【ᠨᠠᠰᠤᠨ ᠳᠤ ᠦᠯᠦ ᠬᠦᠷᠦᠭᠰᠡᠳ ᠢ ᠬᠠᠯᠠᠮᠵᠢᠯᠠᠨ ᠬᠠᠶᠢᠷᠠᠯᠠᠬᠤ】ᠬᠤᠲᠠ ᠶᠢᠨ ᠡᠪᠯᠡᠯ ᠤᠨ ᠬᠤᠷᠢᠶ᠎ᠠ  ᠶᠢᠨ ︿ᠴᠢᠬᠢ ᠪᠤᠶᠢᠵᠢᠭᠤᠯᠬᠤ ᠢᠨᠵᠧᠨᠧᠷᠢᠩ﹀ ᠤᠨ ᠰᠢᠷᠢᠰ ᠠᠵᠢᠯᠯᠠᠭ᠎ᠠ —— ᠬᠤᠨ ᠭᠠᠯᠠᠭᠤ ᠶᠢᠨ ᠬᠢᠴᠢᠶᠡᠯ ᠤᠨ ᠲᠢᠩᠭᠢᠮ ᠬᠢᠴᠢᠶᠡᠯ ᠡᠬᠢᠯᠡᠭᠦᠯᠪᠡ
ᠨᠡᠶᠢᠲᠡᠯᠡᠭᠰᠡᠨ ᠴᠠᠭ᠄
2021/9/6
   ︽ᠡᠪ ᠬᠠᠮᠲᠤ ᠵᠠᠯᠠᠭᠤᠴᠤᠳ ᠤᠨ ᠡᠪᠯᠡᠯ ᠤᠨ ᠹᠧᠩᠵᠧᠨ ᠬᠤᠲᠠ ᠶᠢᠨ ᠬᠤᠷᠢᠶ᠎ᠠ ᠶᠢᠨ ᠹᠧᠩᠵᠧᠨ ᠬᠤᠲᠠ ᠶᠢᠨ ︿ᠴᠢᠬᠢ ᠰᠡᠷᠭᠦᠭᠡᠬᠦ ᠢᠨᠵᠧᠨᠧᠷᠢᠩ﹀ ᠤᠨ ᠬᠡᠷᠡᠭᠵᠢᠭᠦᠯᠬᠦ ᠲᠥᠰᠦᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠰᠬᠠᠶ ᠠᠵᠢᠯᠯᠠᠭᠠᠨ ᠤ ᠲᠥᠯᠥᠪᠯᠡᠭᠡ︾ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠲᠦᠷᠦᠭᠦᠬᠡᠨ᠂ ᠡᠪᠯᠡᠯ ᠤᠨ ᠬᠤᠲᠠ ᠶᠢᠨ ᠨᠠᠮ ᠤᠨ ᠬᠤᠷᠢᠶ᠎ᠠ ᠨᠡᠶᠢᠲᠡ ᠶᠢᠨ ᠠᠰᠠᠷᠠᠮᠵᠢ ᠶᠢ ᠠᠬᠢᠭᠤᠯᠬᠤ ᠬᠤᠷᠠᠯ ᠵᠡᠷᠭᠡ ᠬᠤᠯᠪᠣᠭᠳᠠᠯ ᠪᠥᠬᠦᠶ ᠨᠢᠭᠡᠴᠡ ᠲᠠᠢ ᠬᠠᠮᠲᠤᠷᠠᠨ ᠬᠠᠭᠤᠴᠢᠨ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠲᠤ ᠬᠤᠨ ᠭᠠᠯᠠᠭᠤ ᠶᠢᠨ ᠬᠢᠴᠢᠶᠡᠯ ᠤᠨ ᠲᠢᠩᠭᠢᠮ ᠨᠡᠭᠡᠭᠡᠵᠦ᠂ ᠪᠥᠬᠦ ᠬᠤᠲᠠ ᠶᠢᠨ ᠬᠡᠷ ᠲᠡᠭᠡᠨ ᠬᠤᠴᠣᠷᠤᠭᠰᠠᠨ ᠠᠷᠪᠠ ᠭᠠᠷᠤᠶ ᠬᠡᠤᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠤᠬᠡᠳ ᠲᠤ ᠳᠠᠰᠬᠠᠯ ᠢ ᠨᠢ ᠬᠠᠪᠰᠤᠷᠤᠨ ᠵᠢᠯᠤᠭᠤᠳᠴᠦ᠂ ᠬᠡᠷ ᠪᠦᠯᠢ ᠶᠢᠨ ᠬᠢᠨ ᠤ ᠳᠠᠷᠤᠭᠠᠰᠤ ᠶᠢ ᠬᠥᠩᠭᠡᠯᠡᠨ᠂ ᠰᠠᠶᠢᠨ ᠰᠠᠶᠢᠬᠠᠨ ᠰᠤᠷᠤᠯᠴᠠᠬᠤ ᠣᠷᠴᠢᠨ ᠨᠥᠬᠦᠴᠡᠯ ᠢ ᠬᠠᠩᠭᠠᠵᠤ ᠥᠭᠪᠡ᠃
   ᠠᠵᠢᠯᠯᠠᠭ᠎ᠠ ᠨᠢ ᠤᠶᠤᠲᠠᠳ ᠤᠨ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠬᠦ ᠪᠠᠷ ᠳᠠᠮᠵᠢᠭᠤᠯᠤᠨ᠂ ᠨᠠᠶᠢᠳᠠᠨ ᠬᠠᠮᠢᠶᠠᠷᠤᠭᠤᠯᠵᠤ ᠠᠰᠠᠷᠠᠭᠤᠯᠬᠤ ᠪᠠᠷ ᠭᠤᠤᠯ ᠪᠤᠯᠭᠠᠨ᠂ ᠬᠠᠷᠢᠶᠠᠲᠤ ᠣᠷᠣᠨ ᠤ ᠡᠬᠢ ᠪᠠᠶᠠᠯᠢᠭ ᠢ ᠬᠤᠯᠪᠣᠵᠤ᠂ ᠨᠡᠶᠢᠲᠡ ᠶᠢᠨ ᠠᠰᠠᠷᠠᠮᠵᠢ ᠪᠠᠷ ᠠᠷᠠᠳ ᠲᠤ ᠠᠰᠢᠭ ᠬᠦᠷᠲᠡᠭᠡᠬᠦ ᠵᠠᠷᠴᠢᠮ ᠢ ᠪᠠᠷᠢᠮᠲᠠᠯᠠᠨ᠂ ᠮᠠᠨ ᠤ ᠬᠤᠲᠠ ᠶᠢᠨ ᠥᠷᠭᠡᠨ ᠣᠯᠠᠨ ᠵᠠᠯᠠᠭᠤᠴᠤᠳ ᠪᠠᠭᠠᠴᠤᠳ ᠬᠡᠤᠬᠡᠳ ᠲᠤ ᠰᠦᠢᠳᠭᠡᠯ ᠬᠤᠷᠢᠶᠠᠬᠤ ᠥᠬᠡᠶ ᠪᠠᠷ ᠠᠰᠠᠷᠠᠵᠤ ᠰᠤᠪᠢᠯᠠᠬᠤ ᠦᠢᠯᠡᠴᠢᠯᠡᠭᠡ ᠪᠠ ᠬᠢᠴᠢᠶᠡᠯ ᠰᠤᠷᠤᠯᠭ᠎ᠠ ᠶᠢᠨ ᠬᠠᠪᠰᠤᠷᠤᠨ ᠵᠢᠯᠣᠭᠤᠳᠣᠯᠭ᠎ᠠ ᠬᠠᠩᠭᠠᠵᠤ᠂ ᠬᠡᠷ ᠲᠡᠭᠡᠨ ᠬᠤᠴᠣᠷᠤᠭᠰᠠᠨ ᠬᠡᠤᠬᠡᠳ ᠢ ᠠᠰᠠᠷᠠᠵᠤ ᠬᠠᠷᠠᠭᠠᠯᠵᠠᠬᠤ ᠬᠥᠮᠦᠨ ᠥᠬᠡᠶ᠂ ᠳᠠᠰᠬᠠᠯ ᠬᠢᠬᠦ ᠳᠤ ᠬᠠᠪᠰᠤᠷᠤᠨ ᠵᠢᠯᠣᠭᠤᠳᠬᠤ ᠬᠥᠮᠦᠨ ᠥᠬᠡᠶ ᠪᠠᠶᠢᠬᠤ ᠬᠦᠴᠢᠷ ᠠᠰᠠᠭᠤᠳᠠᠯ ᠢ  ᠰᠢᠢᠳᠪᠦᠷᠢᠯᠡᠪᠡ᠃                       ᠤᠷᠴᠢᠭᠤᠯᠤᠬᠴᠢ᠄  ᠼᠦᠢ ᠶᠢᠩ        
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3