ᠲᠤᠭᠳᠠᠮᠠᠯ ᠬᠥᠷᠥᠩᠭᠡ ᠶᠢᠨ ᠳᠡᠩᠰᠡᠯᠡᠯᠲᠡ ᠶᠢᠨ ᠲᠥᠪ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠤᠨ ᠦᠮᠴᠢᠯᠡᠬᠦ ᠡᠷᠬᠡ ᠶᠢᠨ ᠳᠠᠩᠰᠠᠯᠠᠯᠲᠠ ᠬᠢᠪᠡ
ᠨᠡᠶᠢᠲᠡᠯᠡᠭᠰᠡᠨ ᠴᠠᠭ᠄
2021/9/15
    ᠲᠡᠦᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠶᠢ ᠲᠦᠷᠭᠡᠳᠬᠡᠨ ᠠᠬᠢᠭᠤᠯᠵᠤ᠂ ᠤᠯᠠᠨ ᠲᠦᠮᠡᠨ ᠳᠤ ᠦᠨᠡᠨᠬᠦ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠬᠤ ᠶᠢᠨ ᠲᠦᠯᠦᠭᠡ᠂ ᠬᠤᠲᠠ ᠶᠢᠨ ᠲᠤᠭᠲᠠᠮᠠᠯ ᠬᠥᠷᠥᠩᠭᠡ ᠶᠢᠨ ᠳᠡᠩᠰᠡᠯᠡᠯᠲᠡ ᠶᠢᠨ ᠲᠥᠪ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠲᠡᠤᠬᠡ ᠠᠴᠠ ᠦᠯᠡᠳᠡᠭᠳᠡᠵᠦ ᠢᠷᠡᠭᠰᠡᠨ ᠵᠦᠢᠯᠡᠰ ᠤᠨ ᠥᠮᠴᠢᠯᠡᠬᠦ ᠡᠷᠬᠡ ᠶᠢ ᠭᠦᠢᠴᠡᠳᠭᠡᠬᠦ ᠰᠠᠭᠠᠳ ᠥᠬᠡᠶ ᠨᠡᠪᠲᠡᠷᠡᠬᠦ ᠵᠠᠮ ᠢ ᠲᠤᠰᠬᠠᠶᠢᠯᠠᠨ ᠭᠠᠷᠭᠠᠵᠤ᠂ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠂ ᠬᠡᠷ ᠪᠠᠶᠢᠰᠢᠩ ᠭᠠᠵᠠᠷ ᠬᠥᠷᠥᠩᠭᠡ ᠶᠢᠨ ᠲᠡᠤᠬᠡ ᠠᠴᠠ ᠦᠯᠡᠳᠡᠭᠳᠡᠵᠦ ᠢᠷᠡᠭᠰᠡᠨ ᠵᠦᠢᠯᠡᠰ ᠤᠨ ᠥᠮᠴᠢᠯᠡᠬᠦ ᠡᠷᠬᠡ ᠶᠢ ᠭᠦᠢᠴᠡᠳᠭᠡᠬᠦ ᠳᠡᠩᠰᠡᠯᠡᠯᠲᠡ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠪᠠ᠃
   ᠠᠩᠬ᠎ᠠ ᠤᠳᠠᠭ᠎ᠠ ᠳᠠᠩᠰᠠᠯᠠᠭᠤᠯᠤᠭᠠᠳᠤᠶ ᠪᠠᠭ᠎ᠠ ᠲᠣᠭᠤᠷᠢᠭ ᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠨᠢ ᠠᠯᠢ ᠲᠦᠷᠭᠡᠨ ᠢᠶᠠᠷ ᠠᠩᠬᠠᠨ ᠤ ᠳᠠᠩᠰᠠᠯᠠᠯ ᠢ ᠭᠦᠢᠴᠡᠳᠭᠡᠬᠦ ᠬᠡᠷᠡᠭᠲᠡᠶ᠂ ᠬᠡᠷᠪᠡ ᠵᠣᠷᠢᠭᠤᠳᠠ ᠤᠳᠠᠭᠠᠰᠢᠷᠠᠭᠤᠯᠵᠤ᠂ ᠰᠢᠯᠲᠠᠭᠯᠠᠨ ᠲᠦᠯᠬᠢᠭᠡᠳ ᠳᠠᠩᠰᠠᠯᠠᠬᠤ ᠪᠠᠶᠢᠭᠤᠯᠤᠮᠵᠢ ᠲᠠᠢ ᠬᠠᠮᠵᠢᠯᠴᠠᠨ  ᠰᠢᠢᠳᠪᠦᠷᠢᠯᠡᠭᠰᠡᠨ ᠦᠬᠡᠢ᠂ ᠰᠡᠭᠦᠯᠴᠢ ᠶᠢᠨ ᠬᠤᠭᠤᠴᠠᠭᠠᠨ ᠳᠤ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠠᠴᠠ ᠪᠣᠯᠵᠣ ᠪᠠᠭ᠎ᠠ ᠲᠣᠭᠤᠷᠢᠭ ᠤᠨ ᠰᠠᠭᠤᠭᠠᠯᠢ ᠠᠷᠠᠳ ᠨᠢ ᠲᠤᠭᠲᠠᠮᠠᠯ ᠬᠥᠷᠥᠩᠭᠡ ᠶᠢᠨ ᠡᠷᠬᠡ ᠶᠢᠨ ᠦᠨᠡᠮᠯᠡᠯ ᠢ  ᠭᠦᠢᠴᠡᠳᠭᠡᠬᠦ ᠶᠢᠨ ᠠᠷᠭ᠎ᠠ ᠥᠬᠡᠶ ᠪᠣᠯᠪᠠᠯ᠂ ᠬᠤᠯᠪᠣᠭᠳᠠᠯ ᠪᠥᠬᠦᠶ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ︔ ᠨᠢᠭᠡᠨᠲᠡ ᠠᠩᠬ᠎ᠠ ᠤᠳᠠᠭ᠎ᠠ ᠳᠠᠩᠰᠠᠯᠠᠭᠤᠯᠵᠤ ᠳᠠᠭᠤᠰᠬᠠᠭᠰᠠᠨ ᠪᠠᠭ᠎ᠠ ᠲᠣᠭᠤᠷᠢᠭ ᠤᠨ ᠭᠠᠷᠠᠭ ᠭᠦᠢᠴᠡᠳᠭᠡᠯ ᠲᠠᠢ ᠪᠣᠯᠪᠠᠴᠤ ᠬᠤᠪᠢ ᠬᠥᠮᠦᠨ ᠤ ᠲᠤᠭᠲᠠᠮᠠᠯ ᠬᠥᠷᠥᠩᠭᠡ ᠶᠢᠨ ᠦᠨᠡᠮᠯᠡᠯ ᠤᠨ ᠭᠠᠷ ᠭᠦᠢᠴᠡᠳᠭᠡᠯ ᠬᠢᠭᠡᠳᠦᠶ ᠥᠮᠴᠢᠲᠡᠨ᠂ ᠬᠡᠷ ᠪᠠᠶᠢᠰᠢᠩ ᠬᠤᠳᠠᠯᠳᠤᠨ ᠠᠪᠬᠤ ᠭᠡᠷ᠎ᠡ᠂ ᠪᠠᠷᠢᠮᠲᠠ᠂ ᠬᠤᠪᠢ ᠬᠥᠮᠦᠨ ᠤ ᠪᠡᠶ᠎ᠡ ᠶᠢᠨ ᠦᠨᠡᠮᠯᠡᠯ ᠵᠡᠷᠭᠡ ᠪᠠᠨ ᠠᠪᠴᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠲᠤᠭᠲᠠᠮᠠᠯ ᠬᠥᠷᠥᠩᠭᠡ ᠶᠢᠨ ᠳᠡᠩᠰᠡᠯᠡᠯᠲᠡ ᠶᠢᠨ ᠲᠥᠪ ᠲᠤ ᠬᠦᠷᠴᠦ ᠬᠤᠪᠢ ᠬᠥᠮᠦᠨ ᠤ ᠰᠦᠯᠵᠢᠶᠡᠨ ᠳᠡᠭᠡᠷᠡᠬᠢ ᠲᠤᠭᠳᠠᠮᠠᠯ ᠬᠥᠷᠥᠩᠭᠡ ᠶᠢᠨ ᠳᠡᠩᠰᠡᠯᠡᠯᠲᠡ ᠶᠢ ᠭᠦᠢᠴᠡᠳᠭᠡᠬᠦ ᠬᠡᠷᠡᠭᠳᠡᠢ᠃
   ᠣᠶᠢᠷ᠎ᠠ ᠶᠢᠨ ᠬᠤᠭᠤᠴᠠᠭᠠᠨ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠬᠤᠷᠴᠠ ᠴᠢᠳᠠᠮᠠᠭᠠᠶ ᠬᠦᠴᠦᠨ ᠢ ᠲᠠᠲᠠᠵᠤ ᠲᠠᠪᠤᠨ ᠳᠤᠭᠤᠶᠢᠯᠠᠩ ᠬᠤᠪᠢᠶᠠᠨ᠂ ᠳᠡᠭᠡᠳᠦ ᠱᠠᠲᠤᠨ ᠤ ᠬᠤᠪᠢᠶᠠᠷᠢᠯᠠᠭᠰᠠᠨ ᠲᠠᠪᠤᠨ ᠪᠠᠭ᠎ᠠ ᠲᠣᠭᠤᠷᠢᠭ ᠲᠤ ᠲᠣᠰ ᠲᠣᠰ ᠬᠡᠷ ᠲᠤᠨᠢ ᠬᠦᠷᠴᠦ ᠤᠬᠠᠭᠤᠯᠭ᠎ᠠ ᠬᠢᠵᠦ᠂ ᠥᠮᠴᠢᠲᠡᠨ ᠳᠤ  ᠮᠡᠳᠡᠭᠳᠡᠨ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠠᠯᠢ ᠲᠦᠷᠭᠡᠨ ᠢᠶᠠᠷ ᠭᠠᠷ ᠭᠦᠢᠴᠡᠳᠭᠡᠯ ᠬᠢᠵᠦ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ︽ᠦᠨᠡᠮᠯᠡᠯ ᠠᠪᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠃               ᠤᠷᠴᠢᠭᠤᠯᠤᠭᠴᠢ᠄ ᠬᠠᠨ ᠰᠢᠶᠤᠤ ᠿᠦᠩ               ᠬᠢᠨᠠᠭᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3