| ᠬᠡᠷ ᠤᠨ ᠠᠬᠠᠮᠠᠳ ᠤᠨ ᠬᠠᠤᠯᠢ ᠴᠠᠭᠠᠵᠠ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ | ᠬᠠᠤᠯᠢ ᠪᠠᠷ ᠵᠠᠰᠠᠬᠤ ᠵᠠᠮ ᠢᠶᠠᠷ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠰᠤᠷᠭᠠᠨ ᠬᠥᠮᠦᠵᠢᠯ ᠤᠨ ᠠᠷᠭ᠎ᠠ ᠶᠢ | ᠡᠵᠡᠮᠰᠢᠭᠦᠯᠦᠨ᠂ ᠬᠡᠷ ᠪᠦᠯᠢ᠂ ᠰᠤᠷᠭᠠᠭᠤᠯᠢ᠂ ᠨᠡᠶᠢᠭᠡᠮ ᠤᠨ ︽ᠭᠤᠷᠪᠠ ᠶᠢ ᠨᠢᠭᠡ ᠴᠤᠭᠴᠠᠵᠢᠭᠤᠯᠤᠭᠰᠠᠨ︾ | ᠰᠤᠷᠭᠠᠨ ᠬᠥᠮᠦᠵᠢᠯ ᠤᠨ ᠬᠦᠴᠦᠨ ᠢ ᠢᠳᠡᠪᠬᠢᠲᠡᠶ ᠪᠠᠷ ᠡᠮᠬᠢᠯᠡᠨ ᠨᠡᠶᠢᠯᠡᠭᠦᠯᠬᠦ ᠶᠢᠨ ᠲᠦᠯᠦᠭᠡ᠂ ᠲᠦᠷᠦᠭᠦᠬᠡᠨ᠂ | ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠬᠤᠲᠠ ᠶᠢᠨ ᠵᠢᠩ ᠮᠧᠩ ᠪᠠᠭ᠎ᠠ | ᠰᠤᠷᠭᠠᠭᠤᠯᠢ ᠳᠤ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠬᠡᠷ ᠤᠨ ᠠᠬᠠᠮᠠᠳ ᠤᠨ ᠬᠠᠤᠯᠢ | ᠴᠠᠭᠠᠵᠠ ᠶᠢᠨ ᠮᠡᠳᠡᠯᠭᠡ ᠶᠢᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠵᠤ | ᠬᠤᠷᠠᠯᠳᠤᠭᠤᠯᠪᠠ᠃ | | ᠲᠣᠰ ᠤᠳᠠᠭᠠᠨ ᠤ ᠪᠤᠯᠪᠠᠰᠤᠷᠠᠭᠤᠯᠤᠯ ᠨᠢ ᠨᠢᠭᠡ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ 400 ᠭᠠᠷᠤᠶ | ᠬᠡᠷ ᠤᠨ ᠠᠬᠠᠮᠠᠳ ᠤᠨ ᠲᠦᠯᠦᠬᠡᠯᠡᠭᠴᠢᠳ ᠪᠤᠯᠪᠠᠰᠤᠷᠠᠭᠤᠯᠤᠯ ᠳᠤ ᠤᠷᠤᠯᠴᠠᠪᠠ᠃ ᠪᠣᠯᠪᠠᠰᠤᠷᠠᠭᠤᠯᠤᠯ ᠳᠤ | ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠠᠶᠢᠴᠠᠭᠠᠬᠤ ᠬᠡᠯᠲᠡᠰ ᠤᠨ ᠲᠤᠰᠠᠯᠠᠭᠴᠢ ᠶᠠᠩ ᠰᠢᠨ ᠶᠠᠨ | ᠪᠣᠯᠤᠨ ᠬᠤᠲᠠ ᠶᠢᠨ ᠮᠧᠩ ᠵᠢᠩ ᠲᠦᠩ ᠬᠠᠶ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠮᠠ ᠶᠦᠩ | ᠱᠧᠩ ᠢ ᠤᠷᠢᠵᠤ ᠲᠤᠰᠬᠠᠶ ᠰᠡᠳᠦᠪᠲᠦ ᠬᠠᠤᠯᠢ ᠪᠠᠷ ᠵᠠᠰᠠᠬᠤ ᠲᠠᠶᠢᠯᠤᠮᠵᠢ ᠬᠢᠯᠭᠡᠪᠡ᠃ 2021 ᠣᠨ ᠤ 6 | ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠰᠡᠷᠭᠡᠶᠢᠯᠡᠬᠦ ᠬᠠᠤᠯᠢ︾ ᠭᠡᠬᠦ ᠬᠤᠶᠠᠷ | ᠬᠠᠤᠯᠢ ᠳᠤ ᠵᠠᠰᠠᠪᠤᠷᠢ ᠣᠷᠣᠭᠤᠯᠵᠤ ᠬᠡᠷᠡᠭᠵᠢᠭᠦᠯᠦᠭᠰᠡᠨ ᠤ ᠴᠢᠬᠤᠯᠠ ᠶᠡᠭᠡ ᠠᠴᠢ ᠬᠤᠯᠪᠣᠭᠳᠠᠯ ᠵᠢᠴᠢ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠬᠤᠶᠠᠷ ᠬᠠᠤᠯᠢ︾ ᠶᠢᠨ ᠵᠠᠷᠢᠮ ᠰᠢᠨ᠎ᠡ ᠬᠤᠪᠢᠷᠠᠯᠲᠠ ᠪᠠ ᠬᠢᠯᠠᠰ ᠴᠡᠭ ᠢ ᠬᠡᠷ ᠤᠨ | ᠠᠬᠠᠮᠠᠳ ᠲᠤ ᠨᠠᠷᠢᠨ ᠲᠠᠶᠢᠯᠪᠤᠷᠢᠯᠠᠵᠤ ᠥᠭᠪᠡ᠃ ᠡᠭᠦᠨ ᠤ ᠬᠠᠮᠲᠤ ᠨᠠᠰᠤᠨ ᠳᠤ ᠥᠯᠥ ᠭᠦᠷᠦᠭᠰᠡᠳ ᠤᠨ ᠨᠠᠰᠤ | ᠪᠠ ᠰᠡᠳᠬᠢᠴᠡ ᠶᠢᠨ ᠣᠨᠴᠠᠯᠢᠭ᠂ ᠮᠡᠳᠡᠯᠭᠡ ᠶᠢᠨ ᠪᠦᠲᠦᠴᠡ ᠲᠠᠢ ᠤᠶᠠᠯᠳᠤᠭᠤᠯᠤᠨ᠂ ᠰᠤᠷᠭᠠᠭᠤᠯᠢ᠂ ᠬᠡᠷ ᠪᠦᠯᠢ᠂ | ᠨᠡᠶᠢᠭᠡᠮ ᠤᠨ ᠬᠠᠮᠠᠭᠠᠯᠠᠯᠲᠠ ᠵᠡᠷᠭᠡ ᠲᠠᠯ᠎ᠠ ᠠᠴᠠ ᠵᠠᠯᠠᠭᠤᠴᠤᠳ ᠪᠠᠭᠠᠴᠤᠳ ᠤᠨ ᠰᠠᠶᠢᠨ ᠰᠠᠶᠢᠬᠠᠨ ᠦᠢᠯᠡ | ᠠᠵᠢᠯᠯᠠᠭᠠᠨ ᠤ ᠳᠠᠳᠬᠠᠯ ᠪᠠ ᠬᠠᠤᠯᠢ ᠪᠠᠷ ᠵᠠᠰᠠᠬᠤ ᠤᠬᠠᠮᠰᠠᠷ ᠢ ᠬᠡᠷᠬᠢᠨ ᠬᠥᠮᠦᠵᠢᠭᠦᠯᠬᠦ ᠲᠤᠬᠠᠶ ᠬᠠᠨᠳᠤᠯᠭᠠᠲᠤ | ᠴᠢᠨᠠᠷᠲᠠᠶ ᠲᠠᠶᠢᠯᠤᠮᠵᠢ ᠬᠢᠪᠡ᠃ ᠪᠣᠷᠣᠭᠵᠢᠭᠤᠨ ᠦᠭᠡ ᠶᠠᠷᠢᠶ᠎ᠠ᠂ ᠠᠮᠢᠳᠤᠯᠢᠭ ᠪᠣᠳᠠᠲᠠᠶ ᠬᠡᠷᠡᠭ ᠤᠨ ᠵᠢᠱᠢᠶ᠎ᠡ ᠵᠢᠴᠢ | ᠯᠠᠪᠳᠠᠭᠤᠨ ᠪᠠᠲᠤᠲᠠᠶ ᠣᠨᠣᠯ ᠤᠨ ᠰᠠᠭᠤᠷᠢ ᠨᠢ ᠥᠷᠭᠡᠨ ᠣᠯᠠᠨ ᠬᠡᠷ ᠤᠨ ᠠᠬᠠᠮᠠᠳ ᠲᠤ ᠨᠢᠭᠡ ᠤᠳᠠᠭᠠᠨ ᠤ ᠬᠡᠷ | ᠪᠦᠯᠢ ᠶᠢᠨ ᠬᠥᠮᠦᠵᠢᠯ ᠤᠨ ᠦᠪᠡᠳᠡᠭᠰᠢ ᠨᠠᠶᠢᠷ ᠢ ᠰᠤᠨᠢᠷᠬᠠᠭᠤᠯᠪᠠ᠃ | ᠪᠣᠯᠪᠠᠰᠤᠷᠠᠭᠤᠯᠤᠯ ᠢᠶᠠᠷ ᠳᠡᠮᠵᠢᠨ ᠬᠡᠷ ᠤᠨ ᠠᠬᠠᠮᠠᠳ ᠤᠨ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠬᠤᠷᠠᠯ ᠳᠤ ᠣᠷᠣᠯᠴᠠᠭᠰᠠᠨ ᠬᠡᠷ ᠤᠨ ᠠᠬᠠᠮᠠᠳ ᠤᠨ ᠰᠠᠶᠢᠨ ᠦᠨᠡᠯᠡᠯᠲᠡ ᠶᠢ ᠣᠯᠵᠤ᠂ | ᠰᠠᠶᠢᠨ ᠰᠠᠶᠢᠬᠠᠨ ᠨᠡᠶᠢᠭᠡᠮ ᠤᠨ ᠦᠷ᠎ᠡ ᠪᠦᠲᠦᠮᠵᠢ ᠶᠢ ᠤᠯᠪᠠ᠃ ᠲᠠᠷᠠᠭᠠᠴᠢ ᠶᠢᠨ ᠠᠯᠬᠤᠮ ᠳᠤ᠂ ᠬᠤᠲᠠ ᠶᠢᠨ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠢᠨ ᠰᠤᠷᠭᠠᠨ ᠬᠥᠮᠦᠵᠢᠭᠦᠯᠵᠦ ᠵᠠᠰᠠᠬᠤ ︽ᠴᠢᠬᠢ | ᠪᠤᠶᠢᠵᠢᠭᠤᠯᠬᠤ ᠢᠨᠵᠧᠨᠧᠷᠢᠩ︾ ᠤᠨ ᠲᠥᠰᠦᠯ ᠤᠨ ᠱᠠᠭᠠᠷᠳᠠᠯᠭ᠎ᠠ ᠶᠣᠰᠣᠭᠠᠷ᠂ ᠬᠡᠷ ᠤᠨ ᠠᠬᠠᠮᠠᠳ ᠤᠨ | ᠪᠣᠯᠪᠠᠰᠤᠷᠠᠭᠤᠯᠤᠯ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠡᠷ ᠤᠨ ᠠᠬᠠᠮᠠᠳ ᠤᠨ ᠬᠡᠪ ᠴᠢᠨᠠᠷ ᠢ ᠪᠥᠬᠦ | ᠬᠦᠴᠦᠨ ᠢᠶᠠᠷ ᠢᠶᠠᠨ ᠳᠡᠭᠡᠭᠰᠢᠯᠡᠭᠦᠯᠦᠨ᠂ ᠬᠡᠷ ᠤᠨ ᠠᠬᠠᠮᠠᠳ ᠢ ᠬᠠᠪᠰᠤᠷᠤᠨ ᠵᠥᠪ ᠣᠨᠣᠪᠴᠢᠲᠠᠶ ᠬᠡᠷ ᠪᠦᠯᠢ ᠶᠢᠨ | ᠬᠥᠮᠦᠵᠢᠯ ᠤᠨ ᠣᠶᠢᠯᠠᠭᠠᠭᠳᠠᠬᠤᠨ ᠲᠠᠢ ᠪᠣᠯᠭᠠᠨ᠎ᠠ᠃ | | | ᠤᠷᠴᠢᠭᠤᠯᠤᠭᠴᠢ᠄ ᠬᠠᠨ ᠰᠢᠶᠤᠤ ᠿᠦᠩ | ᠬᠢᠨᠠᠭᠴᠢ᠄ ᠼᠦᠢ ᠶᠢᠩ |