| ᠹᠧᠩᠵᠧᠨ ᠬᠤᠳᠠ ᠶᠢᠨ ᠥᠷᠭᠡᠨ ᠤᠯᠠᠨ ᠺᠠᠳ᠋ᠷ ᠪᠠ ᠠᠵᠢᠯᠳᠠᠨ ᠠᠵᠢᠯᠴᠢᠨ ᠳᠤ᠄ | ᠪᠣᠯᠪᠠᠰᠤᠨ ᠬᠤᠲᠠ ᠶᠢᠨ ᠢᠷᠠᠭᠤ ᠠᠯᠳᠠᠷ ᠤᠨ ᠴᠣᠯᠠ ᠪᠣᠯ ᠨᠥᠯᠥᠭᠡᠯᠡᠬᠦ ᠬᠦᠴᠦᠨ ᠢᠶᠠᠷ ᠬᠠᠮᠤᠭ ᠤᠨ ᠴᠢᠩᠭ᠎ᠠ | ᠬᠤᠲᠠ ᠶᠢᠨ ︽ᠠᠯᠲᠠᠨ ᠦᠰᠦᠭᠲᠦ ᠫᠠᠶᠢᠰᠠ︾ ᠮᠥᠨ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠯ | ᠬᠤᠳᠠ ᠶᠢᠨ ᠲᠦᠷᠢ ᠲᠥᠷᠬᠦ ᠶᠢ ᠱᠤᠭᠤᠬᠤ ᠪᠠ ᠠᠷᠠᠳ ᠤᠨ ᠬᠡᠪ ᠴᠢᠨᠠᠷ ᠢ ᠳᠡᠭᠡᠭᠰᠢᠯᠡᠭᠦᠯᠬᠦ ᠴᠢᠬᠤᠯᠠ ᠠᠷᠭ᠎ᠠ | ᠬᠡᠮᠵᠢᠶ᠎ᠡ ᠮᠥᠨ᠂ ᠨᠡᠩ ᠴᠤ ᠠᠷᠠᠳ ᠲᠤ ᠠᠰᠢᠭ ᠣᠯᠭᠤᠵᠤ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ | ᠢᠨᠵᠧᠨᠧᠷᠢᠩ ᠮᠥᠨ᠃ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠬᠡᠵᠢᠶᠡᠳᠡ ᠵᠤᠬᠰᠤᠰᠢ ᠦᠭᠡᠢ ᠦᠷᠭᠦᠯᠵᠢᠯᠡᠵᠦ᠂ | ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠬᠦᠯᠦᠨ᠂ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠪᠦᠲᠦᠮᠵᠢᠲᠡᠢ ᠳᠡᠭᠡᠭᠰᠢᠯᠡᠭᠦᠯᠵᠦ᠂ ︽ᠪᠢ ᠤᠯᠠᠨ ᠲᠦᠮᠡᠨ ᠳᠤ | ᠪᠣᠳᠠᠲᠠᠢ ᠶᠠᠪᠤᠳᠠᠯ ᠬᠢᠵᠦ ᠥᠭᠬᠦ︾ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠦᠯᠦᠭᠡ᠂ | ᠪᠥᠬᠦ ᠬᠤᠲᠠ ᠶᠢᠨ ᠥᠷᠭᠡᠨ ᠣᠯᠠᠨ ᠺᠠᠳ᠋ᠷ ᠪᠠ ᠠᠵᠢᠯᠲᠠᠨ ᠠᠵᠢᠯᠴᠢᠨ ᠤ ᠰᠠᠨᠠᠭᠠᠴᠢᠯᠠᠭ᠎ᠠ ᠠᠴᠠ ᠪᠠᠨ ᠰᠠᠭᠤᠭ᠎ᠠ | ᠭᠠᠵᠠᠷ ᠤᠨ ᠢᠶᠠᠨ ᠨᠡᠶᠢᠭᠡᠮ ᠲᠣᠭᠤᠷᠢᠭ ᠲᠤ ᠬᠦᠷᠴᠦ ᠨᠡᠷ᠎ᠡ ᠮᠡᠳᠡᠭᠦᠯᠦᠨ᠂ ᠪᠡᠶ᠎ᠡ ᠶᠢᠨ ᠭᠠᠷᠤᠯ ᠢᠶᠠᠨ ᠳᠡᠯᠭᠡᠵᠦ᠂ | ᠠᠵᠢᠯ ᠤᠨ ᠪᠠᠶᠢᠷᠢ ᠪᠠᠨ ᠲᠠᠨᠢᠨ᠂ ᠥᠯᠢᠭᠡᠷ ᠳᠠᠭᠤᠷᠢᠶᠠᠯ ᠪᠣᠯᠵᠣ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠳᠤ ᠢᠳᠡᠪᠬᠢᠲᠡᠶ ᠪᠠᠷ ᠬᠦᠴᠦᠨ ᠴᠢᠳᠠᠯ ᠢᠶᠠᠨ ᠡᠷᠭᠦᠬᠦ ᠶᠢ ᠰᠠᠨᠠᠭᠠᠴᠢᠯᠠᠶ᠎ᠠ᠃ | ᠵᠢᠱᠢᠶ᠎ᠡ ᠦᠵᠡᠭᠦᠯᠦᠨ ᠲᠦᠷᠦᠭᠦᠯᠡᠬᠦ ᠶᠢ ᠪᠠᠷᠢᠮᠲᠠᠯᠠᠵᠤ᠂ ᠠᠷᠠᠳ ᠤᠨ ᠲᠥᠯᠥᠭᠡ ᠡᠭᠦᠳᠦᠨ ᠪᠠᠶᠢᠭᠤᠯᠬᠤ ᠶᠢᠨ | ᠳᠠᠭᠠᠭᠤᠯᠤᠭᠴᠢ ᠪᠣᠯᠬᠤ ᠪᠠᠷ ᠴᠢᠷᠮᠠᠶᠢᠨ᠎ᠠ᠃ ᠠᠷᠠᠳ ᠤᠨ ᠲᠥᠯᠥᠭᠡ ᠡᠭᠦᠳᠦᠨ ᠪᠠᠶᠢᠭᠤᠯᠬᠤ᠂ ᠠᠷᠠᠳ ᠲᠤ ᠠᠰᠢᠭ | ᠬᠦᠷᠲᠡᠭᠡᠬᠦ ᠶᠢᠨ ᠲᠦᠯᠦᠭᠡ ᠡᠭᠦᠳᠦᠨ ᠪᠠᠶᠢᠭᠤᠯᠬᠤ ᠶᠢ ᠪᠠᠷᠢᠮᠲᠠᠯᠠᠵᠤ᠂ ᠥᠷᠭᠡᠨ ᠣᠯᠠᠨ ᠺᠠᠳ᠋ᠷ ᠪᠣᠯᠤᠨ ᠠᠵᠢᠯᠲᠠᠨ | ᠠᠵᠢᠯᠴᠢᠨ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ᠂ | ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠢᠨ᠎ᠡ ᠪᠠᠶᠢᠷᠢᠯᠠᠭᠤᠯᠤᠯᠲᠠ᠂ ᠰᠢᠨ᠎ᠡ | ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠴᠢᠩᠭᠠᠳᠬᠠᠨ᠂ | ᠮᠡᠳᠡᠬᠦᠶ ᠬᠢᠬᠦᠶ ᠶᠢ ᠨᠢᠭᠡᠳᠬᠡᠬᠦ ᠳᠤᠮᠳᠠ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠰᠠᠨᠠᠯ ᠰᠣᠨᠣᠰᠴᠤ᠂ | ᠠᠵᠢᠯ ᠤᠨ ᠪᠠᠶᠢᠷᠢ ᠳᠠᠭᠠᠭᠤᠯᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠯᠠᠭᠤᠨ ᠢᠶᠠᠷ ᠦᠢᠯᠡᠴᠢᠯᠡᠨ᠂ | ᠰᠠᠭᠤᠭᠠᠯᠢ ᠠᠷᠠᠳ ᠲᠤ ᠪᠣᠳᠠᠲᠠᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠪᠦᠬᠦ ᠬᠤᠳᠠ ᠶᠢᠨ | ᠺᠠᠳ᠋ᠷ ᠪᠠ ᠠᠵᠢᠯᠳᠠᠨ ᠠᠵᠢᠯᠴᠢᠨ ᠤ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | | ᠨᠡᠶᠢᠭᠡᠮ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ | ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠨ᠎ᠠ᠃ ᠨᠡᠶᠢᠭᠡᠮ ᠲᠣᠭᠤᠷᠢᠭ ᠲᠤ ᠠᠵᠢᠯᠯᠠᠭ᠎ᠠ ᠥᠷᠨᠢᠭᠦᠯᠵᠦ᠂ ᠥᠷᠭᠡᠨ | ᠣᠯᠠᠨ ᠺᠠᠳ᠋ᠷ ᠪᠣᠯᠤᠨ ᠠᠵᠢᠯᠲᠠᠨ ᠠᠵᠢᠯᠴᠢᠨ ᠢ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠳᠤᠷ᠎ᠠ ᠶᠢᠨ | ᠠᠵᠢᠯᠯᠠᠭᠴᠢ ᠶᠢᠨ ᠡᠩᠨᠡᠭᠡᠨ ᠳᠤ ᠢᠳᠡᠪᠬᠢᠲᠡᠶ ᠣᠷᠣᠯᠴᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ᠂ | ᠣᠷᠴᠢᠨ ᠠᠬᠤᠶ ᠶᠢᠨ ᠡᠷᠡᠭᠦᠯ ᠬᠠᠮᠠᠭᠠᠯᠠᠯ ᠤᠨ ᠶᠡᠭᠡ ᠴᠡᠪᠡᠷᠯᠡᠭᠡ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ | ᠵᠦᠢᠯᠡᠰ ᠢ ᠲᠠᠨᠢᠵᠤ ᠠᠪᠬᠤ ᠪᠣᠯᠭᠠᠵᠤ᠂ ︽ᠨᠠᠮ ᠤᠨ ᠭᠡᠰᠢᠭᠦᠨ ᠲᠦᠷᠦᠭᠦᠨ ᠳᠤᠨᠢ ᠶᠠᠪᠤᠵᠤ᠂ ᠣᠯᠠᠨ ᠲᠦᠮᠡᠨ | ᠬᠠᠮᠳᠤᠪᠠᠷ ᠣᠷᠣᠯᠴᠠᠬᠤ︾ ᠠᠮᠢᠳᠤᠯᠢᠭ ᠪᠠᠶᠢᠳᠠᠯ ᠢ ᠪᠤᠶ ᠪᠤᠯᠭᠠᠬᠤ ᠬᠡᠷᠡᠭᠳᠡᠢ᠃ | ᠬᠥᠮᠦᠨ ᠪᠦᠬᠦᠨ ᠬᠦᠴᠦᠨ ᠴᠢᠳᠠᠯ ᠢᠶᠠᠨ ᠡᠷᠭᠦᠵᠦ᠂ ᠪᠣᠯᠪᠠᠰᠤᠨ ᠬᠡᠪ ᠰᠤᠷᠲᠠᠯ ᠤᠨ ᠤᠯᠠᠮᠵᠢᠯᠠᠭᠴᠢ ᠪᠣᠯᠬᠤ ᠪᠠᠷ | ᠴᠢᠷᠮᠠᠶᠢᠨ᠎ᠠ᠃ ᠥᠷᠭᠡᠨ ᠤᠯᠠᠨ ᠺᠠᠳ᠋ᠷ ᠪᠠ ᠠᠵᠢᠯᠳᠠᠨ ᠠᠵᠢᠯᠴᠢᠨ ︽ᠡᠵᠡᠨ ᠬᠥᠮᠦᠨ︾ ᠤ ᠤᠬᠠᠮᠰᠠᠷ ᠢᠶᠠᠨ | ᠴᠢᠩᠭᠠᠳᠬᠠᠵᠤ᠂ ᠦᠳᠲᠡᠷ ᠲᠦᠷᠭᠡᠨ ᠬᠦᠳᠡᠯᠦᠯᠴᠡᠨ᠂ ᠪᠡᠶ᠎ᠡ ᠪᠠᠷ ᠢᠶᠠᠨ ᠴᠢᠷᠮᠠᠶᠢᠨ ᠭᠦᠢᠴᠡᠳᠬᠡᠵᠦ᠂ ᠪᠣᠯᠪᠠᠰᠤᠨ | ᠵᠠᠮ ᠬᠠᠷᠢᠯᠴᠠᠭ᠎ᠠ᠂ ᠭᠡᠷ ᠤᠨ ᠰᠤᠷᠲᠠᠯ᠂ ᠬᠤᠭᠤᠯᠠᠨ ᠰᠢᠷᠡᠭᠡ ᠪᠠ ᠶᠣᠰᠣ ᠵᠢᠷᠤᠮ ᠵᠡᠷᠭᠡ ᠰᠢᠨ᠎ᠡ ᠬᠡᠪ ᠰᠤᠷᠲᠠᠯ ᠢ | ᠰᠠᠨᠠᠭᠠᠴᠢᠯᠠᠭ᠎ᠠ ᠠᠴᠠ ᠪᠠᠨ ᠤᠯᠠᠮᠵᠢᠯᠠᠵᠤ᠂ ᠪᠣᠯᠪᠠᠰᠤᠨ ᠦᠭᠡ ᠶᠠᠷᠢᠶ᠎ᠠ ᠦᠢᠯᠡ ᠠᠵᠢᠯᠯᠠᠭ᠎ᠠ ᠪᠠᠷ ᠢᠶᠠᠨ ᠳᠡᠷᠭᠡᠳᠡᠬᠢ | ᠨᠡᠩ ᠤᠯᠠᠨ ᠬᠥᠮᠦᠨ ᠢ ᠨᠥᠯᠥᠭᠡᠯᠡᠨ ᠲᠠᠶᠢᠴᠢᠯᠠᠨ᠎ᠠ᠃ ᠹᠧᠩᠵᠧᠨ ᠪᠣᠯ ᠪᠢᠳᠡᠨ ᠤ ᠬᠠᠮᠲᠤ ᠶᠢᠨ ᠦᠵᠡᠰᠬᠦᠯᠡᠩᠲᠦ | ᠰᠠᠶᠢᠬᠠᠨ ᠭᠡᠷ ᠣᠷᠣᠨ ᠮᠥᠨ᠂ ᠪᠢᠳᠡ ᠬᠦᠮᠦᠨ ᠨᠢᠭᠡᠪᠦᠷᠢ ᠭᠡᠷ ᠣᠷᠣᠨ ᠢᠶᠠᠨ ᠬᠠᠶᠢᠷᠠᠯᠠᠨ ᠬᠠᠮᠠᠭᠠᠯᠠᠵᠤ᠂ ᠲᠥᠪ | ᠰᠤᠷᠲᠠᠯ ᠢ ᠪᠠᠳᠠᠷᠠᠭᠤᠯᠤᠨ᠂ ᠰᠢᠨ᠎ᠡ ᠰᠤᠷᠲᠠᠯ ᠢ ᠪᠤᠢ ᠪᠣᠯᠭᠠᠵᠤ᠂ ᠡᠶ᠎ᠡ ᠵᠣᠬᠢᠴᠠᠩᠭᠤᠢ ᠶᠢ ᠠᠬᠢᠭᠤᠯᠤᠨ᠂ | ᠹᠧᠩᠵᠧᠨ ᠤ ᠰᠠᠶᠢᠨ ᠳᠠᠭᠤᠨ ᠢ ᠲᠠᠰᠤᠷᠠᠯᠳᠡ ᠦᠭᠡᠢ ᠳᠠᠮᠵᠢᠭᠤᠯᠵᠤ᠂ ᠹᠧᠩᠵᠧᠨ ᠤ ᠢᠳᠡᠪᠬᠢ ᠬᠦᠴᠦᠨ ᠢ ᠶᠡᠬᠡᠪᠡᠷ | ᠪᠠᠳᠠᠷᠠᠭᠤᠯᠬᠤ ᠬᠠᠷᠢᠭᠤᠴᠠᠯᠭ᠎ᠠ ᠪᠠ ᠡᠭᠦᠷᠭᠡ ᠲᠠᠢ ᠶᠤᠮ᠃ | ᠤᠯᠠᠨ ᠤ ᠴᠢᠷᠮᠠᠶᠢᠯᠭ᠎ᠠ ᠨᠢᠭᠡᠪᠦᠷᠢ ᠨᠢ ᠹᠧᠩᠵᠧᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠡᠭᠡᠭᠰᠢᠯᠡᠬᠦᠯᠵᠦ᠂ | ᠹᠧᠩᠵᠧᠨ ᠬᠤᠲᠠ ᠶᠢᠨ ᠳᠦᠷᠢ ᠲᠥᠷᠬᠦ ᠳᠤ ᠥᠩᠭᠡ ᠬᠡᠷᠡᠯ ᠨᠡᠮᠡᠷᠢᠯᠡᠬᠦ ᠪᠣᠯᠤᠨ᠎ᠠ᠃ ᠪᠥᠬᠦ ᠬᠤᠲᠠ ᠶᠢᠨ ᠥᠷᠭᠡᠨ | ᠣᠯᠠᠨ ᠺᠠᠳ᠋ᠷ ᠪᠠ ᠠᠵᠢᠯᠲᠠᠨ ᠠᠵᠢᠯᠴᠢᠨ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠳᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠹᠧᠩᠵᠧᠨ ᠤ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠦᠬᠡᠷᠡᠢ︕ | | | ᠹᠧᠩᠵᠧᠨ ᠬᠤᠲᠠ ᠶᠢᠨ ᠤᠶᠤᠨ ᠤ ᠪᠣᠯᠪᠠᠰᠤᠨ ᠤ ᠠᠯᠪᠠᠨ ᠭᠡᠷ | ᠹᠧᠩᠵᠧᠨ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ | 2021 ᠣᠨ ᠤ 9 ᠰᠠᠷ᠎ᠠ ᠶᠢᠨ 16 ᠤ ᠡᠳᠦᠷ | | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |