ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠲᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠰᠢᠢᠳᠪᠦᠷᠢ
ᠨᠡᠶᠢᠲᠡᠯᠡᠭᠰᠡᠨ ᠴᠠᠭ᠄
2022/1/13
   ︵2022 ᠣᠨ ᠤ 1 ᠰᠠᠷ᠎ᠠ ᠶᠢᠨ 12 ᠤᠨ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ   ᠹᠧᠩᠵᠧᠨ ᠬᠤᠳᠠ ᠶᠢᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠰᠢᠢᠳᠪᠦᠷᠢ︶    ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠳᠠ ᠶᠢᠨ ᠵᠢᠷᠭᠤᠳᠤᠭᠠᠷ ᠬᠤᠭᠤᠴᠠᠭᠠᠨ ᠤ  ᠬᠤᠷᠢᠶᠠᠨ ᠤ ᠳᠥᠷᠪᠡᠳᠦᠭᠡᠷ ᠤᠳᠠᠭ᠎ᠠ ᠶᠢᠨ ᠪᠦᠬᠦ ᠭᠡᠰᠢᠭᠦᠳ ᠤᠨ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ 2022 ᠣᠨ ᠤ 1 ᠰᠠᠷ᠎ᠠ ᠶᠢᠨ 12 ᠤᠨ ᠡᠳᠦᠷ ᠶᠠᠪᠤᠬᠳᠠᠪᠠ᠃    ᠬᠤᠷᠠᠯ ᠳᠤ ᠣᠷᠣᠯᠴᠠᠭᠰᠠᠳ ᠲᠤ ᠬᠤᠳᠠ ᠶᠢᠨ ᠨᠠᠮ ᠤᠨ ᠬᠤᠷᠢᠶᠠᠨ ᠤ ᠭᠡᠰᠢᠭᠦᠨ 41 ᠬᠥᠮᠦᠨ᠂ ᠣᠷᠣᠯᠠᠭᠴᠢ ᠭᠡᠰᠢᠭᠦᠨ 10 ᠬᠥᠮᠦᠨ ᠪᠤᠢ᠃ ᠬᠤᠳᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠬᠤᠳᠠ ᠶᠢᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠤᠯᠠᠭᠠᠨᠴᠠᠪ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠬᠤᠳᠠ ᠶᠢᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠤᠷᠤᠯᠴᠠᠬᠰᠠᠨ ᠬᠡᠰᠡᠭ ᠨᠠᠮ ᠤᠨ ᠲᠥᠯᠥᠭᠡᠯᠡᠭᠴᠢ ᠨᠠᠷ ᠬᠤᠷᠠᠯ ᠳᠤ ᠰᠤᠯᠠ ᠣᠷᠣᠯᠴᠠᠪᠠ᠃    ᠪᠥᠬᠦᠳᠡ ᠬᠤᠷᠠᠯ ᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠨ᠂ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠯᠢ ᠶᠢᠩ ᠲᠤᠰ ᠲᠤᠰ ᠶᠠᠷᠢᠶ᠎ᠠ ᠲᠠᠯᠪᠢᠪᠠ᠃    ᠪᠦᠭᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠤᠯᠠᠭᠠᠨᠴᠠᠪ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠶᠠᠷᠢᠯᠴᠠᠨ᠂ 2021 ᠣᠨ ᠤ ᠠᠵᠤ ᠠᠬᠤᠢ ᠶᠢᠨ ᠠᠵᠢᠯ ᠢ ᠳ᠋ᠦᠩᠨᠡᠵᠦ᠂ 2022 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃    ᠪᠦᠬᠦᠳᠠ ᠬᠤᠷᠠᠯ ᠠᠴᠠ ᠵᠢᠭᠠᠵᠦ ᠭᠠᠷᠭᠠᠬᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠣᠯ ᠤᠷᠳᠤ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠦᠬᠦ ᠲᠠᠯ᠎ᠠ ᠪᠣᠯᠤᠨ ᠲᠡᠦᠬᠡ ᠶᠢᠨ ᠦᠨᠳᠦᠷᠴᠡ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠵᠠᠭᠤᠨ ᠵᠢᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠪᠠ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠤᠢᠢᠯᠠᠭᠠᠨ ᠡᠵᠡᠮᠰᠢᠵᠦ᠂ ᠰᠤᠷᠤᠯᠴᠠᠨ  ᠲᠤᠭᠤᠰᠢᠯᠠᠭᠤᠯᠬᠤ ᠤᠯᠤᠰ ᠲᠦᠷᠦ ᠶᠢᠨ ᠤᠬᠠᠮᠰᠠᠷ ᠦᠵᠡᠯ ᠰᠠᠨᠠᠭᠠᠨ ᠤ ᠤᠬᠠᠮᠰᠠᠷ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨᠬᠦ ᠴᠢᠩᠭᠠᠳᠬᠠᠨ᠎ᠠ︔ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠵᠣᠷᠢᠯᠲᠠ ᠶᠢᠨ ᠤᠬᠠᠮᠰᠠᠷ ᠢ ᠭᠦᠨᠵᠡᠭᠡᠢ ᠦᠢᠯᠡᠳᠦᠯᠭᠡᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠭᠦᠯᠵᠢᠯᠡᠨ ᠠᠬᠢᠭᠤᠯᠵᠤ᠂ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠦᠨ᠂ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠬᠦᠯᠦᠨ᠎ᠡ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠤᠳᠠᠳᠠᠶᠢᠵᠢᠭᠤᠯᠤᠨ᠂ ᠤᠬᠠᠭᠤᠯᠤᠨ ᠲᠠᠶᠢᠯᠪᠤᠷᠢᠯᠠᠬᠤ ᠶᠢ ᠭᠦᠨᠵᠡᠭᠡᠢ ᠥᠷᠨᠢᠭᠦᠯᠵᠦ ᠰᠤᠷᠤᠯᠴᠠᠯᠭ᠎ᠠ ᠪᠣᠯᠪᠠᠰᠤᠷᠠᠯ ᠢ ᠨᠠᠷᠢᠨ ᠨᠢᠮᠪᠠᠢ ᠰᠠᠶᠢᠲᠤᠷ ᠠᠳᠬᠤᠨ᠂ ᠯᠠᠪᠳᠠᠭᠤᠨ ᠪᠠᠲᠤᠲᠠᠢ ᠪᠦᠲᠦᠮᠵᠢᠲᠡᠢ ᠠᠵᠢᠯ ᠢᠶᠠᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠷᠭᠦᠯᠵᠢᠯᠡᠨ ᠪᠤᠢ ᠪᠣᠯᠭᠠᠵᠤ᠂ ᠢᠲᠡᠭᠡᠯ ᠪᠢᠰᠢᠷᠡᠯ ᠤᠨ ᠬᠦᠴᠦᠨ ᠢ ᠲᠠᠰᠤᠷᠠᠯᠲᠠ ᠦᠭᠡᠢ ᠰᠢᠩᠭᠡᠭᠡᠨ ᠠᠪᠴᠤ᠂ ᠨᠡᠩ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠰᠢᠨ᠎ᠡ ᠠᠶᠠᠨ ᠵᠠᠮ ᠳᠤ ᠣᠷᠣᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ᠎ᠠ᠃    ᠪᠥᠬᠦᠳᠡ ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠢᠭᠡ ᠵᠢᠯ ᠤᠨ ᠲᠤᠷᠰᠢᠬᠢ ᠠᠵᠢᠯ ᠢ ᠭᠦᠢᠴᠡᠳ ᠨᠤᠲᠠᠯᠠᠪᠠ᠃ ᠠᠯᠢ ᠣᠯᠠᠨ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠳᠤ ᠲᠤᠯᠭᠠᠷᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠴᠢᠨᠠᠷ ᠰᠠᠶᠢᠲᠠᠶ ᠬᠥᠭᠵᠢᠭᠦᠯᠬᠦ ᠬᠠᠲᠠᠭᠤᠵᠢᠯᠲᠠᠶ ᠡᠭᠦᠷᠭᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠨᠠᠮ ᠤᠨ ᠲᠥᠪ ᠬᠤᠷᠢᠶ᠎ᠠ ᠶᠢᠨ  ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠡᠷᠡᠰ  ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠦᠭ ᠠᠶᠠᠰ ᠢ ᠪᠠᠲᠤ ᠡᠵᠡᠮᠳᠡᠨ᠂ ᠠᠵᠤ ᠠᠬᠤᠶ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠨ ᠳᠠᠪᠰᠢᠭᠤᠯᠬᠤ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠬᠤ᠂ ᠤᠯᠤᠰ ᠲᠦᠷᠦ ᠶᠢᠨ ᠠᠮᠢ ᠠᠬᠤᠶ ᠶᠢ ᠰᠢᠯᠢᠳᠡᠭᠵᠢᠭᠦᠯᠬᠦ᠂ ᠨᠡᠶᠢᠭᠡᠮ ᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠬᠤ ᠢᠳᠡᠪᠬᠢᠲᠡᠶ ᠪᠠᠶᠢᠳᠠᠯ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠰᠠᠶᠢᠨ ᠡᠬᠢᠯᠡᠯᠲᠡ ᠶᠢ ᠪᠤᠢ ᠪᠣᠯᠭᠠᠨ᠎ᠠ᠃    ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠮᠠᠨ ᠤ ᠨᠠᠮ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠣᠯᠤᠨ᠎ᠠ᠂ ᠪᠦᠬᠦ ᠵᠢᠯ ᠤᠨ ᠠᠵᠢᠯ ᠢᠶᠠᠨ ᠰᠠᠶᠢᠲᠤᠷ ᠬᠢᠬᠦ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠰᠢᠨ᠎ᠡ ᠴᠠᠭ ᠦᠶ᠎ᠡ ᠶᠢᠨ ᠱᠠᠲᠤ ᠦᠶ᠎ᠡ ᠶᠢᠨ ᠴᠢᠨᠠᠷᠲᠠᠶ ᠣᠨᠴᠠᠯᠢᠭ ᠰᠢᠨᠵᠢ ᠶᠢ ᠭᠦᠨᠵᠡᠭᠡᠶ ᠡᠵᠡᠮᠰᠢᠵᠦ᠂ ᠳᠣᠲᠣᠭᠠᠳᠤ ᠭᠠᠳᠠᠭᠠᠳᠤ ᠶᠢᠨ ᠨᠥᠬᠦᠴᠡᠯ ᠢ ᠶᠡᠷᠦᠩᠬᠡᠶᠢᠯᠡᠨ ᠵᠠᠳᠠᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠤᠯᠠᠭᠠᠨᠴᠠᠪ ᠬᠤᠲᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠪᠣᠯᠤᠨ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠮᠠᠨ ᠤ ᠬᠤᠲᠠ ᠶᠢᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠳᠣᠷᠬᠠᠶ ᠲᠣᠭᠲᠠᠭᠠᠭᠰᠠᠨ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠶ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠠᠵᠤ ᠠᠬᠤᠶ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠠᠵᠤ ᠠᠬᠤᠶ᠂ ᠰᠣᠶᠣᠯ ᠵᠢᠭᠤᠯᠴᠢᠯᠠᠯ ᠡᠷᠡᠭᠦᠯ ᠬᠠᠮᠠᠭᠠᠯᠠᠯ ᠰᠤᠪᠢᠯᠠᠯᠲᠠ ᠶᠢᠨ ᠠᠵᠤ ᠠᠬᠤᠶ ᠶᠢ ᠬᠥᠭᠵᠢᠭᠦᠯᠬᠦ ᠲᠠᠢ ᠨᠢᠭᠲᠠ ᠤᠶᠠᠯᠳᠤᠭᠤᠯᠤᠨ᠂ ᠠᠵᠤ ᠠᠬᠤᠶ ᠶᠢᠨ ᠬᠥᠭᠵᠢᠯᠲᠡ ᠶᠢᠨ ᠳᠤᠮᠳᠠᠬᠢ ᠥᠪᠡᠷ ᠥᠪᠡᠷ ᠤᠨ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠡᠵᠡᠮᠳᠡᠵᠦ᠂ ᠪᠣᠳᠠᠲᠤ ᠪᠠᠶᠢᠳᠠᠯ ᠠᠴᠠ ᠡᠭᠦᠰᠦᠨ ᠰᠢᠨᠵᠢᠯᠡᠬᠦ ᠤᠬᠠᠭᠠᠨᠴᠢ ᠪᠠᠷ ᠠᠵᠢᠯ ᠢᠶᠠᠨ ᠲᠦᠯᠦᠪᠯᠡᠨ᠂ ᠵᠦᠢᠯᠡᠰ ᠢ ᠨᠠᠷᠢᠯᠢᠭ ᠤᠨᠤᠪᠴᠢᠳᠠᠢ ᠪᠠᠷ ᠰᠢᠯᠢᠨ ᠰᠣᠩᠭᠤᠵᠤ᠂ ᠠᠵᠤ ᠠᠬᠤᠶ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠶ ᠨᠡᠮᠡᠭᠳᠡᠭᠦᠯᠬᠦ ᠶᠢ ᠦᠨᠡᠨ ᠬᠦ ᠪᠠᠲᠤᠯᠠᠨ᠎ᠠ᠃    ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠤᠨ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠳᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠶ ᠪᠠᠷ ᠦᠢᠯᠡᠴᠢᠯᠡᠬᠦ ᠪᠠ ᠠᠭᠤᠰᠤᠯᠴᠠᠭᠤᠯᠤᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠦᠯᠦᠪᠵᠢᠬᠦᠯᠦᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾ ᠶᠢᠨ ᠵᠢᠱᠢᠶ᠎ᠡ ᠦᠵᠡᠭᠦᠯᠬᠦ ᠣᠷᠣᠨ ᠢ ᠲᠦᠷᠭᠡᠨ ᠪᠠᠶᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠬᠳᠤᠨ᠎ᠠ᠃    ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠬᠡᠷᠡᠭᠲᠡᠶ︔ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠪᠠᠷ ᠤᠷᠢᠲᠠᠯ ᠪᠣᠯᠭᠠᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠡᠳᠭᠡᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠣᠲᠣᠭᠠᠳᠤ ᠬᠡᠷᠡᠭᠴᠡᠭᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠦᠨ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠵᠢᠯ ᠢ ᠰᠢᠯᠤᠭᠤᠳᠬᠠᠵᠤ᠂ ᠠᠵᠤ ᠠᠬᠤᠢ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠦᠨᠡᠨᠬᠦ ᠴᠢᠩᠭᠠᠳᠬᠠᠬᠤ ᠬᠡᠷᠡᠭᠲᠡᠢ︔ ᠬᠥᠬᠡᠮᠳᠦᠭ ᠨᠣᠭᠤᠭᠠᠨ ᠠᠭᠤᠯᠠ ᠤᠰᠤ ᠪᠠᠷ ᠰᠠᠭᠤᠷᠢ ᠥᠩᠭᠡ ᠪᠣᠯᠭᠠᠵᠤ᠂ ᠤᠰᠤᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠲᠣᠭᠲᠠᠭᠤᠨ ᠢᠶᠠᠷ ᠰᠠᠶᠢᠵᠢᠷᠠᠭᠤᠯᠤᠨ᠂ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠶᠢ ᠦᠨᠡᠨ ᠬᠦ ᠰᠠᠶᠢᠲᠤᠷ ᠠᠳᠬᠤᠵᠤ᠂ ᠠᠭᠠᠷ ᠤᠨ ᠶᠠᠰᠤ ᠴᠢᠨᠠᠷ ᠢ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ᠂ ᠣᠶ ᠰᠢᠭᠤᠶ ᠡᠪᠡᠰᠦᠨ ᠤ ᠠᠮᠢ ᠠᠬᠤᠶ ᠶᠢ ᠬᠠᠮᠠᠭᠠᠯᠠᠨ ᠰᠡᠷᠭᠦᠭᠡᠬᠦ ᠡᠷᠴᠢᠮ ᠢ ᠴᠢᠩᠭᠠᠷᠠᠭᠤᠯᠤᠨ᠂ ᠠᠮᠢ ᠠᠬᠤᠶ ᠶᠢᠨ ᠣᠷᠴᠢᠨ ᠨᠥᠬᠦᠴᠡᠯ ᠤᠨ ᠲᠤᠰᠬᠠᠶ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠪᠣᠳᠠᠲᠠᠶ ᠠᠳᠬᠤᠬᠤ ᠬᠡᠷᠡᠭᠲᠡᠶ︔ ᠴᠢᠨᠠᠷ ᠰᠠᠶᠢᠲᠠᠢ ᠬᠥᠭᠵᠢᠯᠲᠡ ᠪᠠᠷ ᠬᠠᠷᠠᠯᠲᠠ ᠪᠣᠯᠭᠠᠵᠤ᠂ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠠᠵᠤ ᠠᠬᠤᠢ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ᠂ ᠰᠣᠶᠣᠯ ᠵᠤᠭᠠᠴᠠᠯ ᠡᠷᠡᠭᠦᠯ ᠬᠠᠮᠠᠭᠠᠯᠠᠯ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ︔ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠭᠠᠷᠳᠠᠴᠠ ᠪᠣᠯᠭᠠᠵᠤ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ ᠱᠤᠭᠤᠮ ᠢ ᠰᠠᠬᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠰᠠᠭᠤᠷᠢ ᠶᠢ ᠪᠠᠬᠢᠵᠢᠬᠦᠯᠦᠨ᠂ ᠬᠥᠳᠡᠭᠡ ᠲᠣᠰᠬᠤᠨ ᠤ ᠬᠥᠭᠵᠢᠯᠲᠡ ᠶᠢᠨ ᠪᠦᠬᠦ᠋ᠢᠯᠡ ᠴᠣᠭᠴᠠ ᠶᠢᠨ ᠳᠦᠷᠰᠦ ᠪᠠᠶᠢᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠬᠡᠷᠡᠭᠲᠡᠢ︔ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠰᠢᠪᠲᠤᠯᠤᠯᠲᠠ ᠪᠣᠯᠭᠠᠵᠤ᠂ ᠠᠵᠤ ᠠᠬᠤᠢ ᠶᠢᠨ ᠬᠦᠷᠢᠶᠡᠨ ᠤ ᠥᠭᠡᠷᠡᠴᠢᠯᠡᠯᠲᠡ ᠶᠢ ᠬᠦᠨᠵᠡᠭᠡᠶᠢᠷᠡᠬᠦᠯᠦᠨ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠨᠡᠭᠡᠭᠡᠯᠲᠡᠲᠦ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠪᠦᠬᠦ ᠲᠠᠯ᠎ᠠ ᠪᠠᠷ ᠬᠥᠭᠵᠢᠭᠡᠬᠦ ᠬᠡᠷᠡᠭᠲᠡᠢ᠃ ᠠᠷᠠᠳ ᠲᠦᠮᠡᠨ ᠰᠡᠳᠬᠢᠯ ᠬᠠᠨᠤᠮᠵᠢᠲᠠᠢ ᠪᠠᠶᠢᠬᠤ ᠪᠠᠷ ᠪᠠᠷᠢᠮᠵᠢᠶ᠎ᠠ ᠪᠤᠯᠭᠠᠨ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠬᠦᠴᠦᠯᠡᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠲᠤᠪᠤᠶᠢᠯᠭᠠᠨ ᠴᠢᠩᠭᠠᠳᠬᠠᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠡᠷᠡᠭᠦᠯ ᠡᠩᠭᠡ ᠡᠯᠪᠡᠭ ᠪᠠᠯᠭᠠᠰᠤ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ ᠠᠮᠤᠷ ᠠᠮᠤᠭᠤᠯᠠᠩ ᠤᠨ ᠪᠠᠶᠢᠭᠤᠯᠤᠯᠲᠠ ᠪᠠᠷ ᠭᠤᠣᠯᠳᠠᠯᠭ᠎ᠠ ᠪᠤᠯᠭᠠᠨ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠠᠮᠤᠷ ᠠᠮᠤᠭᠤᠯᠠᠩ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠴᠢᠩᠭᠠᠳᠬᠠᠬᠤ ᠬᠡᠷᠡᠭᠲᠡᠢ᠃        ᠤᠷᠴᠢᠭᠤᠯᠤᠬᠴᠢ᠄ ᠬᠠᠨ ᠰᠢᠶᠤᠤ ᠿᠦᠩ    ᠬᠢᠨᠠᠬᠴᠢ᠄ ᠼᠦᠢ ᠶᠢᠩ    
 
ᠢᠷᠡᠯᠲᠡ᠄ ᠠᠮᠢᠵᠢᠷᠠᠯ ᠪᠢᠯᠬᠠᠭᠰᠠᠨ ᠹᠧᠩᠵᠧᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3