠭᠡ ᠪᠠᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠤᠨ ᠰᠢᠨ᠎ᠡ | ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠮᠢ ᠠᠬᠤᠶ ᠶᠢᠨ | ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ᠂ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ | ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠳᠤ ᠦᠢᠯᠡᠴᠢᠯᠡᠬᠦ ᠵᠡᠷᠭᠡ ᠭᠤᠷᠪᠠᠨ ᠲᠠᠯ᠎ᠠ ᠪᠠᠷ | ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠳᠡᠢ︔ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠵᠢᠯ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ ᠥᠭᠬᠦ | ᠬᠡᠷᠡᠭᠲᠡᠶ︔ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ | ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠦᠵᠡᠯ | ᠰᠠᠨᠠᠭ᠎ᠠ ᠪᠠᠨ ᠴᠢᠨᠠᠭᠰᠢᠳᠠ ᠴᠢᠯᠦᠭᠡᠯᠡᠨ᠂ ᠯᠠᠪᠳᠠᠭᠤᠨ ᠪᠠᠲᠤᠲᠠᠢ ᠠᠵᠢᠯᠯᠠᠵᠤ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠤᠨ ᠹᠧᠩᠵᠧᠨ ᠤ ᠰᠢᠨ᠎ᠡ ᠬᠠᠭᠤᠳᠠᠰᠤ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ | ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃ | | | ᠵᠣᠬᠢᠶᠠᠭᠴᠢ᠄ ᠸᠠᠩ ᠨᠢᠩ ᠪᠦᠸᠧ | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |