ᠹᠧᠩᠵᠧᠨ ᠬᠤᠲᠠ ᠶᠢᠨ ᠭᠡᠷᠡᠴᠢᠯᠡᠬᠦ ᠤᠴᠢᠷ ᠶᠠᠪᠤᠳᠠᠯ ᠢ ᠬᠡᠯᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2021/9/30
    ᠭᠡᠷᠡᠴᠢᠯᠡᠬᠦ ᠵᠦᠢᠯᠡᠰ ᠢ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠶᠢᠨ ᠲᠦᠯᠦᠬᠡ ︽ ᠹᠧᠩᠵᠧᠨ ᠬᠤᠲᠠ ᠶᠢᠨ ᠭᠡᠷᠡᠴᠢᠯᠡᠬᠦ ᠤᠴᠢᠷ ᠶᠠᠪᠤᠳᠠᠯ ᠢ ᠬᠡᠯᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠵᠢᠯ ᠤᠨ ᠲᠥᠰᠦᠯ ᠢ ᠲᠣᠭᠲᠠᠭᠠᠪᠠ᠃    ᠨᠢᠭᠡ᠂ ᠠᠵᠢᠯ ᠤᠨ ᠬᠠᠷᠠᠯᠲᠠ    ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠮᠵᠢᠳᠤ ᠵᠣᠬᠢᠶᠠᠨ ᠪᠠᠶᠢᠭᠤᠯᠤᠯᠲᠠ ︵ᠳᠣᠷᠣᠭᠰᠢ ︽ᠵᠠᠰᠠᠭ ᠵᠠᠬᠢᠷᠭᠠᠨ ᠤ ᠪᠠᠶᠢᠭᠤᠯᠭ᠎ᠠ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢᠨ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ ᠥᠭᠭᠦᠯᠲᠡ ᠵᠡᠷᠭᠡ ᠭᠤᠶᠤᠴᠢᠯᠠᠯ ᠢ ᠦᠨᠳᠦᠰᠦᠯᠡᠭᠰᠡᠨ ᠵᠠᠰᠠᠭ ᠵᠠᠬᠢᠷᠭᠠᠨ ᠤ ᠬᠡᠷᠡᠭ ᠶᠠᠪᠤᠳᠠᠯ ︵ᠳᠣᠷᠣᠭᠰᠢ ︽ᠵᠠᠰᠠᠭ ᠵᠠᠬᠢᠷᠭᠠᠨ ᠤ ᠬᠡᠷᠡᠭ ᠶᠠᠪᠤᠳᠠᠯ︾ ᠭᠡᠵᠦ ᠲᠣᠪᠴᠢᠯᠠᠨ᠎ᠠ︶ ᠤᠨ ᠱᠠᠭᠠᠷᠳᠠᠯᠭ᠎ᠠ ᠪᠠᠷ ᠭᠡᠷᠡᠴᠢᠯᠡᠬᠦ ᠮᠠᠲ᠋ᠧᠷᠢᠶᠠᠯ ᠬᠠᠩᠭᠠᠬᠤ ᠦᠶ᠎ᠡ ᠳᠤ ᠭᠡᠷᠡᠴᠢᠯᠡᠬᠦ ᠬᠡᠷᠡᠭ ᠶᠠᠪᠤᠳᠠᠯ ᠢ ᠮᠡᠳᠡᠭᠳᠡᠵᠦ ᠠᠮᠠᠯᠠᠭᠤᠯᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠣᠳᠣᠷᠬᠠᠶ ᠬᠡᠯᠡᠵᠦ ᠥᠭᠬᠦ᠂ ᠠᠵᠤ ᠠᠬᠤᠶᠢᠯᠠᠯ ᠪᠠ ᠣᠯᠠᠨ ᠲᠦᠮᠡᠨ ᠤ ᠦᠨᠡᠨᠴᠢ ᠢᠲᠡᠭᠡᠮᠵᠢᠲᠡᠶ ᠪᠠᠷ ᠠᠮᠠᠯᠠᠯᠲᠠ ᠪᠠᠨ ᠰᠠᠬᠢᠬᠤ ᠪᠠᠷ ᠭᠤᠤᠯᠳᠠᠯᠭ᠎ᠠ ᠪᠤᠯᠭᠠᠨ᠂ ᠪᠠᠷᠢᠮᠵᠢᠶ᠎ᠠ ᠶᠢ ᠢᠯᠡ ᠪᠣᠯᠭᠠᠬᠤ᠂ ᠲᠦᠷᠢᠮ ᠢ ᠲᠥᠪ ᠭᠤᠤᠯᠴᠢ ᠪᠠ ᠵᠢᠱᠢᠯᠲᠡ ᠶᠢ ᠲᠣᠳᠣᠷᠬᠠᠶ ᠪᠠᠶᠢᠯᠭᠠᠬᠤ᠂ ᠲᠣᠰ ᠲᠣᠰ ᠤᠨ ᠬᠠᠷᠢᠭᠤᠴᠠᠯᠭ᠎ᠠ ᠪᠠᠨ ᠬᠦᠢᠴᠡᠳᠭᠡᠭᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠵᠠᠰᠠᠯᠲᠠ ᠶᠢᠨ ᠵᠠᠭᠪᠤᠷ ᠢ ᠪᠣᠶ ᠪᠣᠯᠭᠠᠬᠤ ᠶᠢ ᠠᠬᠢᠭᠤᠯᠵᠤ᠂ ᠲᠦᠷᠢᠮ ᠤᠨ ᠲᠠᠯ᠎ᠠ ᠠᠴᠠ ᠠᠵᠤ ᠠᠬᠤᠶᠢᠯᠠᠯ ᠪᠠ ᠣᠯᠠᠨ ᠲᠦᠮᠡᠨ ᠤ  ᠬᠦᠢᠴᠡᠳᠭᠡᠭᠦ ᠦᠨᠡᠮᠯᠡᠯ ᠣᠯᠠᠨ ᠂ ᠠᠵᠢᠯ ᠶᠠᠪᠤᠳᠠᠯ ᠬᠦᠢᠴᠡᠳᠭᠡᠭᠦ ᠳᠤ ᠬᠦᠴᠢᠷᠲᠡᠶ ᠪᠠᠶᠢᠬᠤ ᠵᠡᠷᠭᠡ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠨ᠎ᠡ᠃    ᠬᠤᠶᠠᠷ᠂ ᠠᠵᠢᠯ ᠤᠨ ᠬᠡᠪᠴᠢᠶ᠎ᠡ ᠪᠠ ᠬᠡᠷᠡᠭᠯᠡᠬᠦ ᠡᠲᠡᠭᠡᠳ    ︵ᠨᠢᠭᠡ︶ ᠬᠡᠷᠡᠭᠵᠢᠭᠦᠯᠬᠦ ᠪᠠᠶᠢᠭᠤᠯᠭ᠎ᠠ᠃ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠵᠢᠯ ᠢ ᠪᠦᠬᠦ ᠬᠤᠳᠠ ᠶᠢᠨ ᠬᠡᠪᠴᠢᠶᠡᠨ ᠳᠤ ᠠᠯᠬᠤᠮ ᠲᠠᠷᠠᠭ᠎ᠠ ᠲᠠᠢ ᠪᠠᠷ ᠪᠦᠬᠦᠨ ᠢ ᠪᠦᠷᠬᠦᠬᠦᠯᠦᠨ ᠥᠷᠨᠢᠭᠦᠯᠦᠨ᠎ᠡ᠃ ᠬᠡᠷᠡᠭᠵᠢᠭᠦᠯᠬᠦ ᠪᠠᠶᠢᠭᠤᠯᠭ᠎ᠠ ᠳᠤ ᠪᠦᠬᠦ ᠬᠤᠲᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠠᠭᠲᠠᠨ᠎ᠠ᠃    ︵ᠬᠤᠶᠠᠷ︶ ᠲᠣᠮᠢᠶᠠᠯᠠᠯ ᠪᠠ ᠬᠦᠷᠢᠶ᠎ᠡ ᠬᠡᠪᠴᠢᠶ᠎ᠡ᠃ ᠲᠤᠰ ᠲᠥᠰᠦᠯ ᠳᠤ ᠬᠡᠯᠡᠵᠦ ᠪᠠᠶᠢᠭ᠎ᠠ ᠭᠡᠷᠡᠴᠢᠯᠡᠯ ᠭᠡᠳᠡᠭ ᠪᠣᠯ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠬᠠᠤᠯᠢ ᠶᠣᠰᠣᠭᠠᠷ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠰᠢᠢᠳᠪᠦᠷᠢᠯᠡᠬᠦᠯᠬᠦ ᠪᠠᠷ ᠭᠤᠶᠤᠴᠢᠯᠠᠬᠤ ᠦᠶ᠎ᠡ ᠳᠤ᠂ ᠬᠠᠩᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠪᠤᠰᠤᠳ ᠪᠠᠶᠢᠭᠤᠯᠤᠮᠵᠢ ᠠᠴᠠ ᠭᠠᠷᠭᠠᠵᠤ ᠥᠭᠬᠦ ᠴᠢᠬᠤᠯᠠᠲᠠᠶ ᠪᠠᠶᠢᠵᠤ᠂ ᠪᠤᠰᠤᠳᠴᠢ ᠪᠣᠳᠠᠲᠤ ᠶᠠᠪᠤᠳᠠᠯ ᠢ ᠳᠦᠷᠰᠦᠯᠡᠬᠦ ᠪᠤᠶᠤ ᠣᠨᠴᠠᠭᠠᠶ ᠨᠥᠬᠦᠴᠡᠯ ᠳᠤ ᠨᠡᠶᠢᠴᠡᠬᠦ ᠶᠢ ᠢᠯᠡᠳᠬᠡᠬᠦ ᠳᠤ ᠬᠡᠷᠡᠭᠯᠡᠬᠦ ᠮᠠᠲ᠋ᠧᠷᠢᠶᠠᠯ ᠢ ᠵᠢᠭᠠᠵᠤ ᠪᠠᠶᠢᠨ᠎ᠠ᠃ ᠭᠡᠷᠡᠴᠢᠯᠡᠬᠦ ᠵᠦᠢᠯᠡᠰ ᠢ ᠠᠮᠠᠯᠠᠯᠲᠠ ᠪᠠᠨ ᠮᠡᠳᠡᠭᠳᠡᠬᠦ ᠳᠦᠷᠢᠮ ᠭᠡᠳᠡᠭ ᠪᠣᠯ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠵᠦᠢᠯᠡᠰ ᠢ ᠰᠢᠢᠳᠪᠦᠷᠢᠯᠡᠬᠦᠯᠬᠦ ᠪᠠᠷ ᠭᠤᠶᠤᠴᠢᠯᠠᠬᠤ ᠦᠶ᠎ᠡ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠭᠡᠷᠡᠴᠢᠯᠡᠬᠦ ᠡᠭᠦᠷᠭᠡ᠂ ᠭᠡᠷᠡᠴᠢᠯᠡᠬᠦ ᠠᠭᠤᠯᠭ᠎ᠠ ᠵᠢᠴᠢ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠭᠤᠶᠤᠴᠢᠯᠠᠭᠴᠢ ᠳᠤ ᠪᠢᠴᠢᠭ ᠤᠨ ᠬᠡᠯᠪᠡᠷᠢ ᠪᠠᠷ ᠨᠢᠭᠡ ᠯᠡ ᠤᠳᠠᠭ᠎ᠠ ᠳᠤ ᠮᠡᠳᠡᠭᠳᠡᠵᠦ᠂ ᠭᠤᠶᠤᠴᠢᠯᠠᠭᠴᠢ ᠶᠢᠨ ᠪᠢᠴᠢᠭ ᠤᠨ ᠠᠮᠠᠯᠠᠯᠲᠠ ᠨᠢ ᠨᠢᠭᠡᠨᠲᠡ ᠮᠡᠳᠡᠭᠳᠡᠬᠦ ᠳᠤ ᠨᠡᠶᠢᠴᠡᠬᠦ ᠶᠢ ᠵᠢᠭᠠᠵᠤ ᠪᠠᠶᠢᠨ᠎ᠠ᠃    ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠪᠥᠭᠡᠳ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠳᠤᠷᠠᠲᠠᠶ᠎ᠠ ᠡᠭᠦᠷᠭᠡᠯᠡᠨ᠎ᠡ᠂ ᠵᠠᠰᠠᠭ ᠵᠠᠬᠢᠷᠭᠠᠨ ᠤ ᠪᠠᠶᠢᠭᠤᠯᠭ᠎ᠠ ᠳᠠᠬᠢᠵᠤ ᠬᠤᠯᠪᠣᠭᠳᠠᠯ ᠪᠦᠬᠦᠢ ᠭᠡᠷᠡᠴᠢ ᠶᠢ ᠨᠡᠬᠡᠨ ᠠᠪᠬᠤ ᠦᠭᠡᠢ ᠪᠥᠭᠡᠳ ᠪᠢᠴᠢᠭ ᠤᠨ ᠠᠮᠠᠯᠠᠯᠲᠠ ᠶᠢ ᠦᠨᠳᠦᠰᠦᠯᠡᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠰᠢᠢᠳᠪᠦᠷᠢᠯᠡᠬᠦ ᠠᠵᠢᠯ ᠤᠨ ᠲᠣᠭᠲᠠᠴᠠ ᠶᠢ ᠭᠦᠢᠴᠡᠳᠬᠡᠨ᠎ᠡ᠃    ᠭᠤᠷᠪᠠ᠂ ᠭᠤᠣᠯ ᠡᠭᠦᠷᠭᠡ    ︵ᠨᠢᠭᠡ︶ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠢ ᠲᠣᠳᠣᠷᠬᠠᠶᠢᠯᠠᠨ᠎ᠠ ᠃ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ︽ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ ᠂ ᠲᠣᠰ ᠪᠡᠶ᠎ᠡ ᠶᠢᠨ ᠪᠣᠳᠠᠲᠠᠶ ᠲᠠᠢ ᠪᠠᠨ ᠤᠶᠠᠯᠳᠤᠭᠤᠯᠤᠨ ᠠᠮᠠᠯᠠᠯᠲᠠ ᠪᠠᠨ ᠮᠡᠳᠡᠭᠳᠡᠬᠦ ᠲᠦᠷᠢᠮ ᠤᠨ ᠭᠡᠷᠡᠴᠢᠯᠡᠬᠦ ᠵᠦᠢᠯᠡᠰ ᠤᠨ ᠬᠡᠪᠴᠢᠶ᠎ᠡ ᠶᠢ ᠬᠡᠷᠡᠭᠵᠢᠭᠦᠯᠵᠦ᠂ ᠭᠡᠷᠡᠴᠢᠯᠡᠬᠦ ᠵᠦᠢᠯᠡᠰ ᠢ ᠠᠮᠠᠯᠠᠯᠲᠠ ᠪᠠᠨ ᠮᠡᠳᠡᠭᠳᠡᠬᠦ ᠲᠦᠷᠢᠮ ᠤᠨ ᠭᠠᠷᠴᠠᠭ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ᠂ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠳᠤ ᠨᠢᠭᠡᠳᠦᠯᠲᠡᠶ ᠨᠡᠶᠢᠲᠡᠯᠡᠬᠦ ᠬᠡᠷᠡᠭᠲᠡᠶ︔ ᠭᠡᠷᠡᠴᠢᠯᠡᠬᠦ ᠤᠴᠢᠷ ᠶᠠᠪᠤᠳᠠᠯ ᠢ ᠠᠮᠠᠯᠠᠯᠲᠠ ᠶᠢᠨ ᠳᠦᠷᠢᠮ ᠤᠨ ᠭᠠᠷᠴᠠᠭ ᠤᠨ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠵᠤ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠠᠰᠢᠭᠲᠠᠶ ᠠᠷᠠᠳ ᠲᠤ ᠳᠥᠭᠦᠮ ᠦᠵᠡᠭᠦᠯᠬᠦ ᠵᠠᠷᠴᠢᠮ ᠶᠣᠰᠣᠭᠠᠷ᠂ ᠠᠵᠤ ᠠᠬᠤᠶᠢᠯᠠᠯ ᠪᠠ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠬᠡᠷᠡᠭᠯᠡᠬᠦ ᠤᠳᠠᠭ᠎ᠠ ᠨᠢ ᠨᠡᠯᠢᠶᠡᠳ ᠥᠨᠳᠥᠷ ᠪᠤᠶᠤ ᠤᠯᠬᠤ ᠳᠤ ᠨᠡᠯᠢᠶᠡᠳ ᠬᠦᠴᠢᠷᠲᠡᠶ ᠭᠡᠷᠡᠴᠢᠯᠡᠬᠦ ᠵᠦᠢᠯᠡᠰ ᠢ ᠬᠠᠨᠳᠤᠯᠭᠠᠲᠤ ᠴᠢᠨᠠᠷᠲᠠᠶ ᠪᠠᠷ ᠰᠣᠩᠭᠤᠨ ᠠᠪᠬᠤ ᠳᠤ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠢᠯᠠᠩᠭᠤᠶ᠎ᠠ ᠡᠷᠦᠭᠡ ᠠᠮᠠ ᠶᠢᠨ ᠲᠠᠩᠰᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠵᠡᠩᠨᠡᠯᠲᠡ ᠶᠢ ᠵᠥᠪᠰᠢᠶᠡᠷᠡᠬᠦ᠂ ᠬᠢᠷᠢ ᠬᠡᠮ ᠤᠨ ᠰᠢᠯᠭᠠᠯᠲᠠ᠂ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ ᠡᠷᠡᠭᠦᠯ ᠮᠡᠨᠳᠤ ᠪᠡᠶ᠎ᠡ ᠶᠢᠨ ᠪᠠᠶᠢᠴᠠᠭᠠᠯᠲᠠ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠱᠠᠯᠠᠪᠳᠠᠨ ᠬᠡᠷᠡᠭᠵᠢᠭᠦᠯᠵᠦ᠂ ᠠᠯᠢ ᠲᠦᠷᠭᠡᠨ ᠢᠶᠠᠷ ᠨᠠᠶᠢᠳᠠᠪᠤᠷᠢᠵᠢᠭᠤᠯᠬᠤ ᠬᠡᠷᠡᠭᠲᠡᠶ︔ ᠤᠯᠤᠰ ᠤᠨ ᠠᠮᠤᠷ ᠲᠦᠪᠰᠢᠨ᠂ ᠤᠯᠤᠰ ᠤᠨ ᠨᠢᠭᠤᠴᠠ᠂ ᠣᠯᠠᠨ ᠨᠡᠶᠢᠲᠡ ᠶᠢᠨ ᠠᠮᠤᠷ ᠲᠦᠪᠰᠢᠨ᠂ ᠮᠥᠩᠭᠦᠨ ᠬᠦᠢᠯᠭᠡᠭᠡᠨ ᠤ ᠦᠢᠯᠡᠰ ᠤᠨ ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠬᠥᠮᠦᠨ ᠤ ᠪᠡᠶ᠎ᠡ ᠶᠢᠨ ᠡᠷᠡᠭᠦᠯ ᠮᠡᠨᠳᠦ ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠰᠢᠭᠤᠳ ᠬᠤᠯᠪᠣᠭᠳᠠᠬᠤ ᠵᠢᠴᠢ ᠴᠢᠬᠤᠯᠠ ᠭᠠᠳᠠᠭᠠᠳᠤ ᠳᠤ ᠬᠤᠯᠪᠣᠭᠳᠠᠬᠤ ᠵᠡᠷᠭᠡ ᠲᠦᠭᠰᠢᠭᠦᠷᠢ ᠪᠠᠷ ᠨᠡᠯᠢᠶᠡᠳ ᠶᠡᠭᠡ ᠪᠠᠶᠢᠵᠤ᠂ ᠵᠠᠯᠠᠷᠠᠭᠤᠯᠬᠤ ᠥᠪᠡᠷ ᠤᠨ ᠥᠷᠲᠡᠭ ᠨᠢ ᠨᠡᠯᠢᠶᠡᠳ ᠥᠨᠳᠥᠷ᠂ ᠬᠤᠬᠢᠷᠠᠯ ᠢ ᠡᠭᠡᠭᠦᠯᠵᠦ ᠠᠪᠴᠢᠷᠠᠬᠤᠶ᠎ᠠ ᠪᠡᠷᠬᠡ ᠭᠡᠷᠡᠴᠢᠯᠡᠬᠦ ᠵᠦᠢᠯᠡᠰ ᠲᠤ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠥᠬᠡᠶ︔ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠤᠨ ᠬᠡᠪᠴᠢᠶ᠎ᠡ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ᠂ ᠬᠦᠴᠦᠨ ᠥᠬᠡᠶ ᠪᠣᠯᠭᠠᠭᠰᠠᠨ ᠵᠡᠷᠭᠡ ᠪᠠᠶᠢᠳᠠᠯ ᠢ ᠦᠨᠳᠦᠰᠦᠯᠡᠨ᠂ ᠠᠮᠠᠯᠠᠯᠲᠠ ᠶᠢᠨ ᠲᠦᠷᠢᠮ ᠢ ᠬᠡᠷᠡᠭᠵᠢᠭᠦᠯᠦᠭᠰᠡᠨ ᠭᠡᠷᠡᠴᠢᠯᠡᠬᠦ ᠵᠦᠢᠯᠡᠰ ᠤᠨ ᠭᠠᠷᠴᠠᠭ ᠲᠤ ᠬᠥᠳᠡᠯᠦᠩᠭᠦᠶ ᠳᠣᠭᠢᠷᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠭᠡᠷᠡᠴᠢᠯᠡᠬᠦ ᠵᠦᠢᠯᠡᠰ ᠲᠤ ᠬᠥᠳᠡᠯᠦᠩᠭᠦᠶ ᠲᠣᠬᠢᠷᠠᠭᠤᠯᠤᠯᠲᠠ ᠬᠢᠵᠦ ᠠᠮᠠᠯᠠᠯᠲᠠ ᠶᠢᠨ ᠲᠦᠷᠢᠮ ᠤᠨ ᠭᠠᠷᠴᠠᠭ ᠢ ᠮᠡᠳᠡᠭᠳᠡᠭᠰᠡᠨ ᠤ ᠳᠠᠷᠠᠭ᠎ᠠ᠂ ᠴᠠᠭ ᠲᠤᠬᠠᠶ ᠳᠤᠨᠢ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ︔ ᠬᠠᠷᠢᠭᠤᠴᠠᠬᠤ ᠨᠢᠭᠡᠴᠡ᠄ ᠡᠯ᠎ᠡ ᠬᠤᠯᠪᠣᠭᠳᠠᠯ ᠪᠥᠬᠦᠶ ᠨᠢᠭᠡᠴᠡ︶     ︵ᠬᠤᠶᠠᠷ︶ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠡᠳᠡᠭᠡᠳ ᠢ ᠲᠣᠭᠲᠠᠭᠠᠨ᠎ᠠ᠃ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠢ ᠭᠤᠶᠤᠴᠢᠯᠠᠭᠴᠢ ᠨᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠷᠭ᠎ᠠ ᠮᠠᠶ᠋ᠢᠭ ᠢ ᠬᠡᠷᠡᠭᠯᠡᠬᠦ ᠡᠰᠡᠬᠦ ᠪᠠᠨ ᠥᠪᠡᠰᠦᠪᠡᠨ ᠡᠵᠡᠨ ᠮᠡᠳᠡᠵᠤ  ᠰᠢᠢᠳᠪᠦᠷᠢᠯᠡᠵᠦ ᠪᠣᠯᠤᠨ᠎ᠠ᠃ ᠭᠤᠶᠤᠴᠢᠯᠠᠭᠴᠢ ᠠᠮᠠᠯᠠᠬᠤ ᠳᠤᠷ᠎ᠠ ᠦᠭᠡᠢ ᠪᠤᠶᠤ ᠠᠮᠠᠯᠠᠬᠤ ᠶᠢᠨ ᠠᠷᠭ᠎ᠠ ᠦᠭᠡᠢ ᠪᠠᠶᠢᠪᠠᠯ᠂ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠱᠠᠭᠠᠷᠳᠠᠭᠰᠠᠨ ᠭᠡᠷᠡᠴᠢ ᠶᠢ ᠲᠤᠰᠢᠶᠠᠬᠤ ᠬᠡᠷᠡᠭᠲᠡᠢ᠃ ᠭᠤᠶᠤᠴᠢᠯᠠᠭᠴᠢ ᠨᠢ ᠨᠡᠯᠢᠶᠡᠳ ᠬᠦᠨᠳᠦ ᠨᠣᠴᠢᠲᠠᠶ ᠢᠲᠡᠭᠡᠮᠵᠢ ᠶᠢᠨ ᠮᠠᠭᠤ ᠲᠡᠮᠳᠡᠭᠯᠡᠯ ᠲᠠᠢ ᠪᠤᠶᠤ ᠬᠤᠳᠠᠯ ᠬᠠᠭᠤᠷᠮᠠᠭ ᠠᠮᠠᠯᠠᠯᠲᠠ ᠬᠢᠵᠦ ᠥᠩᠭᠡᠷᠡᠭᠰᠡᠨ ᠵᠡᠷᠭᠡ ᠪᠠᠶᠢᠳᠠᠯ ᠲᠠᠢ ᠪᠠᠶᠢᠪᠠᠯ᠂ ᠢᠲᠡᠭᠡᠮᠵᠢ ᠶᠢ ᠰᠡᠷᠭᠦᠭᠡᠬᠦ ᠠᠴᠠ ᠡᠮᠦᠨ᠎ᠡ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠦᠭᠡᠢ᠃ ︵ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠥᠬᠦᠶ ᠨᠢᠭᠡᠴᠡ︶      ︵ᠭᠤᠷᠪᠠ︶ ᠬᠡᠯᠡᠵᠦ ᠠᠮᠠᠯᠠᠭᠤᠯᠬᠤ ᠲᠦᠷᠢᠮ ᠤᠨ ᠠᠵᠢᠯ ᠤᠨ ᠴᠤᠪᠤᠷᠠᠯ ᠢ ᠵᠢᠷᠤᠮᠵᠢᠭᠤᠯᠤᠨ᠎ᠠ᠃ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ  ᠵᠦᠢᠯᠡᠰ ᠤᠨ ᠭᠠᠷᠴᠠᠭ ᠢ ᠦᠨᠳᠦᠰᠦᠯᠡᠨ᠂ ᠪᠥᠬᠦ ᠲᠠᠯ᠎ᠠ ᠪᠠᠷ ᠣᠨᠣᠪᠴᠢᠲᠠᠶ᠂ ᠡᠷᠬᠡ ᠬᠠᠷᠢᠭᠤᠴᠠᠯᠭ᠎ᠠ ᠲᠣᠳᠣᠷᠬᠠᠶ᠂ ᠲᠥᠬᠦᠮ ᠣᠶᠢᠯᠠᠭᠠᠮᠵᠢᠲᠠᠶ ᠪᠠᠶᠢᠬᠤ ᠱᠠᠭᠠᠷᠳᠠᠯᠭ᠎ᠠ ᠶᠣᠰᠣᠭᠠᠷ᠂ ᠠᠵᠢᠯ ᠤᠨ ᠲᠦᠷᠢᠮ ᠢᠶᠠᠨ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠠᠵᠢᠯ ᠶᠠᠪᠤᠳᠠᠯ ᠭᠦᠶ᠋ᠴᠡᠳᠬᠡᠬᠦ ᠵᠦᠭᠯᠡᠭᠦᠷ ᠢᠶᠠᠨ ᠵᠠᠰᠠᠨ ᠲᠡᠭᠦᠯᠳᠡᠷᠵᠢᠭᠦᠯᠵᠦ᠂ ᠬᠡᠯᠡᠵᠦ ᠥᠭᠬᠦ ᠠᠮᠠᠯᠠᠯᠲᠠ ᠶᠢᠨ ᠪᠢᠴᠢᠭ ᠤᠨ ᠵᠠᠭᠪᠤᠷ ᠤᠨ ᠲᠣᠪᠬᠢᠮᠠᠯ ᠢ ᠵᠣᠬᠢᠶᠠᠬᠤ ᠶᠢᠨ ᠬᠠᠮᠲᠤ ᠨᠡᠶᠢᠲᠡᠯᠡᠬᠦ ᠶᠢᠨ ᠬᠠᠮᠲᠤ ᠨᠢᠭᠡ ᠤᠳᠠᠭ᠎ᠠ ᠳᠤ ᠮᠡᠳᠡᠭᠳᠡᠬᠦ ᠪᠠ ᠠᠮᠠᠯᠳᠠᠬᠤ ᠬᠡᠷᠡᠭᠲᠡᠶ︔ ᠪᠢᠴᠢᠭ ᠢᠶᠠᠷ ᠮᠡᠳᠡᠭᠳᠡᠬᠦ ᠠᠭᠤᠯᠭ᠎ᠠ ᠳᠤ ᠵᠦᠢᠯᠡᠰ ᠤᠨ ᠨᠡᠷᠡᠶᠢᠳᠦᠯ᠂ ᠲᠣᠭᠲᠠᠭᠠᠭᠰᠠᠨ ᠦᠨᠳᠦᠰᠦᠯᠡᠯ᠂ ᠭᠡᠷᠡᠴᠢᠯᠡᠬᠦ ᠠᠭᠤᠯᠭ᠎ᠠ ᠪᠤᠶᠤ ᠵᠥᠪᠰᠢᠶᠡᠷᠡᠬᠦ ᠨᠥᠬᠦᠴᠡᠯ ᠪᠠ ᠮᠠᠲ᠋ᠧᠷᠢᠶᠠᠯ ᠤᠨ ᠱᠠᠭᠠᠷᠳᠠᠯᠭ᠎ᠠ᠂ ᠠᠮᠠᠯᠠᠯᠲᠠ ᠶᠢᠨ ᠠᠷᠭ᠎ᠠ ᠮᠠᠶ᠋ᠢᠭ᠂ ᠦᠨᠡᠨ ᠪᠣᠳᠠᠲᠠᠶ ᠪᠤᠰᠤ ᠠᠮᠠᠯᠠᠯᠲᠠ ᠶᠢᠨ ᠡᠭᠦᠷᠭᠡᠯᠡᠵᠦ ᠮᠡᠳᠡᠬᠦ ᠢᠷᠭᠡᠨ ᠤ ᠬᠡᠷᠡᠭ᠂ ᠵᠠᠰᠠᠭ ᠵᠠᠬᠢᠷᠭᠠᠨ᠂ ᠡᠷᠡᠭᠦᠦ ᠶᠢᠨ ᠬᠠᠷᠢᠭᠤᠴᠠᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠡᠷᠬᠡ᠂ ᠠᠮᠠᠯᠠᠯᠲᠠ ᠶᠢᠨ ᠪᠢᠴᠢᠭ ᠢ ᠢᠯᠡ ᠪᠣᠯᠭᠠᠭᠰᠠᠨ ᠡᠰᠡᠬᠦ ᠵᠢᠴᠢ ᠢᠯᠡ ᠪᠣᠯᠭᠠᠬᠤ ᠬᠡᠪᠴᠢᠶ᠎ᠡ᠂ ᠴᠠᠭ ᠤᠨ ᠬᠢᠵᠠᠭᠠᠷ ᠵᠡᠷᠭᠡ ᠶᠢ ᠪᠠᠭᠲᠠᠭᠠᠬᠤ ᠬᠡᠷᠡᠭᠲᠡᠶ︔ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠬᠠᠮᠢᠶ᠎ᠠ ᠪᠥᠬᠦᠶ ᠱᠠᠭᠠᠷᠳᠠᠯᠭ᠎ᠠ ᠶᠢ ᠬᠡᠮᠵᠢᠶᠡᠵᠢᠭᠦᠯᠵᠦ ᠪᠣᠯᠬᠤ᠂ ᠬᠡᠷᠡᠭᠵᠢᠭᠦᠯᠬᠦ ᠳᠤ ᠲᠥᠬᠦᠮ ᠪᠠᠶᠢᠯᠭᠠᠬᠤ ᠬᠡᠷᠡᠭᠲᠡᠶ᠂ ᠪᠠᠯᠠᠷᠬᠠᠶ ᠲᠣᠭᠠᠴᠢᠯᠲᠠ ᠪᠤᠶᠤ ᠪᠦᠬᠦᠨ ᠢ ᠪᠠᠲᠤᠯᠠᠬᠤ ᠵᠦᠢᠯ ᠵᠤᠷᠪᠤᠰ ᠢ ᠪᠠᠭᠲᠠᠭᠠᠬᠤ ᠥᠬᠡᠶ ᠪᠠᠶᠢᠬᠤ ᠬᠡᠷᠡᠭᠲᠡᠶ︔ ᠪᠢᠴᠢᠭ ᠤᠨ ᠠᠮᠠᠯᠠᠯᠲᠠ ᠶᠢᠨ ᠠᠭᠤᠯᠭ᠎ᠠ ᠳᠤ ᠭᠤᠶᠤᠴᠢᠯᠠᠭᠴᠢ ᠶᠢᠨ ᠮᠡᠳᠡᠭᠳᠡᠭᠰᠡᠨ ᠵᠦᠢᠯᠡᠰ ᠢ ᠨᠢᠭᠡᠨᠲᠡ ᠮᠡᠳᠡᠭᠰᠡᠨ᠂ ᠬᠤᠯᠪᠣᠭᠳᠠᠯ ᠪᠦᠬᠦᠢ ᠨᠥᠬᠦᠴᠡᠯ ᠳᠤ ᠨᠢᠭᠡᠨᠲᠡ ᠨᠡᠶᠢᠴᠡᠭᠰᠡᠨ᠂ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠳᠤᠷᠠᠲᠠᠶ᠎ᠠ ᠡᠭᠦᠷᠭᠡᠯᠡᠬᠦ ᠵᠢᠴᠢ ᠠᠮᠠᠯᠠᠯᠲᠠ ᠶᠢᠨ ᠰᠠᠨᠠᠭᠠᠨ ᠤ ᠢᠯᠡᠳᠬᠡᠯᠲᠡ ᠨᠢ ᠦᠨᠡᠨ ᠪᠣᠳᠠᠲᠠᠶ ᠪᠠᠶᠢᠬᠤ ᠵᠡᠷᠭᠡ ᠶᠢ ᠪᠠᠭᠲᠠᠭᠠᠬᠤ ᠬᠡᠷᠡᠭᠲᠡᠶ︔ ᠠᠮᠠᠯᠠᠯᠲᠠ ᠶᠢᠨ ᠲᠦᠷᠢᠮ ᠤᠨ ᠠᠵᠢᠯ ᠶᠠᠪᠤᠳᠠᠯ ᠭᠦᠶ᠋ᠴᠡᠳᠬᠡᠬᠦ ᠵᠦᠭᠯᠡᠭᠦᠷ ᠢ ᠮᠡᠳᠡᠭᠳᠡᠵᠦ᠂ ᠠᠮᠠᠯᠠᠯᠲᠠ ᠶᠢᠨ ᠪᠢᠴᠢᠭ ᠤᠨ ᠵᠠᠭᠪᠤᠷ ᠤᠨ ᠲᠣᠪᠬᠢᠮᠠᠯ ᠢ ᠬᠠᠮᠢᠶ᠎ᠠ ᠪᠥᠬᠦᠶ ᠦᠢᠯᠡᠴᠢᠯᠡᠭᠡᠨ ᠤ ᠲᠠᠯᠠᠪᠤᠷ ᠭᠠᠵᠠᠷ᠂ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠶᠢᠲᠡᠯᠡᠵᠦ᠂ ᠭᠤᠶᠤᠴᠢᠯᠠᠭᠴᠢ ᠶᠢᠨ ᠪᠠᠶᠢᠴᠠᠭᠠᠨ ᠦᠵᠡᠬᠦ᠂ ᠨᠡᠬᠡᠵᠦ ᠠᠪᠬᠤ ᠪᠤᠶᠤ ᠪᠠᠭᠤᠯᠭᠠᠨ ᠠᠪᠬᠤ ᠳᠤ ᠲᠥᠬᠦᠮ ᠦᠵᠡᠭᠦᠯᠦᠨ᠎ᠡ ᠃ ︵ᠲᠦᠷᠦᠭᠦᠯᠡᠬᠦ ᠨᠢᠭᠡᠴᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠬᠤ ᠨᠢᠭᠡᠴᠡ᠄ ᠡᠯ᠎ᠡ ᠬᠤᠯᠪᠣᠭᠳᠠᠯ ᠪᠥᠬᠦᠶ ᠨᠢᠭᠡᠴᠡ︶      ︵ᠳᠥᠷᠪᠡ︶ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠤᠴᠢᠷ ᠶᠠᠪᠤᠳᠠᠯ ᠤᠨ ᠣᠨᠴᠠᠯᠢᠭ ᠵᠡᠷᠭᠡ ᠳᠤ ᠴᠢᠭᠯᠡᠭᠦᠯᠦᠨ ᠬᠠᠷᠭᠤᠭᠤᠯᠤᠨ ᠪᠠᠶᠢᠴᠠᠭᠠᠬᠤ ᠠᠷᠭ᠎ᠠ ᠶᠢ ᠲᠥᠷᠥᠯ ᠬᠤᠪᠢᠶᠠᠨ ᠲᠣᠭᠲᠠᠭᠠᠵᠤ᠂ ᠠᠮᠠᠯᠠᠭᠴᠢ ᠶᠢᠨ ᠢᠲᠡᠭᠡᠮᠵᠢ ᠶᠢᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠠᠷᠭ᠎ᠠ ᠶᠢ ᠲᠣᠭᠲᠠᠭᠠᠬᠤ ᠴᠢᠬᠤᠯᠠ ᠬᠦᠴᠦᠨ ᠵᠦᠢᠯ ᠪᠣᠯᠭᠠᠵᠤ᠂ ᠬᠠᠷᠭᠤᠭᠤᠯᠤᠨ ᠪᠠᠶᠢᠴᠠᠭᠠᠬᠤ ᠴᠠᠭ᠂ ᠪᠠᠷᠢᠮᠵᠢᠶ᠎ᠠ᠂ ᠠᠷᠭ᠎ᠠ ᠮᠠᠶ᠋ᠢᠭ ᠵᠢᠴᠢ ᠬᠠᠷᠭᠤᠭᠤᠯᠤᠨ ᠪᠠᠶᠢᠴᠠᠭᠠᠬᠤ ᠠᠴᠠ ᠭᠡᠯᠳᠦᠷᠢᠭᠦᠯᠬᠦ ᠡᠰᠡᠬᠦ ᠶᠢ ᠲᠣᠳᠣᠷᠬᠠᠶᠢᠯᠠᠬᠤ ᠬᠡᠷᠡᠭᠲᠡᠶ︔ ᠬᠠᠷᠭᠤᠭᠤᠯᠤᠨ ᠪᠠᠶᠢᠴᠠᠭᠠᠬᠤ ᠠᠴᠠ ᠭᠡᠯᠳᠦᠷᠢᠭᠦᠯᠬᠦ ᠵᠦᠢᠯᠡᠰ ᠲᠤ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ ︾᠂ ᠣᠶᠤᠨᠴᠢ ᠬᠢᠨᠠᠯᠲᠠ ᠬᠠᠮᠢᠶᠠᠷᠤᠯᠲᠠ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠂ ᠬᠡᠯᠡᠵᠦ ᠠᠮᠠᠯᠠᠭᠤᠯᠬᠤ ᠲᠦᠷᠢᠮ ᠤᠨ ᠠᠷᠭ᠎ᠠ ᠮᠠᠶ᠋ᠢᠭ ᠢᠶᠠᠷ ᠬᠦᠢᠴᠡᠳᠭᠡᠭᠰᠡᠨ ᠠᠵᠤ ᠠᠬᠤᠶᠢᠯᠠᠯ ᠪᠠ ᠣᠯᠠᠨ ᠲᠦᠮᠡᠨ ᠳᠤ ᠭᠠᠳᠠᠭᠤᠷᠴᠢᠯᠠᠯ ᠤᠨ ᠴᠢᠨᠠᠷᠲᠠᠶ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠴᠤ ᠪᠣᠯᠬᠤ ᠥᠬᠡᠶ︔ ᠬᠢᠨᠠᠨ ᠪᠠᠶᠢᠴᠠᠭᠠᠬᠤ ᠪᠤᠶᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠤᠮᠳᠠ ᠠᠮᠠᠯᠠᠯᠲᠠ ᠨᠢ ᠦᠨᠡᠨ ᠪᠣᠳᠠᠲᠠᠶ ᠪᠢᠰᠢ ᠪᠠᠶᠢᠬᠤ ᠶᠢ ᠣᠯᠵᠤ ᠮᠡᠳᠡᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢ ᠶᠣᠰᠣᠭᠠᠷ ᠬᠦᠢᠴᠡᠳᠭᠡᠭᠦ ᠪᠠᠨ ᠵᠤᠬᠰᠤᠭᠠᠨ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠲᠣᠭᠲᠠᠭᠠᠯ ᠢ ᠬᠦᠴᠦᠨ ᠥᠬᠡᠶ ᠪᠣᠯᠭᠠᠬᠤ ᠪᠤᠶᠤ ᠵᠠᠰᠠᠭ ᠵᠠᠬᠢᠷᠭᠠᠨ ᠤ ᠰᠢᠢᠳᠭᠡᠯ ᠥᠭᠬᠦ ᠶᠢᠨ ᠬᠠᠮᠲᠤ ᠢᠲᠡᠭᠡᠮᠵᠢ ᠶᠢᠨ ᠲᠡᠮᠳᠡᠭᠯᠡᠯ ᠳᠤ ᠣᠷᠣᠭᠤᠯᠬᠤ ᠬᠡᠷᠡᠭᠲᠡᠶ︔ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠣᠰᠣᠭᠠᠷ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠬᠡᠷᠡᠭᠲᠡᠶ᠃ ︵ᠲᠦᠷᠦᠭᠦᠯᠡᠬᠦ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠨᠢᠭᠡᠴᠡ︶      ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠠᠮᠲᠤᠪᠠᠷ ᠮᠠᠨ ᠤ ᠤᠯᠤᠰ ᠤᠨ ᠬᠤᠲᠠ ᠶᠢᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠦ ᠤᠯᠤᠰ ᠤᠨ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠳᠤ ᠲᠦᠰᠢᠭᠯᠡᠨ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠳ᠋ᠠᠶᠢᠲ᠋ᠠ ᠶᠢ ᠬᠠᠮᠲᠤ ᠪᠠᠷ ᠡᠳ᠋ᠯᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠵᠦ᠂ ᠮᠡᠳᠡᠭᠳᠡᠵᠦ ᠠᠮᠠᠯᠠᠭᠤᠯᠬᠤ ᠲᠦᠷᠢᠮ ᠤᠨ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ ᠲᠤᠯᠭᠠᠭᠤᠷᠢᠯᠠᠬᠤ ᠰᠢᠰᠲ᠋ᠧᠮᠵᠢ ᠶᠢ ᠪᠠᠶᠢᠭᠤᠯᠤᠨ᠎ᠠ᠃ ︵ᠲᠦᠷᠦᠭᠦᠯᠡᠬᠦ ᠨᠢᠭᠡᠴᠡ᠄ ᠵᠠᠰᠠᠭ ᠤᠨ ᠶᠠᠪᠤᠳᠠᠯ ᠤᠨ   ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠬᠤ ᠨᠢᠭᠡᠴᠡ᠄ ᠡᠯ᠎ᠡ ᠬᠤᠯᠪᠣᠭᠳᠠᠯ ᠪᠥᠬᠦᠶ ᠨᠢᠭᠡᠴᠡ︶      ᠬᠠᠷᠭᠤᠭᠤᠯᠤᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠯᠵᠢᠮᠡᠯ ᠬᠡᠷᠡᠭᠯᠡᠭᠴᠢ ᠶᠢᠨ ᠦᠵᠦᠭᠦᠷ ᠵᠡᠷᠭᠡ ᠶᠢ ᠠᠰᠢᠭᠯᠠᠨ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠴᠤᠬᠯᠠᠭᠤᠯᠤᠨ᠂ ᠬᠠᠷᠢᠴᠠᠭᠤᠯᠤᠨ ᠬᠠᠷᠭᠤᠭᠤᠯᠵᠤ᠂ ᠰᠦᠯᠵᠢᠶᠡᠨ ᠳᠡᠭᠡᠷ᠎ᠡ ᠬᠠᠷᠭᠤᠭᠤᠯᠤᠨ ᠪᠠᠶᠢᠴᠠᠭᠠᠬᠤ ᠶᠢ ᠬᠡᠷᠡᠭᠵᠢᠭᠦᠯᠦᠨ᠎ᠡ᠂ ᠪᠠᠰᠠ ᠪᠠᠶᠢᠴᠠᠭᠠᠬᠤ᠂ ᠬᠠᠶᠢᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶ ᠶᠢᠨ ᠲᠠᠯᠠᠪᠤᠷ ᠲᠤᠨᠢ ᠬᠠᠷᠭᠤᠭᠤᠯᠤᠨ ᠪᠠᠶᠢᠴᠠᠭᠠᠬᠤ ᠶᠢ ᠥᠷᠨᠢᠭᠦᠯᠵᠦ ᠪᠣᠯᠤᠨ᠎ᠠ᠃ ᠲᠤᠬᠠᠶ ᠶᠢᠨ ᠲᠠᠯᠠᠪᠤᠷ ᠲᠤ ᠦᠨᠠᠨᠬᠦ ᠬᠠᠷᠭᠤᠭᠤᠯᠤᠨ ᠪᠠᠶᠢᠴᠠᠭᠠᠬᠤ ᠴᠢᠬᠤᠯᠠᠲᠠᠶ ᠪᠠᠶᠢᠪᠠᠯ᠂ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠬᠤ︾ ᠲᠠᠪᠴᠠᠩ ᠪᠠ ᠬᠡᠷᠡᠭᠯᠡᠭᠡᠨ ᠤ ᠫᠷᠤᠭ᠍ᠷᠠᠮ ᠵᠡᠷᠭᠡ ᠳᠤ ᠲᠦᠰᠢᠭᠯᠡᠨ᠂ ᠠᠮᠠᠯᠠᠯᠲᠠ ᠶᠢᠨ ᠪᠠᠶᠢᠳᠠᠯ ᠢᠶᠠᠨ ᠬᠤᠯᠪᠣᠭᠳᠠᠯ ᠪᠥᠬᠦᠶ ᠬᠢᠨᠠᠨ ᠬᠠᠮᠢᠶᠠᠷᠬᠤ ᠠᠵᠢᠯᠲᠠᠨ ᠳᠤ ᠴᠠᠭ ᠲᠤᠬᠠᠶ ᠳᠤᠨᠢ ᠣᠨᠣᠪᠴᠢᠲᠠᠶ ᠬᠦᠷᠭᠡᠨ ᠥᠭᠴᠦ᠂ ᠨᠢᠭᠡᠳᠦᠭᠡᠷ ᠹᠷᠣᠨᠲ ᠤᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠳᠤ ᠮᠡᠳᠡᠭᠡ ᠵᠠᠩᠭᠢ ᠶᠢᠨ ᠲᠤᠯᠭᠠᠭᠤᠷᠢᠯᠠᠯ ᠬᠠᠩᠭᠠᠬᠤ ᠶᠢᠨ ᠬᠠᠮᠲᠤ᠂ ᠠᠵᠢᠯ ᠤᠨ ᠲᠠᠰ ᠳᠠᠷᠠᠭᠠᠯᠠᠯ ᠢᠶᠠᠨ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠪᠠᠨ ᠴᠢᠩᠭᠠᠳᠬᠠᠨ᠂ ᠠᠵᠤ ᠠᠬᠤᠶᠢᠯᠠᠯ ᠢ ᠵᠣᠪᠠᠭᠠᠵᠤ ᠠᠷᠠᠳ ᠢ  ᠦᠢᠮᠡᠬᠦᠯᠬᠦ ᠠᠴᠠ ᠵᠠᠶᠢᠯᠠᠰᠬᠢᠬᠦ ᠬᠡᠷᠡᠭᠲᠡᠶ︔ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠰᠦᠯᠵᠢᠶ᠎ᠡ ᠪᠠᠷ ᠬᠠᠮᠲᠤ ᠪᠠᠷ ᠡᠳ᠋ᠯᠡᠬᠦ ᠶᠢ ᠬᠠᠷᠠᠬᠠᠨ ᠪᠡᠶᠡᠯᠡᠭᠦᠯᠦᠭᠡᠳᠦᠶ᠂ ᠳᠡᠭᠡᠷ᠎ᠡ ᠳᠤᠷᠠᠳᠤᠭᠰᠠᠨ ᠠᠷᠭ᠎ᠠ ᠮᠠᠶ᠋ᠢᠭ ᠢᠶᠠᠷ ᠬᠢᠨᠠᠨ ᠪᠠᠶᠢᠴᠠᠭᠠᠬᠤ ᠳᠤ ᠪᠡᠷᠬᠡᠲᠡᠶ ᠪᠠᠶᠢᠪᠠᠯ᠂ ᠪᠤᠰᠤᠳ ᠵᠠᠰᠠᠭ ᠵᠠᠬᠢᠷᠭᠠᠨ ᠤ ᠪᠠᠶᠢᠭᠤᠯᠭ᠎ᠠ ᠪᠠᠷ ᠬᠠᠪᠰᠤᠷᠤᠭᠤᠯᠤᠨ ᠬᠢᠨᠠᠨ ᠪᠠᠶᠢᠴᠠᠭᠠᠯᠭᠠᠬᠤ ᠪᠠᠷ ᠭᠤᠶᠤᠴᠢᠯᠠᠵᠤ ᠪᠣᠯᠤᠨ᠎ᠠ᠂ ᠬᠠᠪᠰᠤᠷᠤᠭᠤᠯᠬᠤ ᠪᠠᠷ ᠭᠤᠶᠤᠴᠢᠯᠠᠭᠳᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠬᠠᠮᠵᠢᠯᠴᠠᠬᠤ ᠡᠭᠦᠷᠭᠡ ᠪᠠᠨ ᠴᠠᠭ ᠲᠤᠬᠠᠶ ᠳᠤᠨᠢ ᠭᠦᠢᠴᠡᠳᠬᠡᠬᠦ ᠬᠡᠷᠡᠭᠲᠡᠶ᠂ ᠲᠦᠯᠬᠢᠯᠴᠡᠬᠦ ᠪᠤᠶᠤ ᠲᠡᠪᠴᠢᠵᠦ ᠪᠣᠯᠬᠤ ᠦᠭᠡᠢ︔ ᠦᠨᠡᠬᠡᠷ ᠰᠢᠯᠲᠠᠭᠠᠨ ᠠᠴᠠ ᠪᠤᠯᠵᠤ ᠬᠠᠪᠰᠤᠷᠤᠯᠭ᠎ᠠ ᠬᠠᠩᠭᠠᠵᠤ ᠳᠡᠶᠢᠯᠬᠦ ᠦᠭᠡᠢ ᠪᠠᠶᠢᠪᠠᠯ᠂ ᠬᠠᠪᠰᠤᠷᠤᠭᠤᠯᠬᠤ ᠪᠠᠷ ᠭᠤᠶᠤᠴᠢᠯᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠪᠢᠴᠢᠭ ᠢᠶᠠᠷ ᠮᠡᠳᠡᠭᠳᠡᠬᠦ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠵᠠᠰᠠᠭ ᠤᠨ ᠣᠷᠳᠣᠨ ᠤ ᠠᠯᠪᠠᠨ ᠬᠡᠷ︔ ᠬᠠᠷᠢᠭᠤᠴᠠᠬᠤ ᠨᠢᠭᠡᠴᠡ᠄ ᠡᠯ᠎ᠡ ᠬᠤᠯᠪᠣᠭᠳᠠᠯ ᠪᠥᠬᠦᠶ ᠨᠢᠭᠡᠴᠡ︶      ︵ᠲᠠᠪᠤ︶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠮᠡᠳᠡᠭᠳᠡᠬᠦ ᠠᠮᠠᠯᠠᠯᠲᠠ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠳᠡᠬᠦ ᠠᠮᠠᠯᠠᠯᠲᠠ ᠶᠢᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠨ᠎ᠠ︔ ᠠᠮᠠᠯᠠᠯᠲᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠬᠦ᠂ ᠴᠤᠭᠯᠠᠭᠤᠯᠬᠤ᠂ ᠬᠦᠷᠭᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠠᠮᠠᠯᠠᠭᠴᠢ ᠶᠢᠨ ᠠᠮᠠᠯᠠᠯᠲᠠ ᠪᠠᠨ ᠬᠦᠢᠴᠡᠳᠭᠡᠭᠰᠡᠨ ᠪᠠᠶᠢᠳᠠᠯ ᠢ ᠢᠲᠡᠭᠡᠮᠵᠢ ᠶᠢᠨ ᠲᠡᠮᠳᠡᠭᠯᠡᠯ ᠳᠤ ᠪᠥᠬᠦ ᠲᠠᠯ᠎ᠠ ᠪᠠᠷ ᠣᠷᠣᠭᠤᠯᠤᠨ᠂ ᠡᠯ᠎ᠡ ᠱᠠᠲᠤᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤᠪᠠᠷ ᠭᠥᠷᠳᠡᠬᠦ ᠲᠠᠪᠴᠠᠩ ᠪᠠ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠬᠠᠮᠲᠤᠪᠠᠷ ᠭᠥᠷᠳᠡᠬᠦ ᠶᠢ ᠴᠢᠩᠭᠠᠳᠬᠠᠨ᠎ᠠ︔ ᠢᠲᠡᠭᠡᠮᠵᠢ ᠶᠢᠨ ᠪᠠᠶᠢᠳᠠᠯ ᠢ ᠦᠨᠳᠦᠰᠦᠯᠡᠨ᠂ ᠲᠥᠷᠥᠯ ᠬᠤᠪᠢᠶᠠᠨ ᠨᠠᠷᠢᠯᠢᠭ ᠤᠨᠤᠪᠴᠢᠳᠠᠢ ᠪᠠᠷ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ︔ ᠢᠲᠡᠭᠡᠮᠵᠢ ᠶᠢ ᠰᠡᠷᠭᠦᠭᠡᠬᠦ᠂ ᠣᠨᠳᠣᠤ ᠰᠠᠨᠠᠯ ᠢ ᠰᠢᠢᠳᠪᠦᠷᠢᠡᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠣᠭᠲᠠᠭᠠᠭᠰᠠᠨ ᠠᠳᠠᠯᠢ ᠪᠤᠰᠤ ᠢᠲᠡᠭᠡᠯ ᠠᠯᠳᠠᠭᠰᠠᠨ ᠪᠠᠶᠢᠳᠠᠯ ᠢ ᠢᠯᠭᠠᠬᠤ ᠶᠣᠰᠣᠭᠠᠷ ᠵᠣᠬᠢᠬᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠢᠲᠡᠭᠡᠯ ᠠᠯᠳᠠᠭᠰᠠᠨ ᠢ ᠵᠠᠯᠬᠠᠭᠠᠨ ᠴᠡᠭᠡᠷᠯᠡᠭᠦᠯᠬᠦ ᠡᠷᠴᠢᠮ ᠢ ᠬᠠᠤᠯᠢ ᠶᠣᠰᠣᠭᠠᠷ ᠴᠢᠩᠭᠠᠷᠠᠭᠤᠯᠤᠨ᠂ ᠬᠤᠳᠠᠯ ᠬᠠᠭᠤᠷᠮᠠᠭ ᠠᠮᠠᠯᠠᠯᠲᠠ ᠠᠴᠠ ᠪᠣᠯᠤᠭᠰᠠᠨ ᠨᠡᠶᠢᠭᠡᠮ ᠤᠨ ᠨᠥᠯᠥᠭᠡ ᠳᠤ ᠢᠲᠡᠭᠡᠯ ᠠᠯᠳᠠᠭᠰᠠᠨ ᠬᠡᠮᠵᠢᠶ᠎ᠡ ᠶᠢ ᠱᠠᠲᠤ ᠬᠤᠪᠢᠶᠠᠨ ᠨᠠᠶᠢᠳᠠᠪᠤᠷᠢᠵᠢᠭᠤᠯᠤᠨ᠎ᠠ︔ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠦᠨᠳᠦᠰᠦᠯᠡᠨ᠂ ᠬᠤᠯᠪᠣᠭᠳᠠᠯ ᠪᠦᠬᠦᠢ ᠬᠤᠪᠢ ᠬᠥᠮᠦᠨ ᠤ ᠮᠡᠳᠡᠭᠡ ᠵᠠᠩᠭᠢ ᠪᠠ ᠬᠤᠳᠠᠯᠳᠤᠭᠠᠨ ᠤ ᠨᠢᠭᠤᠴᠠ ᠶᠢᠨ ᠬᠠᠮᠠᠭᠠᠯᠠᠯᠲᠠ ᠶᠢ ᠰᠠᠶᠢᠲᠤᠷ ᠬᠢᠨ᠎ᠡ︔ ︵ᠲᠦᠷᠦᠭᠦᠯᠡᠬᠦ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ︔ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠨᠢᠭᠡᠴᠡ︶      ︵ᠵᠢᠷᠭᠤᠭ᠎ᠠ︶ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ᠃ ᠠᠵᠢᠯ ᠤᠨ ᠵᠠᠩᠭᠢᠯᠠᠭ᠎ᠠ ᠶᠢᠨ ᠠᠶᠤᠯ ᠲᠦᠭᠰᠢᠭᠦᠷᠢ ᠶᠢᠨ ᠴᠡᠭ ᠢ ᠡᠮᠬᠢᠯᠡᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠲᠣᠭᠲᠠᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ︔ ᠵᠠᠰᠠᠭ ᠵᠠᠬᠢᠷᠭᠠᠨ ᠤ ᠵᠢᠯᠣᠭᠤᠳᠣᠯᠭ᠎ᠠ ᠶᠢ ᠴᠢᠩᠭᠠᠳᠬᠠᠵᠤ᠂ ᠮᠡᠳᠡᠭᠳᠡᠬᠦ ᠪᠠ ᠵᠢᠯᠣᠭᠤᠳᠬᠤ ᠡᠭᠦᠷᠭᠡ ᠶᠢ ᠴᠢᠩᠭᠠᠳᠬᠠᠬᠤ ᠬᠡᠷᠡᠭᠲᠡᠶ︔ ᠠᠮᠠᠯᠠᠯᠲᠠ ᠪᠠᠨ ᠪᠤᠴᠠᠭᠠᠵᠤ ᠭᠠᠷᠭᠠᠬᠤ ᠲᠣᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠵᠦᠢᠯᠡᠰ ᠢ ᠰᠢᠢᠳᠪᠦᠷᠢᠯᠡᠵᠦ ᠳᠠᠭᠤᠰᠬᠠᠬᠤ ᠠᠴᠠ ᠡᠮᠦᠨ᠎ᠡ᠂ ᠭᠤᠶᠤᠴᠢᠯᠠᠭᠴᠢ ᠨᠢ ᠵᠦᠢ ᠵᠣᠬᠢᠰᠲᠠᠶ ᠤᠴᠢᠷ ᠰᠢᠯᠲᠠᠭᠠᠨ ᠲᠠᠢ ᠪᠠᠶᠢᠪᠠᠯ᠂ ᠠᠮᠠᠯᠠᠯᠲᠠ ᠶᠢᠨ ᠭᠤᠶᠤᠴᠢᠯᠠᠯ ᠢᠶᠠᠨ ᠪᠤᠴᠠᠭᠠᠵᠤ ᠪᠣᠯᠤᠨ᠎ᠠ᠂ ᠪᠤᠴᠠᠭᠠᠭᠰᠠᠨ ᠤ ᠲᠠᠷᠠᠭ᠎ᠠ ᠤᠤᠯ ᠤᠨ ᠵᠢᠷᠤᠮ ᠢᠶᠠᠷ ᠭᠦᠢᠴᠡᠳᠬᠡᠬᠦ ᠬᠡᠷᠡᠭᠲᠡᠶ︔ ᠨᠡᠶᠢᠭᠡᠮ ᠨᠡᠶᠢᠲᠡ ᠶᠢᠨ ᠠᠰᠢᠭ ᠲᠤᠰᠠ᠂ ᠭᠤᠷᠪᠠᠳᠠᠬᠢ ᠬᠥᠮᠦᠨ ᠤ ᠠᠰᠢᠭ ᠲᠤᠰᠠ ᠳᠤ ᠬᠤᠯᠪᠣᠭᠳᠠᠬᠤ ᠪᠤᠶᠤ ᠬᠠᠷᠭᠤᠭᠤᠯᠤᠨ ᠪᠠᠶᠢᠴᠠᠭᠠᠬᠤ ᠳᠤ ᠨᠡᠯᠢᠶᠡᠳ ᠬᠦᠴᠢᠷᠲᠡᠶ ᠭᠡᠷᠡᠴᠢᠯᠡᠬᠦ ᠵᠦᠢᠯᠡᠰ ᠲᠤ ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠲᠣᠭᠲᠠᠭᠠᠯ ᠢ ᠦᠨᠳᠦᠰᠦᠯᠡᠨ᠂ ᠬᠠᠮᠢᠶ᠎ᠠ ᠪᠥᠬᠦᠶ ᠦᠢᠯᠡᠴᠢᠯᠡᠭᠡᠨ ᠤ ᠲᠠᠯᠠᠪᠤᠷ ᠭᠠᠵᠠᠷ᠂ ᠰᠦᠯᠵᠢᠶᠡᠨ ᠥᠷᠲᠡᠭᠡ ᠪᠠ ᠪᠥᠬᠦ ᠤᠯᠤᠰ ᠤᠨ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠠᠪᠴᠠᠩ ᠵᠡᠷᠭᠡ ᠪᠠᠷ ᠳᠠᠮᠵᠢᠭᠤᠯᠤᠨ ᠨᠡᠶᠢᠭᠡᠮ ᠳᠤ ᠠᠮᠠᠯᠠᠯᠲᠠ ᠶᠢᠨ ᠪᠢᠴᠢᠭ ᠢᠶᠠᠨ ᠢᠯᠡ ᠪᠠᠷ ᠮᠡᠳᠡᠭᠳᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃ ᠬᠡᠷᠡᠭ ᠠᠴᠠ ᠡᠮᠦᠨᠡᠬᠢ ᠢᠲᠡᠭᠡᠮᠵᠢ ᠶᠢᠨ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ᠭᠤᠶᠤᠴᠢᠯᠠᠭᠴᠢ ᠳᠤ ᠢᠲᠡᠭᠡᠮᠵᠢ ᠶᠢᠨ ᠦᠨᠡᠯᠡᠨ ᠵᠢᠱᠢᠯᠲᠡ ᠬᠢᠵᠦ᠂ ᠬᠡᠷᠡᠭ ᠠᠴᠠ ᠡᠮᠦᠨᠡᠬᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠠᠵᠤ ᠠᠬᠤᠶ ᠶᠢᠨ ᠠᠰᠢᠭ ᠲᠤᠰᠠ ᠶᠢᠨ ᠥᠷᠲᠡᠭ ᠢᠶᠠᠷ ᠨᠡᠯᠢᠶᠡᠳ ᠥᠨᠳᠥᠷ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠠᠷᠭᠤᠭᠤᠯᠤᠨ ᠪᠠᠶᠢᠴᠠᠭᠠᠬᠤ ᠳᠤ ᠨᠡᠯᠢᠶᠡᠳ ᠬᠦᠴᠢᠷᠲᠡᠶ ᠵᠦᠢᠯᠡᠰ ᠲᠤ ᠬᠠᠷᠢᠭᠤᠴᠠᠯᠭ᠎ᠠ ᠶᠢᠨ ᠳᠠᠭᠠᠳᠬᠠᠯ ᠤᠨ ᠲᠦᠷᠢᠮ ᠢ ᠣᠷᠣᠭᠤᠯᠤᠨ ᠠᠪᠴᠢᠷᠠᠬᠤ ᠶᠢ ᠰᠦᠪᠡᠭᠴᠢᠯᠡᠵᠦ᠂ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠠᠴᠠ ᠪᠣᠯᠵᠣ ᠮᠡᠳᠡᠬᠦ ᠵᠠᠰᠠᠭ ᠵᠠᠬᠢᠷᠭᠠᠨ ᠤ ᠲᠥᠯᠥᠪᠦᠷᠢ ᠶᠢᠨ ᠲᠦᠭᠰᠢᠭᠦᠷᠢ ᠶᠢ ᠪᠠᠭᠠᠰᠬᠠᠵᠤ ᠪᠣᠯᠤᠨ᠎ᠠ᠃ ︵ᠲᠦᠷᠦᠭᠦᠯᠡᠬᠦ ᠨᠢᠭᠡᠴᠡ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠬᠤ ᠨᠢᠭᠡᠴᠡ᠄ ᠡᠯ᠎ᠡ ᠬᠤᠯᠪᠣᠭᠳᠠᠯ ᠪᠥᠬᠦᠶ ᠨᠢᠭᠡᠴᠡ︶     ᠳᠥᠷᠪᠡ᠂ ᠠᠵᠢᠯ ᠤᠨ ᠠᠯᠬᠤᠮ ᠳᠠᠷᠠᠭ᠎ᠠ     ︵ᠨᠢᠭᠡ︶ ᠠᠵᠢᠯ ᠤᠨ ᠲᠥᠰᠦᠯ ᠢᠶᠠᠨ ᠲᠣᠭᠲᠠᠭᠠᠨ᠎ᠠ᠃ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠭᠡᠷᠡᠴᠢᠯᠡᠬᠦ ᠵᠦᠢᠯᠡᠰ ᠤᠨ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠂ ᠲᠣᠰ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠤᠨ ᠠᠵᠢᠯ ᠤᠨ ᠲᠥᠰᠦᠯ ᠢᠶᠠᠨ ᠲᠣᠭᠲᠠᠭᠠᠵᠤ᠂ ︵ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ  ᠵᠦᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ ᠳᠠᠭᠠᠯᠳᠤᠭᠤᠯᠤᠨ᠎ᠠ︶ ᠪᠥᠭᠡᠳ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ︔ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠠᠬᠢᠴᠠ ᠶᠢ ᠵᠣᠬᠢᠰᠲᠠᠶ ᠳᠣᠭᠢᠷᠠᠭᠤᠯᠤᠨ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ︵ᠬᠠᠷᠢᠭᠤᠴᠠᠬᠤ ᠨᠢᠭᠡᠴᠡ᠄ ᠬᠠᠤᠯᠢ ᠴᠠᠭᠠᠵᠠ ᠶᠢᠨ ᠲᠤᠪᠴᠢᠶ᠎ᠠ︔ ᠬᠠᠷᠢᠭᠤᠴᠠᠬᠤ ᠨᠢᠭᠡᠴᠡ᠄ ᠡᠯ᠎ᠡ ᠬᠤᠯᠪᠣᠭᠳᠠᠯ ᠪᠦᠬᠦᠢ ᠨᠢᠭᠡᠴᠡ︶      ︵ᠬᠤᠶᠠᠷ︶ ᠭᠠᠷᠴᠠᠭ ᠤᠨ ᠨᠠᠷᠢᠨ ᠬᠠᠭᠤᠳᠠᠰᠤ ᠪᠠ ᠠᠮᠠᠯᠠᠯᠲᠠ ᠶᠢᠨ ᠪᠢᠴᠢᠭ ᠢ ᠮᠡᠳᠡᠭᠳᠡᠬᠦ ᠵᠠᠭᠪᠤᠷ ᠤᠨ ᠲᠣᠪᠬᠢᠮᠠᠯ ᠢ ᠨᠡᠶᠢᠲᠡᠯᠡᠨ᠎ᠡ᠃ ᠡᠯ᠎ᠡ ᠨᠢᠭᠡᠴᠡ ᠶᠢᠨ ᠬᠢᠨ ᠲᠤᠰ ᠰᠢᠰᠲ᠋ᠧᠮ ᠤᠨ ᠢᠶᠠᠨ ᠳᠣᠲᠣᠷᠠᠬᠢ ᠬᠡᠯᠡᠵᠦ ᠥᠭᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠭᠰᠡᠨ ᠭᠡᠷᠡᠴᠢᠯᠡᠬᠦ ᠵᠦᠢᠯᠡᠰ ᠤᠨ ᠭᠠᠷᠴᠠᠭ ᠢ ᠳᠠᠷᠦ᠋ᠢᠬᠠᠨ ᠡᠮᠬᠢᠯᠡᠵᠦ ᠳᠠᠭᠤᠰᠬᠠᠭᠠᠳ᠂ 4 ᠰᠠᠷ᠎ᠠ ᠶᠢᠨ ᠰᠡᠭᠦᠯᠴᠢ ᠠᠴᠠ ᠡᠮᠦᠨ᠎ᠡ ᠰᠢᠦᠳᠠᠨ ᠬᠠᠶᠢᠷᠴᠠᠭ ︵fzhan2021@163.com︶ ᠲᠤ ᠮᠡᠳᠡᠭᠦᠯᠦᠨ ᠬᠦᠷᠭᠡᠵᠦ᠂ ᠬᠠᠤᠯᠢ ᠴᠠᠭᠠᠵᠠ ᠶᠢᠨ ᠲᠣᠪᠴᠢᠶ᠎ᠠ ᠠᠴᠠ ᠬᠠᠤᠯᠢ ᠶᠣᠰᠣᠨ ᠤ ᠬᠢᠨᠠᠨ ᠪᠠᠶᠢᠴᠠᠭᠠᠯᠲᠠ ᠬᠢᠵᠦ ᠳᠠᠩᠰᠠᠯᠠᠭᠤᠯᠤᠨ᠂ ᠬᠠᠮᠤᠭ ᠡᠴᠦᠰ ᠲᠤ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠪᠤᠶᠤ ᠵᠠᠰᠠᠭ ᠤᠨ ᠶᠠᠪᠤᠳᠠᠯ ᠤᠨ ᠬᠡᠷᠡᠭ ᠡᠷᠭᠢᠯᠡᠬᠦ ᠲᠢᠩᠬᠢᠮ ᠳᠤ ᠨᠡᠶᠢᠲᠡᠯᠡᠨ᠎ᠡ᠂ ᠡᠭᠦᠨ ᠤ ᠬᠠᠮᠲᠤ᠂ ᠡᠯ᠎ᠡ ᠨᠢᠭᠡᠴᠡ ᠨᠦᠭᠦᠳ ᠬᠥᠳᠡᠯᠦᠩᠭᠦᠶ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠮᠡᠳᠡᠭᠳᠡᠬᠦ ᠠᠮᠠᠯᠠᠯᠲᠠ ᠶᠢᠨ ᠪᠢᠴᠢᠭ ᠤᠨ ᠵᠠᠭᠪᠤᠷ ᠤᠨ ᠲᠣᠪᠬᠢᠮᠠᠯ ᠢ ᠵᠣᠬᠢᠶᠠᠨ ᠲᠠᠷᠬᠠᠭᠠᠵᠤ᠂ ᠬᠡᠷᠡᠭ ᠡᠷᠭᠢᠯᠡᠬᠦ ᠵᠦᠭᠯᠡᠭᠦᠷ ᠢ ᠵᠠᠰᠠᠵᠤ ᠲᠡᠭᠦᠯᠳᠡᠷᠵᠢᠭᠦᠯᠬᠦ ᠬᠡᠷᠡᠭᠲᠡᠶ᠃ ᠠᠮᠠᠯᠠᠯᠲᠠ ᠶᠢᠨ ᠲᠦᠷᠢᠮ ᠤᠨ ᠠᠵᠢᠯ ᠶᠠᠪᠤᠳᠠᠯ ᠬᠦᠢᠴᠡᠳᠭᠡᠭᠦ ᠵᠦᠭᠯᠡᠭᠦᠷ ᠢ ᠮᠡᠳᠡᠭᠳᠡᠵᠦ᠂ ᠠᠮᠠᠯᠠᠯᠲᠠ ᠶᠢᠨ ᠪᠢᠴᠢᠭ ᠤᠨ ᠵᠠᠭᠪᠤᠷ ᠤᠨ ᠲᠣᠪᠬᠢᠮᠠᠯ ᠢ ᠬᠠᠮᠢᠶ᠎ᠠ ᠪᠥᠬᠦᠶ ᠦᠢᠯᠡᠴᠢᠯᠡᠭᠡᠨ ᠤ ᠲᠠᠯᠠᠪᠤᠷ ᠭᠠᠵᠠᠷ᠂ ᠰᠦᠯᠵᠢᠶᠡᠨ ᠥᠷᠲᠡᠭᠡ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠶᠢᠲᠡᠯᠡᠵᠦ᠂ ᠭᠤᠶᠤᠴᠢᠯᠠᠭᠴᠢ ᠶᠢᠨ ᠪᠠᠶᠢᠴᠠᠭᠠᠨ ᠦᠵᠡᠬᠦ᠂ ᠨᠡᠬᠡᠵᠦ ᠠᠪᠬᠤ ᠪᠤᠶᠤ ᠪᠠᠭᠤᠯᠭᠠᠨ ᠠᠪᠬᠤ ᠳᠤ ᠲᠥᠬᠦᠮ ᠦᠵᠡᠭᠦᠯᠦᠨ᠎ᠡ᠃ ︵ᠲᠦᠷᠦᠭᠦᠯᠡᠬᠦ ᠨᠢᠭᠡᠴᠡ᠄ ᠬᠠᠤᠯᠢ ᠴᠠᠭᠠᠵᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠬᠤ ᠨᠢᠭᠡᠴᠡ᠄ ᠡᠯ᠎ᠡ ᠬᠤᠯᠪᠣᠭᠳᠠᠯ ᠪᠥᠬᠦᠶ ᠨᠢᠭᠡᠴᠡ︶       ︵ᠭᠤᠷᠪᠠ︶ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ᠃ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠮᠡᠳᠡᠭᠳᠡᠨ ᠠᠮᠠᠯᠠᠭᠤᠯᠬᠤ ᠲᠦᠷᠢᠮ ᠢ ᠨᠢᠭᠡᠨᠲᠡ ᠨᠡᠶᠢᠲᠡᠯᠡᠵᠦ ᠬᠡᠷᠡᠭᠵᠢᠭᠦᠯᠦᠭᠰᠡᠨ ᠭᠡᠷᠡᠴᠢᠯᠡᠬᠦ ᠵᠦᠢᠯᠡᠰ ᠤᠨ ᠭᠠᠷᠴᠠᠭ ᠢ ᠦᠨᠳᠦᠰᠦᠯᠡᠨ᠂ ᠪᠥᠬᠦ ᠲᠠᠯ᠎ᠠ ᠪᠠᠷ ᠣᠨᠣᠪᠴᠢᠲᠠᠶ᠂ ᠡᠷᠬᠡ ᠬᠠᠷᠢᠭᠤᠴᠠᠯᠭ᠎ᠠ ᠲᠣᠳᠣᠷᠬᠠᠶ᠂ ᠲᠥᠬᠦᠮ ᠣᠶᠢᠯᠠᠭᠠᠮᠵᠢᠲᠠᠶ ᠪᠠᠶᠢᠬᠤ ᠱᠠᠭᠠᠷᠳᠠᠯᠭ᠎ᠠ ᠶᠣᠰᠣᠭᠠᠷ᠂ ᠭᠡᠷᠡᠴᠢᠯᠡᠬᠦ ᠵᠦᠢᠯᠡᠰ ᠢ ᠮᠡᠳᠡᠭᠳᠡᠨ ᠠᠮᠠᠯᠠᠭᠤᠯᠬᠤ ᠠᠵᠢᠯ ᠤᠨ ᠲᠦᠷᠢᠮ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠲᠠᠪᠴᠠᠩ ᠤᠨ ᠰᠢᠰᠲ᠋ᠧᠮ ᠢ ᠬᠠᠮᠵᠢᠯᠴᠠᠨ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠬᠦᠢᠴᠡᠳᠭᠡᠭᠦ ᠴᠤᠪᠤᠷᠠᠯ ᠢ ᠬᠠᠮᠵᠢᠯᠴᠠᠨ ᠠᠬᠢᠭᠤᠯᠵᠤ᠂ ᠮᠡᠳᠡᠭᠳᠡᠨ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠃ ︵ᠲᠦᠷᠦᠭᠦᠯᠡᠬᠦ ᠨᠢᠭᠡᠴᠡ᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠬᠤ ᠨᠢᠭᠡᠴᠡ᠄ ᠡᠯ᠎ᠡ ᠬᠤᠯᠪᠣᠭᠳᠠᠯ ᠪᠥᠬᠦᠶ ᠨᠢᠭᠡᠴᠡ︶      ︵ᠳᠥᠷᠪᠡ︶ ᠰᠢᠮᠳᠠᠭᠤᠯᠤᠨ ᠪᠠᠶᠢᠴᠠᠭᠠᠬᠤ ᠶᠢ ᠥᠷᠨᠢᠭᠦᠯᠦᠨ᠎ᠡ᠃ ᠵᠠᠰᠠᠭ ᠤᠨ ᠣᠷᠳᠣᠨ ᠤ ᠫᠤᠷᠲ᠋ᠤᠯ ᠰᠦᠯᠵᠢᠶ᠎ᠡ ᠶᠢ ᠦᠵᠡᠬᠦ᠂ ᠵᠠᠰᠠᠭ ᠤᠨ ᠶᠠᠪᠤᠳᠠᠯ ᠤᠨ ᠦᠢᠯᠡᠴᠢᠡᠯᠭᠡᠨ ᠤ ᠶᠡᠭᠡ ᠲᠢᠩᠬᠢᠮ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠡᠷᠡᠭ ᠤᠨ ᠡᠪᠬᠡᠮᠡᠯ ᠢ ᠰᠢᠯᠵᠢᠭᠦᠯᠦᠨ ᠦᠵᠡᠬᠦ ᠪᠠ ᠭᠡᠷᠡᠴᠢᠯᠡᠬᠦ ᠵᠦᠢᠯᠡᠰ ᠢ ᠬᠡᠯᠡᠵᠦ ᠠᠮᠠᠯᠠᠭᠤᠯᠬᠤ ᠲᠦᠷᠢᠮ ᠢ ᠬᠡᠷᠡᠭᠵᠢᠭᠦᠯᠬᠦ ᠬᠤᠯᠪᠣᠭᠳᠠᠯ ᠪᠥᠬᠦᠶ ᠮᠠᠲ᠋ᠧᠷᠢᠶᠠᠯ ᠢ ᠬᠡᠷᠡᠭᠵᠢᠭᠦᠯᠬᠦ᠂ ᠠᠵᠤ ᠠᠬᠤᠶᠢᠯᠠᠯ ᠪᠠ ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠨ ᠡᠵᠡᠮᠰᠢᠬᠦ ᠬᠡᠷᠡᠭᠲᠡᠶ︔ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢ ᠮᠡᠳᠡᠭᠡᠯᠡᠬᠦ ᠲᠦᠷᠢᠮ ᠢ ᠪᠠᠶᠢᠭᠤᠯᠵᠤ᠂ ᠬᠡᠯᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠯᠭᠠᠨ ᠦᠨᠡᠯᠡᠬᠦ ᠬᠦᠢᠴᠡᠳᠭᠡᠯ ᠲᠤᠭ᠎ᠠ ᠶᠢᠨ ᠰᠢᠰᠲ᠋ᠧᠮᠵᠢ ᠪᠠ ᠪᠠᠶᠢᠭᠤᠯᠭ᠎ᠠ ᠶᠢᠨ ᠬᠦᠴᠦᠨ ᠴᠢᠳᠠᠪᠤᠷᠢ ᠶᠢᠨ ᠬᠠᠷᠠᠯᠲᠠ ᠶᠢᠨ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠵᠤ᠂ ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠠᠭᠤᠯᠭ᠎ᠠ ᠳᠤ ᠣᠷᠣᠭᠤᠯᠬᠤ ᠬᠡᠷᠡᠭᠲᠡᠶ︔ 6 ᠰᠠᠷ᠎ᠠ ᠶᠢᠨ ᠰᠡᠭᠦᠯᠴᠢ ᠠᠴᠠ ᠡᠮᠦᠨ᠎ᠡ᠂ ᠠᠮᠠᠯᠠᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ᠂ ᠭᠤᠣᠯ ᠠᠷᠭ᠎ᠠ ᠬᠢᠳᠡᠯ ᠪᠠ ᠠᠵᠢᠯ ᠤᠨ ᠦᠷ᠎ᠡ ᠪᠦᠲᠦᠮᠵᠢ᠂ ᠪᠠᠶᠢᠭᠤᠯᠤᠭᠰᠠᠨ ᠲᠦᠷᠢᠮ ᠪᠠ ᠵᠢᠷᠤᠮᠵᠢᠯ᠂ ᠣᠷᠣᠰᠢᠵᠤ ᠪᠠᠶᠢᠭ᠎ᠠ ᠠᠰᠠᠭᠤᠳᠠᠯ ᠪᠠ ᠰᠠᠨᠠᠭᠤᠯᠭ᠎ᠠ ᠵᠡᠷᠭᠡ ᠶᠢ ᠳ᠋ᠦᠩᠨᠡᠵᠦ ᠂ ᠪᠢᠴᠢᠭ ᠤᠨ ᠮᠠᠲ᠋ᠧᠷᠢᠶᠠᠯ ᠪᠣᠯᠭᠠᠨ ᠬᠠᠤᠯᠢ ᠴᠠᠭᠠᠵᠠ ᠶᠢᠨ ᠲᠤᠪᠴᠢᠶ᠎ᠠ ᠳᠤ ᠮᠡᠳᠡᠭᠦᠯᠦᠨ᠎ᠡ᠃ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠬᠤᠯᠪᠣᠭᠳᠠᠯ ᠪᠥᠬᠦᠶ ᠮᠡᠳᠡᠭᠳᠡᠵᠦ ᠠᠮᠠᠯᠠᠭᠤᠯᠬᠤ ᠲᠦᠷᠢᠮ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠶ ᠳᠤᠨᠢ ᠰᠢᠢᠳᠪᠦᠷᠢᠡᠯᠵᠦ᠂ ᠠᠵᠢᠯ ᠤᠨ ᠳᠤᠮᠳᠠᠬᠢ ᠬᠠᠤᠯᠢ ᠰᠠᠬᠢᠯᠭ᠎ᠠ ᠠᠴᠠ ᠵᠥᠷᠢᠴᠡᠭᠰᠡᠨ ᠨᠢᠭᠡᠴᠡ ᠵᠢᠴᠢ ᠠᠵᠢᠯᠲᠠᠨ ᠠᠴᠠ ᠬᠠᠤᠯᠢ ᠰᠠᠬᠢᠯᠭ᠎ᠠ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ︵ᠲᠦᠷᠦᠭᠦᠯᠡᠬᠦ ᠨᠢᠭᠡᠴᠡ᠄ ᠬᠠᠤᠯᠢ ᠴᠠᠭᠠᠵᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠬᠤᠯᠪᠣᠭᠳᠠᠯ ᠪᠥᠬᠦᠶ ᠨᠢᠭᠡᠴᠡ︶      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠲᠦᠷᠭᠡᠳᠬᠡᠨ ᠬᠤᠪᠢᠷᠠᠭᠤᠯᠵᠤ᠂ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ︔ ᠲᠣᠰ ᠨᠢᠭᠡᠴᠡ ᠶᠢᠨ ᠢᠶᠠᠨ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ︔ ᠡᠯ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠲᠣᠰ ᠰᠢᠰᠲ᠋ᠧᠮ ᠤᠨ ᠢᠶᠠᠨ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠤᠯᠪᠣᠭᠳᠠᠯ ᠪᠥᠬᠦᠶ ᠠᠵᠢᠯ ᠤᠨ ᠪᠠᠶᠢᠳᠠᠯ ᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠡᠯᠵᠦ᠂ ᠠᠵᠢᠯ ᠤᠨ ᠲᠥᠰᠦᠯ ᠲᠠᠢ᠂ ᠪᠠᠶᠢᠷᠢᠯᠠᠭᠤᠯᠤᠯᠲᠠ ᠶᠢᠨ ᠠᠬᠢᠴᠠ ᠲᠠᠢ᠂ ᠠᠬᠢᠭᠤᠯᠤᠯᠲᠠ ᠶᠢᠨ ᠠᠷᠭ᠎ᠠ ᠬᠡᠮᠵᠢᠶ᠎ᠡ ᠲᠠᠢ᠂ ᠦᠷ᠎ᠡ ᠳ᠋ᠦᠩ ᠤᠨ ᠬᠢᠨᠠᠨ ᠰᠢᠯᠭᠠᠯᠲᠠ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠬᠤᠶᠠᠷ︶ ᠪᠣᠯᠪᠠᠰᠤᠷᠠᠭᠤᠯᠤᠯ ᠤᠨ ᠤᠬᠠᠭᠤᠯᠭ᠎ᠠ ᠶᠢ ᠥᠷᠨᠢᠭᠦᠯᠦᠨ᠎ᠡ᠃ ᠡᠯ᠎ᠡ ᠨᠢᠭᠡᠴᠡ ᠨᠦᠭᠦᠳ ᠮᠡᠳᠡᠭᠳᠡᠨ ᠠᠮᠠᠯᠠᠭᠤᠯᠬᠤ ᠲᠦᠷᠢᠮ ᠤᠨ ᠰᠤᠷᠤᠯᠴᠠᠯᠭ᠎ᠠ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠪᠠᠨ ᠴᠢᠩᠭᠠᠳᠬᠠᠬᠤ ᠬᠡᠷᠡᠭᠲᠡᠶ︔ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶᠡᠨ ᠤ ᠰᠢᠨ᠎ᠡ ᠵᠠᠭᠤᠴᠢᠯᠠᠭᠤᠷ ᠵᠡᠷᠭᠡ ᠲᠠᠪᠴᠠᠩ ᠢ ᠬᠦᠢᠴᠡᠳ ᠠᠰᠢᠭᠯᠠᠨ᠂ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠤᠬᠠᠭᠤᠯᠭ᠎ᠠ᠂ ᠲᠠᠶᠢᠯᠤᠮᠵᠢ ᠬᠢᠬᠦ ᠶᠢ ᠣᠯᠠᠨ ᠬᠡᠯᠪᠡᠷᠢ ᠮᠠᠶ᠋ᠢᠭ᠂ ᠣᠯᠠᠨ ᠠᠷᠭ᠎ᠠ ᠵᠠᠮ ᠢᠶᠠᠷ ᠴᠢᠩᠭᠠᠳᠬᠠᠵᠤ᠂ ᠣᠯᠠᠨ ᠨᠡᠶᠢᠲᠡ ᠶᠢᠨ ᠣᠶᠢᠯᠠᠭᠠᠬᠤ ᠬᠡᠮᠵᠢᠶ᠎ᠡ ᠪᠠ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠂ ᠨᠡᠶᠢᠭᠡᠮ ᠤᠨ ᠠᠩᠬᠠᠷᠤᠯ ᠳᠤ ᠴᠠᠭ ᠲᠤᠬᠠᠶ ᠳᠤᠨᠢ ᠬᠠᠷᠢᠭᠤ ᠥᠭᠬᠦ ᠬᠡᠷᠡᠭᠲᠡᠶ︔ ᠠᠵᠢᠯ ᠤᠨ ᠳᠤᠮᠳᠠᠬᠢ ᠰᠠᠶᠢᠨ ᠠᠷᠭ᠎ᠠ ᠬᠢᠳᠡᠯ᠂ ᠰᠠᠶᠢᠨ ᠲᠤᠷᠰᠢᠯᠭ᠎ᠠ ᠶᠢ ᠢᠯᠡᠷᠡᠭᠦᠯᠬᠦ᠂ ᠳ᠋ᠦᠩᠨᠡᠬᠦ᠂ ᠤᠬᠠᠭᠤᠯᠵᠤ ᠲᠠᠨᠢᠯᠴᠠᠭᠤᠯᠬᠤ ᠳᠠᠭᠠᠨ ᠴᠢᠳᠠᠮᠠᠭᠠᠶ ᠪᠠᠶᠢᠵᠤ᠂ ᠨᠡᠶᠢᠲᠡᠯᠢᠭ ᠵᠢᠱᠢᠶ᠎ᠡ ᠶᠢ ᠶᠡᠬᠡᠪᠡᠷ ᠪᠣᠶ ᠪᠣᠯᠭᠠᠨ᠂ ᠨᠡᠶᠢᠭᠡᠮ ᠳᠠᠶᠠᠭᠠᠷ ᠢᠶᠠᠨ ᠭᠡᠷᠡᠴᠢᠯᠡᠬᠦ  ᠵᠦᠢᠯᠡᠰ ᠢ ᠠᠮᠠᠯᠳᠠᠨ ᠮᠡᠳᠡᠭᠳᠡᠬᠦ ᠲᠦᠷᠢᠮ ᠤᠨ ᠠᠵᠢᠯ ᠢ ᠬᠠᠯᠠᠮᠵᠢᠯᠠᠭᠰᠠᠨ᠂ ᠳᠡᠮᠵᠢᠭᠰᠡᠨ᠂ ᠣᠷᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃      ︵ᠭᠤᠷᠪᠠ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠢ ᠬᠠᠤᠯᠢ ᠶᠣᠰᠣᠭᠠᠷ ᠬᠤᠲᠠ ᠶᠢ ᠵᠠᠰᠠᠬᠤ ᠶᠢ ᠰᠢᠯᠭᠠᠨ ᠦᠨᠡᠯᠡᠬᠦ ᠬᠦᠢᠴᠡᠳᠭᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠬᠦᠢᠴᠡᠳ ᠳᠠᠶᠢᠴᠢᠯᠠᠬᠤ ᠬᠡᠷᠡᠭᠲᠡᠶ︔ ᠠᠵᠢᠯ ᠤᠨ ᠳᠤᠮᠳᠠ ᠢᠯᠡᠷᠡᠯ ᠢᠶᠠᠷ ᠲᠣᠪᠤᠶᠢᠮ᠎ᠠ᠂ ᠠᠵᠤ ᠠᠬᠤᠶᠢᠯᠠᠯ ᠪᠠ ᠣᠯᠠᠨ ᠲᠦᠮᠡᠨ ᠤ ᠦᠨᠡᠯᠡᠯᠲᠡ ᠶᠢᠨ ᠬᠠᠨᠤᠮᠵᠢ ᠶᠢᠨ ᠬᠡᠮᠵᠢᠶ᠎ᠡ ᠪᠠᠷ ᠥᠨᠳᠥᠷ ᠨᠢᠭᠡᠴᠡ ᠵᠢᠴᠢ ᠠᠵᠢᠯᠲᠠᠨ ᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠨ᠎ᠠ᠃ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢ ᠮᠡᠳᠡᠭᠡᠯᠡᠬᠦ ᠲᠦᠷᠢᠮ ᠢ ᠪᠠᠶᠢᠭᠤᠯᠵᠤ᠂ ᠠᠵᠢᠯ ᠤᠨ ᠳᠤᠮᠳᠠᠬᠢ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠨᠢᠭᠡᠴᠡ ᠵᠢᠴᠢ ᠠᠵᠢᠯᠳᠠᠨ ᠠᠴᠠ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ︽ᠡᠷᠬᠡ ᠬᠠᠷᠢᠭᠤᠴᠠᠯᠭ᠎ᠠ ᠶᠢ ᠨᠢᠭᠡᠳᠬᠡᠬᠦ᠂ ᠲᠤᠰᠢᠶᠠᠯ ᠢᠶᠠᠨ ᠭᠦᠢᠴᠡᠳᠬᠡᠪᠡᠯ ᠬᠠᠷᠢᠭᠤᠴᠠᠯᠭ᠎ᠠ ᠠᠴᠠ ᠬᠡᠯᠲᠦᠷᠢᠭᠦᠯᠬᠦ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠵᠠᠷᠴᠢᠮ ᠶᠣᠰᠣᠭᠠᠷ᠂ ᠪᠤᠷᠤᠭᠤ ᠶᠢ ᠠᠭᠤᠴᠢᠯᠠᠨ ᠪᠠᠭᠲᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠤᠷᠤᠭᠤ ᠶᠢ ᠵᠦᠢ ᠵᠣᠬᠢᠰᠲᠠᠶ ᠠᠭᠤᠴᠢᠯᠠᠨ ᠪᠠᠭᠲᠠᠭᠠᠬᠤ ᠪᠠᠶᠢᠳᠠᠯ ᠳᠤ ᠲᠣᠭᠠᠴᠠᠭᠳᠠᠪᠠᠯ᠂ ᠬᠤᠯᠪᠣᠭᠳᠠᠯ ᠪᠦᠬᠦᠢ ᠨᠢᠬᠡᠴᠡ ᠵᠢᠴᠢ ᠠᠵᠢᠯᠳᠠᠨ ᠤ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠬᠡᠯᠲᠦᠷᠢᠭᠦᠯᠬᠦ ᠪᠤᠶᠤ ᠬᠥᠩᠭᠡᠷᠡᠭᠦᠯᠵᠦ᠂ ᠬᠦᠡᠭᠭᠡᠨ ᠢᠶᠠᠷ ᠰᠢᠢᠳᠪᠦᠷᠢᠯᠡᠨ᠎ᠡ᠃     ᠡᠯ᠎ᠡ ᠬᠤᠯᠪᠣᠭᠳᠠᠯ ᠪᠥᠬᠦᠶ ᠨᠢᠭᠡᠴᠡ ᠨᠦᠭᠦᠳ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠬᠡᠯᠡᠵᠦ ᠥᠭᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠢ ᠲᠣᠳᠣᠷᠬᠠᠶ ᠬᠡᠷᠡᠭᠵᠢᠭᠦᠯᠦᠨ᠂ ᠭᠠᠷᠴᠠᠭ ᠤᠨ ᠨᠠᠷᠢᠨ ᠬᠠᠭᠤᠳᠠᠰᠤ ᠶᠢ ᠨᠡᠶᠢᠲᠡᠯᠡᠵᠦ᠂ ᠬᠡᠯᠡᠵᠦ ᠥᠭᠬᠦ ᠠᠮᠠᠯᠠᠯᠲᠠ ᠶᠢᠨ ᠱᠠᠭᠠᠷᠳᠠᠯᠭ᠎ᠠ ᠶᠢ ᠵᠢᠷᠤᠮᠵᠢᠭᠤᠯᠤᠨ᠂ ᠪᠠᠷᠢᠮᠵᠢᠶ᠎ᠠ ᠶᠢ ᠢᠯᠡ ᠪᠣᠯᠭᠠᠬᠤ᠂ ᠲᠦᠷᠢᠮ ᠢ ᠲᠥᠪ ᠭᠤᠤᠯᠴᠢ ᠪᠠᠶᠢᠯᠭᠠᠬᠤ᠂ ᠵᠢᠱᠢᠯᠲᠡ ᠶᠢ ᠲᠣᠳᠣᠷᠬᠠᠶ ᠪᠠᠶᠢᠯᠭᠠᠬᠤ᠂ ᠲᠣᠰ ᠲᠣᠰ ᠤᠨ ᠬᠠᠷᠢᠭᠤᠴᠠᠯᠭ᠎ᠠ ᠪᠠᠨ ᠬᠦᠢᠴᠡᠳᠭᠡᠭᠦ᠂ ᠢᠲᠡᠭᠡᠮᠵᠢ ᠶᠢ ᠬᠢᠨᠠᠨ ᠬᠠᠮᠢᠶᠠᠷᠬᠤ ᠵᠠᠰᠠᠯᠲᠠ ᠶᠢᠨ ᠵᠠᠭᠪᠤᠷ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ︔ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠨ ᠪᠠᠶᠢᠴᠠᠭᠠᠯᠲᠠ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠤ ᠠᠬᠤᠶᠢᠯᠠᠯ ᠪᠠ ᠤᠯᠠᠨ ᠲᠦᠮᠡᠨ ᠤ ᠠᠵᠢᠯ ᠶᠠᠪᠤᠳᠠᠯ ᠪᠦᠲᠦᠭᠡᠵᠦ ᠠᠳᠠᠯ ᠦᠢᠯᠡᠰ ᠴᠣᠭᠴᠠᠯᠠᠬᠤ᠂ ᠰᠢᠯᠢᠳᠡᠭ ᠡᠵᠡᠩᠨᠡᠯᠲᠡ ᠶᠢᠨ ᠣᠷᠴᠢᠨ ᠨᠥᠬᠦᠴᠡᠯ ᠢ ᠪᠤᠢ ᠪᠣᠯᠭᠠᠬᠤ ᠳᠤ ᠲᠦᠬᠦᠮ ᠦᠵᠡᠭᠦᠯᠵᠦ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠡᠨᠬᠦ ᠲᠦᠯᠬᠢᠨ ᠠᠬᠢᠭᠤᠯᠤᠨ᠎ᠠ ᠃ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠶ︔ ᠬᠠᠤᠯᠢ ᠴᠠᠭᠠᠵᠠ ᠶᠢᠨ ᠲᠤᠪᠴᠢᠶ᠎ᠠ ᠠᠴᠠ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠵᠤ᠂ ᠬᠤᠳᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠢᠨᠠᠯᠲᠠ ᠲᠠᠯᠪᠢᠵᠤ ᠪᠠᠶᠢᠴᠠᠭᠠᠬᠤ ᠪᠠ ᠮᠥᠷᠳᠡᠨ ᠦᠨᠡᠯᠡᠨ ᠵᠢᠱᠢᠵᠦ᠂ ᠴᠢᠬᠤᠯᠠ ᠪᠠᠶᠢᠳᠠᠯ ᠢ ᠴᠠᠭ ᠲᠤᠬᠠᠢ ᠳᠤᠨᠢ ᠬᠤᠳᠠ ᠶᠢᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃    ᠬᠠᠷᠢᠯᠴᠠᠬᠤ ᠬᠥᠮᠦᠨ᠄    ᠷᠧᠨ ᠵᠢᠶᠦ᠋ᠨ ᠵᠢᠶᠧ ︵ᠬᠠᠤᠯᠢ ᠴᠠᠭᠠᠵᠠ ᠶᠢᠨ ᠲᠣᠪᠴᠢᠶ᠎ᠠ︶ 18504745288    ᠯᠢ ᠬᠤᠤ ᠢᠦᠢ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶ 188471111127    ᠬᠠᠨ ᠵᠢᠶᠠᠩ ᠪᠦᠸᠧ ︵ᠵᠠᠰᠠᠭ ᠤᠨ ᠣᠷᠳᠣᠨ ᠤ ᠠᠯᠪᠠᠨ ᠭᠡᠷ︶ 15540419328    ᠰᠢᠦᠳᠠᠨ ᠬᠠᠶᠢᠷᠴᠠᠭ᠄ fzhan2021@163.com                        ᠤᠷᠴᠢᠭᠤᠯᠤᠬᠴᠢ᠄  ᠬᠠᠨ ᠰᠢᠶᠤᠤ ᠿᠦᠩ                    ᠬᠢᠨᠠᠬᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3