| ᠥᠷᠭᠡᠨ ᠤᠯᠠᠨ ᠰᠠᠭᠤᠭᠠᠯᠢ ᠠᠷᠠᠳ ᠨᠠᠶᠢᠵᠠ ᠨᠠᠷ ᠡ᠄ | 2022 ᠣᠨ ᠤ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠦᠷᠨᠢᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠵᠦ᠂ ᠠᠷᠠᠳ ᠤᠯᠠᠨ ᠤ ᠡᠷᠡᠭᠦᠯ ᠮᠡᠨᠳᠦ ᠠᠮᠤᠷ ᠲᠦᠪᠰᠢᠨ ᠢ | ᠪᠠᠲᠤᠯᠠᠬᠤ ᠶᠢᠨ ᠲᠥᠯᠥᠭᠡ᠂ ᠪᠦᠬᠦ ᠬᠤᠳᠠ ᠶᠢᠨ ᠥᠷᠭᠡᠨ ᠤᠯᠠᠨ ᠰᠠᠭᠤᠭᠠᠯᠢ ᠠᠷᠠᠳ ᠲᠤ ᠳᠣᠣᠷᠠᠬᠢ ᠬᠡᠳᠦᠨ | ᠵᠦᠢᠯ ᠢ ᠰᠠᠨᠠᠭᠠᠴᠢᠯᠠᠶ᠎ᠠ᠄ | ᠨᠢᠭᠡ᠂ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠠᠭᠠᠨ ᠰᠠᠷ᠎ᠠ ᠶᠢ ᠦᠩᠭᠡᠷᠡᠭᠦᠯᠵᠡᠭᠡᠶᠡ᠃ | | ᠥᠷᠭᠡᠨ ᠤᠯᠠᠨ ᠰᠠᠭᠤᠭᠠᠯᠢ ᠠᠷᠠᠳ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠨ ᠲᠣᠭᠤᠷᠢᠨ ᠢ ᠬᠠᠮᠠᠭᠠᠯᠠᠬᠤ | ᠱᠠᠭᠠᠷᠳᠠᠯᠭ᠎ᠠ ᠶᠣᠰᠣᠭᠠᠷ᠂ ᠪᠠᠶᠠᠷ ᠤᠨ ᠳᠠᠭᠤᠤ ᠬᠥᠭᠵᠢᠮ᠂ ᠰᠣᠷᠭᠤᠭ ᠴᠡᠴᠡᠭ ᠵᠡᠷᠭᠡ ᠠᠮᠤᠷ ᠲᠦᠪᠰᠢᠨ᠂ ᠣᠷᠴᠢᠨ | ᠲᠣᠭᠤᠷᠢᠨ ᠢ ᠬᠠᠮᠠᠭᠠᠯᠠᠬᠤ᠂ ᠳᠣᠣᠷ᠎ᠠ ᠨᠡᠭᠦᠷᠡᠰᠦᠲᠥ᠋ᠷᠥᠭᠴᠢᠲᠦ ᠠᠷᠭ᠎ᠠ ᠪᠠᠷ ᠪᠠᠶᠠᠷ ᠤᠨ ᠡᠳᠦᠷ ᠢ ᠪᠠᠶᠠᠷᠯᠠᠨ | ᠪᠡᠯᠭᠡᠯᠡᠵᠦ᠂ ᠪᠠᠶᠠᠷ ᠪᠠᠶᠠᠰᠤᠯ ᠢᠶᠠᠨ ᠳᠠᠮᠵᠢᠭᠤᠯᠬᠤ ᠶᠢᠨ ᠬᠠᠮᠲᠤ ᠤᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ | ᠪᠣᠬᠢᠷᠳᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠷᠭ᠎ᠠ ᠶᠢ ᠢᠯᠡᠭᠦᠬᠡᠨ ᠬᠡᠷᠡᠭᠯᠡᠵᠦ᠂ ᠠᠯᠢ ᠴᠢᠳᠠᠬᠤ ᠪᠠᠷ | ᠳᠤᠲᠠᠭᠤ ᠲᠡᠷᠭᠡ ᠵᠢᠯᠤᠭᠤᠳᠴᠤ᠂ ᠬᠠᠶᠠᠭᠳᠠᠮᠠᠯ ᠬᠡᠢ ᠭᠠᠳᠠᠭᠰᠢᠯᠠᠭᠤᠯᠬᠤ ᠶᠢ ᠪᠠᠭᠠᠰᠬᠠᠶ᠎ᠠ᠃ | ᠬᠤᠶᠠᠷ᠂ ᠪᠣᠯᠪᠠᠰᠤᠨ ᠡᠷᠡᠭᠦᠯ ᠮᠡᠨᠳᠦ ᠴᠠᠭᠠᠨ ᠰᠠᠷ᠎ᠠ ᠶᠢ ᠦᠩᠭᠡᠷᠡᠭᠦᠯᠵᠡᠭᠡᠶᠡ᠃ | ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠬᠤᠯᠠᠴᠢᠯᠠᠨ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ | ᠦᠭᠡᠢ᠂ ᠪᠣᠯᠪᠠᠰᠤᠨ ᠡᠷᠡᠭᠦᠯ ᠡᠩᠭᠡ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ︽ᠪᠣᠯᠪᠠᠰᠤᠨ ᠬᠤᠭᠤᠯᠠᠨ | ᠰᠢᠷᠡᠭᠡ︾ ᠶᠢᠨ ᠠᠵᠢᠯᠯᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠨᠡᠶᠢᠲᠡ ᠶᠢᠨ ᠰᠠᠪᠬ᠎ᠠ ᠰᠢᠨᠠᠭ᠎ᠠ ᠶᠢ | ᠬᠡᠷᠡᠭᠯᠡᠬᠦ ᠶᠢ ᠰᠠᠨᠠᠭᠠᠴᠢᠯᠠᠨ᠂ ᠬᠤᠪᠢᠳᠠᠨ ᠬᠤᠭᠤᠯᠠᠯᠠᠬᠤ ᠳᠦᠷᠢᠮ ᠢ ᠬᠡᠷᠡᠭᠵᠢᠬᠦᠯᠵᠦ᠂ ᠨᠢᠭᠡ ᠤᠳᠠᠭ᠎ᠠ ᠬᠡᠷᠡᠭᠯᠡᠬᠦ | ᠬᠤᠭᠤᠯᠠᠨ ᠰᠠᠪᠠ ᠬᠡᠷᠡᠭᠰᠡᠯ ᠢ ᠪᠠᠭᠠᠰᠬᠠᠨ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠪᠣᠯᠣᠨ ᠡᠷᠡᠭᠦᠯ | ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠠᠳᠤᠯᠠᠵᠦ᠂ ᠠᠮᠢᠳᠤᠷᠠᠯ ᠤᠨ ᠬᠤᠭ ᠨᠣᠪᠰᠢ ᠭᠠᠷᠬᠤ ᠬᠡᠮᠵᠢᠶ᠎ᠡ ᠶᠢ | ᠪᠠᠭᠠᠰᠬᠠᠨ᠂ ᠬᠤᠭ ᠨᠣᠪᠰᠢ ᠶᠢ ᠲᠥᠷᠥᠯ ᠬᠤᠪᠢᠶᠠᠬᠤ ᠳᠤ ᠢᠳᠡᠪᠬᠢᠲᠡᠢ ᠣᠷᠣᠯᠴᠠᠵᠤ᠂ ᠪᠦᠷᠢᠯᠭᠡᠨ ᠰᠦᠢᠳᠬᠡᠬᠦ | ᠵᠡᠷᠭᠡ ᠣᠷᠴᠢᠨ ᠲᠣᠭᠤᠷᠢᠨ ᠳᠤ ᠬᠤᠤᠷ ᠬᠦᠨᠦᠭᠡᠯ ᠲᠠᠢ ᠥᠢᠯᠡ ᠠᠵᠢᠯᠯᠠᠭ᠎ᠠ ᠶᠢ ᠲᠠᠶᠠᠬᠳᠠᠨᠠ᠃ | ᠭᠤᠷᠪᠠ᠂ ᠡᠳᠦᠷ ᠲᠤᠲᠤᠮ ᠤᠨ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢ ᠰᠠᠶᠢᠳᠤᠷ ᠬᠢᠵᠡᠭᠡᠶ᠎ᠡ᠃ | ᠵᠢᠯ ᠤᠨ ᠡᠴᠦᠰ ᠪᠣᠯᠬᠤ ᠳᠤ᠂ ᠨᠤᠲᠤᠭ ᠲᠠᠭᠠᠨ ᠪᠤᠴᠠᠬᠤ ᠬᠥᠮᠥᠰ ᠤᠯᠠᠰᠢᠷᠠᠬᠰᠠᠨ ᠠᠴᠠ ᠬᠢᠵᠢᠭ ᠤᠨ | ᠪᠠᠶᠢᠳᠠᠯ ᠢ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠨ᠂ ᠴᠥᠭᠡᠨ ᠴᠤᠭᠯᠠᠷᠠᠨ ᠢᠯᠡᠭᠦᠬᠡᠨ ᠰᠠᠯᠬᠢ | ᠨᠠᠪᠲᠠᠷᠡᠭᠦᠯᠵᠦ᠂ ᠡᠳᠦᠷ ᠲᠤᠲᠤᠮ ᠤᠨ ᠠᠵᠢᠯ ᠳᠠᠭᠠᠨ ᠭᠠᠷ ᠢᠶᠠᠨ ᠰᠠᠶᠢᠲᠤᠷ ᠤᠬᠢᠶᠠᠬᠤ᠂ ᠠᠮᠠᠪᠴᠢ ᠵᠡᠭᠦᠬᠦ᠂ ᠨᠢᠭᠡ | ᠮᠧᠲᠷ ᠤᠨ ᠱᠤᠭᠤᠮ ᠢ ᠪᠠᠷᠢᠮᠳᠠᠯᠠᠬᠤ ︽ᠬᠢᠵᠢᠭ ᠢ ᠰᠡᠷᠭᠡᠶᠢᠯᠡᠬᠦ ᠭᠤᠷᠪᠠᠨ ᠢᠵᠢ︾ ᠶᠢ ᠰᠠᠶᠢᠲᠤᠷ ᠪᠠᠷᠢᠮᠳᠠᠯᠠᠨ᠂ | ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠵᠢᠯᠴᠠᠨ ᠨᠤᠲᠤᠭ ᠲᠠᠭᠠᠨ ᠪᠤᠴᠠᠬᠤ ᠳᠤ ᠮᠡᠳᠡᠭᠦᠯᠦᠨ ᠳᠠᠩᠰᠠᠯᠠᠭᠤᠯᠬᠤ | ᠠᠵᠢᠯ ᠢ ᠰᠠᠶᠢᠲᠤᠷ ᠬᠢᠨ᠎ᠡ᠃ | ᠳᠥᠷᠪᠡ᠂ ᠴᠠᠭᠠᠨ ᠰᠠᠷ᠎ᠠ ᠶᠢ ᠴᠡᠪᠡᠷ ᠴᠡᠮᠴᠡᠭᠡᠷ ᠤᠬᠳᠤᠵᠠᠭᠠᠶᠠ᠃ | ᠬᠥᠮᠥᠨ ᠪᠦᠬᠦᠨ ᠭᠠᠷ ᠬᠥᠳᠡᠯᠦᠨ᠂ ᠭᠡᠷ ᠤᠨ ᠳᠣᠲᠣᠨ᠎ᠠ ᠭᠠᠳᠠᠨ᠎ᠠ᠂ ᠲᠣᠭᠤᠭᠠᠨ ᠭᠡᠷ ᠤᠨ ᠨᠠᠷᠠᠪᠴᠢ᠂ | ᠠᠰᠠᠷ ᠤᠨ ᠬᠤᠩᠭᠢᠯ ᠤᠨ ᠬᠦᠷᠢᠶ᠎ᠡ ᠬᠠᠰᠢᠶ᠎ᠠ᠂ ᠵᠢᠵᠢᠭ ᠲᠣᠭᠤᠷᠢᠭ ᠤᠨ ᠣᠷᠴᠢᠨ ᠲᠣᠭᠤᠷᠢᠨ ᠤ ᠶᠡᠭᠡ | ᠴᠡᠪᠡᠷᠯᠡᠯᠲᠡ ᠶᠢ ᠥᠷᠨᠢᠭᠦᠯᠵᠦ᠂ ᠡᠯᠳᠡᠪ ᠶᠠᠭᠤᠮ᠎ᠠ᠂ ᠬᠤᠭ ᠨᠣᠪᠰᠢ ᠪᠠᠨ ᠴᠡᠪᠡᠷᠯᠡᠵᠦ᠂ ︽ᠳᠥᠷᠪᠡᠨ ᠬᠤᠣᠷ︾ ᠢ | ᠠᠷᠢᠯᠭᠠᠨ᠂ ᠴᠡᠪᠡᠷ ᠲᠡᠭᠰᠢ ᠣᠷᠴᠢᠨ ᠲᠣᠭᠤᠷᠢᠨ ᠢ ᠪᠣᠶ ᠪᠤᠯᠭᠠᠨ᠂ ᠴᠡᠪᠡᠷ ᠴᠡᠮᠴᠡᠭᠡᠷ᠂ ᠪᠠᠶᠠᠷ | ᠪᠠᠶᠠᠰᠬᠤᠯᠠᠩ ᠲᠠᠢ ᠪᠠᠷ ᠴᠠᠭᠠᠨ ᠰᠠᠷ᠎ᠠ ᠶᠢ ᠤᠬᠳᠤᠨ᠎ᠠ᠃ | ᠲᠠᠪᠤ᠂ ᠲᠠᠮᠠᠬᠢ ᠦᠭᠡᠢ ᠠᠷᠢᠬᠢ ᠪᠠᠭ᠎ᠠ ᠪᠠᠷ ᠪᠠᠶᠠᠷ ᠤᠨ ᠡᠳᠦᠷ ᠢ ᠦᠩᠭᠡᠷᠡᠭᠦᠯᠵᠡᠭᠡᠶᠡ᠃ | ᠪᠠᠶᠠᠷ ᠳᠤᠷᠠᠰᠬᠠᠯ᠂ ᠠᠮᠠᠷᠠᠯᠲᠠ ᠶᠢᠨ ᠴᠤᠭᠯᠠᠭᠠᠨ ᠳᠤ ᠲᠠᠮᠠᠬᠢ ᠬᠦᠷᠭᠡᠬᠦ ᠦᠭᠡᠢ᠂ ᠲᠠᠮᠠᠬᠢ ᠪᠠᠷᠢᠬᠤ ᠦᠭᠡᠢ᠂ | ᠠᠷᠢᠬᠢ ᠪᠠᠭ᠎ᠠ ᠤᠤᠭᠤᠵᠤ᠂ ᠪᠤᠰᠤᠳ ᠤᠨ ᠡᠮᠦᠨ᠎ᠡ ᠲᠠᠮᠠᠬᠢ ᠲᠠᠲᠠᠬᠤ ᠦᠭᠡᠢ᠂ ᠭᠠᠷ ᠳᠠᠮᠵᠢᠬᠤ ᠲᠠᠮᠠᠬᠢ ᠶᠢ | ᠵᠣᠷᠢᠭᠲᠠᠢ ᠪᠠᠷ ᠲᠡᠪᠴᠢᠨ᠂ ᠲᠠᠮᠠᠬᠢᠨ ᠤ ᠤᠳᠤᠭ᠎ᠠ ᠭᠠᠷᠭᠠᠬᠤ ᠦᠭᠡᠢ ᠪᠠᠶᠢᠵᠤ᠂ ᠥᠷᠭᠡᠨ ᠣᠯᠠᠨ ᠲᠦᠮᠡᠨ ᠢ | ᠲᠠᠮᠠᠬᠢᠨ ᠤᠳᠤᠭ᠎ᠠ ᠦᠭᠡᠢ ᠡᠷᠡᠭᠦᠯ ᠰᠠᠶᠢᠬᠠᠨ ᠪᠠᠶᠠᠷ ᠤᠨ ᠡᠳᠦᠷ ᠢ ᠦᠩᠭᠡᠷᠡᠭᠦᠯᠦᠨ᠎ᠡ᠃ | ᠪᠢᠳᠡ ᠢᠳᠡᠪᠬᠢᠲᠡᠢ ᠪᠠᠷ ᠬᠦᠳᠡᠯᠦᠯᠴᠡᠨ᠂ ᠪᠣᠯᠪᠠᠰᠤᠨ ᠢᠶᠠᠷ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ | ᠰᠢᠨ᠎ᠡ ᠬᠡᠪ ᠰᠤᠷᠲᠠᠯ ᠢ ᠰᠠᠨᠠᠭᠠᠴᠢᠯᠠᠵᠤ᠂ ᠪᠦᠬᠦ ᠬᠤᠳᠠ ᠶᠢᠨ ᠥᠷᠭᠡᠨ ᠤᠯᠠᠨ ᠲᠦᠮᠡᠨ ᠳᠤ ᠨᠢᠭᠡᠨ ᠭᠤᠶᠢᠳᠠ | ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠨ᠂ ᠤᠳᠤ ᠠᠴᠠ ᠡᠬᠢᠯᠡᠨ ᠬᠤᠪᠢ ᠪᠡᠶ᠎ᠡ ᠠᠴᠠ ᠪᠠᠨ | ᠡᠬᠢᠯᠡᠨ ᠬᠢᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠡᠶ᠎ᠡ ᠨᠠᠶᠢᠷᠠᠮᠳᠠᠭᠤ᠂ ᠪᠣᠯᠪᠠᠰᠤᠨ᠂ ᠡᠷᠡᠭᠦᠯ | ᠰᠠᠷᠠᠭᠤᠯ ᠴᠠᠭᠠᠨ ᠰᠠᠷ᠎ᠠ ᠶᠢ ᠦᠩᠭᠡᠷᠡᠭᠦᠯᠵᠡᠭᠡᠶᠡ︕ | | | ᠹᠧᠩᠵᠧᠨ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ | ᠵᠦᠪᠯᠡᠯ ᠤᠨ ᠠᠯᠪᠠᠨ ᠭᠡᠷ | 2022 ᠣᠨ ᠤ 1 ᠰᠠᠷ᠎ᠠ ᠶᠢᠨ 26 ᠤ ᠡᠳᠦᠷ | | | ᠤᠷᠴᠢᠭᠤᠯᠤᠬᠴᠢ᠄ ᠬᠠᠨ ᠰᠢᠶᠤᠤ ᠿᠦᠩ | ᠬᠢᠨᠠᠬᠴᠢ᠄ ᠼᠦᠢ ᠶᠢᠩ |