ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/9/18
      ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ — ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠪᠣᠯᠬᠤ ᠭᠡᠵᠦ ᠪᠠᠶᠢᠭ᠎ᠠ ᠲᠠᠰᠢᠷᠠᠮ ᠳᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠢ ᠤᠯᠠᠮ ᠴᠢᠨᠠᠭᠰᠢᠳᠠ ᠪᠠᠳᠠᠷᠠᠭᠤᠯᠵᠤ᠂ ᠪᠣᠯᠪᠠᠰᠤᠨ ᠰᠢᠨ᠎ᠡ ᠰᠤᠷᠲᠠᠯ ᠢ ᠪᠤᠢ ᠪᠤᠯᠭᠠᠨ᠂ ᠥᠪᠥᠷ ᠮᠣᠩᠭᠤᠯ ᠤᠨ ᠠᠷᠪᠠᠨ ᠶᠡᠭᠡ ᠠᠵᠢᠯᠯᠠᠭ᠎ᠠ ᠶᠢ ᠲᠤᠭᠤᠰᠢᠯᠠᠭᠤᠯᠵᠤ᠂ ᠹᠧᠩᠵᠧᠨ ᠬᠤᠳᠠ ᠶᠢᠨ ᠪᠦᠬᠦ ᠬᠤᠳᠠ ᠶᠢᠨ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠬᠠᠯᠠᠭᠤᠨ ᠳᠤᠯᠠᠭᠠᠨ᠂ ᠠᠷᠪᠢᠴᠢ ᠭᠠᠮᠲᠠᠶ᠂ ᠪᠣᠯᠪᠠᠰᠤᠨ ᠪᠠᠶᠠᠷ ᠤᠨ ᠡᠳᠦᠷ ᠢ ᠥᠩᠭᠡᠷᠡᠭᠦᠯᠬᠦ ᠶᠢᠨ ᠲᠥᠯᠥᠭᠡ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄    1. ᠤᠯᠠᠮᠵᠢᠯᠠᠯᠲᠤ ᠰᠣᠶᠣᠯ ᠢ ᠪᠠᠳᠠᠷᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠤ ᠡᠴᠢᠭᠡ ᠡᠬᠡ᠂ ᠬᠡᠷ ᠤᠨ ᠬᠥᠮᠦᠰ ᠲᠠᠢ ᠪᠠᠨ ᠶᠧᠪᠡᠩ ᠠᠮᠲᠠᠯᠠᠵᠤ᠂ ᠬᠠᠮᠳᠤᠪᠠᠷ ᠪᠠᠶᠠᠷ ᠤᠨ ᠡᠳᠦᠷ ᠢ ᠦᠩᠭᠡᠷᠡᠭᠦᠯᠦᠨ᠎ᠡ᠃ ︽ᠤᠴᠠᠷᠠᠨ ᠵᠤᠯᠭᠠᠯᠴᠠᠬᠤ᠂ ᠮᠥᠷᠥᠭᠡᠳᠬᠦ᠂ ᠠᠴᠢ ᠬᠠᠷᠢᠭᠤᠯᠠᠬᠤ᠂ ᠡᠯᠪᠡᠭ ᠬᠤᠷᠢᠶᠠᠯᠲᠠ ᠤᠯᠬᠤ︾ ᠪᠠᠷ ᠭᠤᠤᠯ ᠰᠡᠳᠦᠪ ᠪᠣᠯᠭᠠᠭᠰᠠᠨ ᠬᠡᠷ ᠪᠦᠯᠢ ᠶᠢᠨ ᠪᠡᠯᠭᠡᠯᠡᠬᠦ ᠠᠵᠢᠯᠯᠠᠭ᠎ᠠ ᠶᠢ ᠥᠷᠨᠢᠭᠦᠯᠵᠦ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠨ᠎ᠠ︔    2. ᠳᠤᠮᠳᠠᠳᠤ ᠶᠢᠨ ᠤᠷᠠᠨ ᠤᠩᠰᠢᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠡᠯᠪᠡᠭ ᠪᠠᠶᠠᠯᠢᠭ ᠣᠯᠠᠨ ᠶᠠᠩᠵᠤ ᠶᠢᠨ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠬᠡᠤᠬᠡᠳ ᠲᠤ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠦᠨ᠂ ᠤᠯᠠᠮᠵᠢᠯᠠᠯᠲᠤ ᠪᠠᠶᠠᠷ ᠤᠨ ᠡᠳᠦᠷ ᠢ ᠰᠢᠨ᠎ᠡ ᠤᠳᠬ᠎ᠠ ᠠᠭᠤᠯᠭ᠎ᠠ ᠲᠠᠢ ᠪᠣᠯᠭᠠᠨ᠎ᠠ︔    3. ᠠᠷᠪᠢᠴᠢ ᠭᠠᠮᠲᠠᠶ ᠬᠡᠪ ᠰᠤᠷᠲᠠᠯ ᠢ ᠰᠠᠨᠠᠭᠠᠴᠢᠯᠠᠨ᠎ᠠ᠃ ᠠᠷᠪᠢᠯᠠᠨ ᠭᠠᠮᠨᠠᠬᠤ ᠶᠢ ᠰᠠᠨᠠᠭᠠᠴᠢᠯᠠᠵᠤ᠂ ︽ ᠦᠨᠳᠦᠷ ᠦᠨ᠎ᠡ︾ ᠪᠠ ︽ᠬᠡᠭᠡᠨᠴᠢᠷ ᠪᠣᠭᠤᠳᠠᠯ︾ ᠤᠨ ᠶᠧᠪᠡᠩ ᠢ ᠡᠰᠡᠷᠭᠦᠴᠡᠨ ᠬᠤᠷᠢᠭᠯᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠪᠠᠷᠢᠮᠲᠠᠯᠠᠨ᠂ ᠪᠦᠷᠢᠯᠭᠡᠨ ᠰᠦᠢᠳᠬᠡᠬᠦ ᠶᠢ ᠡᠰᠡᠷᠭᠦᠴᠡᠨ᠎ᠡ︔ ᠣᠷᠴᠢᠨ ᠠᠬᠤᠶ ᠶᠢᠨ ᠬᠠᠮᠠᠭᠠᠯᠠᠯᠲᠠ ᠶᠢ ᠰᠠᠨᠠᠭᠠᠴᠢᠯᠠᠵᠤ᠂ ᠲᠦᠷᠦᠯ ᠰᠠᠳᠤᠨ ᠨᠠᠶᠢᠵᠠ ᠨᠥᠬᠦᠳ ᠢᠶᠠᠨ ᠰᠤᠷᠪᠤᠯᠵᠢᠯᠠᠬᠤ᠂ ᠭᠠᠳᠠᠭᠰᠢ ᠭᠠᠷᠴᠤ ᠰᠠᠷ᠎ᠠ ᠰᠣᠨᠢᠷᠬᠠᠬᠤ ᠳᠤ ᠪᠣᠬᠢᠷᠲᠤᠯ ᠦᠭᠡᠢ ᠠᠶᠠᠯᠠᠯ ᠤᠨ ᠠᠷᠭ᠎ᠠ ᠮᠠᠶ᠋ᠢᠭ ᠢ ᠬᠡᠷᠡᠭᠯᠡᠬᠦ ᠶᠢ ᠪᠠᠷᠢᠮᠲᠠᠯᠠᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠲᠠᠢ ᠤᠶᠠᠯᠳᠤᠭᠤᠯᠤᠨ ᠡᠮᠬᠢ ᠵᠢᠷᠤᠮ ᠲᠠᠢ ᠪᠠᠷ ᠶᠠᠪᠤᠬᠳᠠᠭᠤᠯᠤᠨ᠎ᠠ︔    4. ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠨ᠎ᠠ᠃ ᠥᠷᠭᠡᠨ ᠤᠯᠠᠨ ᠰᠠᠶᠢᠨ ᠳᠤᠷ᠎ᠠ ᠶᠢᠨ ᠠᠵᠢᠯᠯᠠᠭᠴᠢ ᠤᠯᠠᠨ ᠲᠦᠮᠡᠨᠴᠢ ᠱᠤᠭᠤᠮ ᠢ ᠲᠦᠷᠦᠭᠦᠯᠡᠨ ᠦᠢᠯᠡᠳᠦᠯᠭᠡᠵᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠬᠦᠯᠦᠨ᠂ ᠭᠡᠷ ᠲᠡᠭᠡᠨ ᠬᠤᠴᠣᠷᠤᠭᠰᠠᠨ ᠨᠠᠰᠤᠲᠠᠨ᠂ ᠥᠨᠥᠴᠢᠨ ᠪᠡᠯᠪᠡᠰᠦᠨ ᠨᠠᠰᠤᠲᠠᠨ᠂ ᠭᠡᠷ ᠲᠡᠭᠡᠨ ᠬᠤᠴᠣᠷᠤᠭᠰᠠᠨ ᠬᠡᠦᠬᠡᠳ᠂ ᠬᠥᠯᠥᠰᠥᠨ ᠠᠵᠢᠯᠴᠢᠨ ᠵᠡᠷᠭᠡ ᠨᠡᠶᠢᠭᠡᠮ ᠤᠨ ᠪᠠᠭᠤᠷᠠᠶᠢᠴᠤᠤᠯ ᠢ ᠬᠠᠶᠢᠷᠠᠯᠠᠨ ᠬᠠᠯᠠᠮᠵᠢᠯᠠᠵᠤ᠂ ᠲᠡᠳᠡᠨ ᠳᠤ ᠪᠠᠶᠠᠷ ᠤᠨ ᠡᠳᠦᠷ ᠤᠨ ᠬᠠᠶᠢᠷ᠎ᠠ ᠰᠡᠳᠬᠢᠯᠭᠡ ᠶᠢ ᠲᠠᠮᠵᠢᠭᠤᠯᠤᠨ᠎ᠠ︔    5. ᠠᠷᠠᠳ ᠢᠷᠭᠡᠳ ᠤᠨ ᠶᠣᠰᠣ ᠮᠣᠷᠠᠯ ᠢ ᠦᠢᠯᠡᠳᠦᠯᠭᠡᠵᠢᠭᠦᠯᠦᠨ᠎ᠡ᠃ ᠪᠣᠯᠪᠠᠰᠤᠨ ᠬᠥᠮᠦᠨ ᠪᠤᠯᠵᠤ᠂ ᠪᠣᠯᠪᠠᠰᠤᠨ ᠶᠠᠪᠤᠳᠠᠯ ᠬᠢᠬᠦ ᠶᠢ ᠪᠠᠷᠢᠮᠳᠠᠯᠠᠨ᠎ᠠ᠃ ᠪᠣᠯᠪᠠᠰᠤᠨ ᠬᠡᠷᠡᠭᠯᠡᠭᠡᠨ ᠤ ᠬᠡᠯᠡ᠂ ᠪᠣᠯᠪᠠᠰᠤᠨ ᠢᠳᠡᠭᠡᠨ ᠤᠮᠳᠠᠭᠠᠨ᠂ ᠪᠣᠯᠪᠠᠰᠤᠨ ᠶᠠᠪᠤᠵᠤ ᠰᠠᠭᠤᠬᠤ ᠶᠢ ᠤᠬᠠᠮᠰᠠᠷ ᠠᠴᠠ ᠪᠠᠨ ᠪᠡᠶᠡᠯᠡᠭᠦᠯᠦᠨ᠎ᠡ᠃ ᠪᠠᠶᠠᠷ ᠤᠨ ᠡᠳᠦᠷ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠹᠧᠩᠵᠧᠨ ᠬᠤᠲᠠ ᠶᠢᠨ ᠠᠷᠠᠳ ᠤᠨ ᠪᠣᠯᠪᠠᠰᠤᠨ ᠳᠦᠷᠢ ᠲᠥᠷᠬᠦ ᠶᠢ ᠳᠡᠯᠭᠡᠨ ᠦᠵᠡᠭᠦᠯᠦᠨ᠎ᠡ᠃    ᠲᠠ ᠪᠦᠬᠦᠨ ᠳᠡᠭᠡᠨ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠰᠠᠶᠢᠨ ᠰᠠᠶᠢᠬᠠᠨ ᠵᠦᠩᠨᠡᠯ ᠢ ᠳᠡᠪᠰᠢᠭᠦᠯᠦᠶ᠎ᠡ︕             ᠹᠧᠩᠵᠧᠨ ᠬᠤᠲᠠ ᠶᠢᠨ ᠤᠶᠤᠨ ᠤ ᠪᠣᠯᠪᠠᠰᠤᠨ ᠤ ᠠᠯᠪᠠᠨ ᠭᠡᠷ         ᠹᠧᠩᠵᠧᠨ ᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ                       2021 ᠣᠨ ᠤ 9 ᠰᠠᠷ᠎ᠠ ᠶᠢᠨ 16 ᠤ ᠡᠳᠦᠷ                   ᠤᠷᠴᠢᠭᠤᠯᠤᠬᠴᠢ᠄ ᠬᠠᠨ ᠰᠢᠶᠤᠤ ᠿᠦᠩ                 ᠬᠢᠨᠠᠬᠴᠢ᠄ ᠼᠦᠢ ᠶᠢᠩ
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3