| ︽ᠤᠯᠠᠭᠠᠨᠴᠠᠪ ᠬᠤᠲᠠ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ | ᠭᠤᠷᠪᠠᠨ ᠵᠢᠯ ᠤᠨ ᠠᠵᠢᠯᠯᠠᠭ᠎ᠠ ᠶᠢᠨ ᠪᠣᠳᠠᠲᠠᠶ ᠠᠷᠭ᠎ᠠ ᠬᠡᠮᠵᠢᠶ᠎ᠡ ᠶᠢ ᠲᠤᠭᠤᠰᠢᠯᠠᠭᠤᠯᠬᠤ ᠲᠥᠰᠦᠯ︾ ︵ᠤᠯᠠᠭᠠᠨᠴᠠᠪ | ᠬᠤᠲᠠ ᠶᠢᠨ ᠨᠠᠮ ᠤᠨ ᠠᠯᠪᠠᠨ ᠲᠠᠷᠬᠠᠭᠠᠭᠰᠠᠨ ︹ 2021 ︺ 1 ᠳ᠋ᠦᠭᠡᠷ ᠲᠣᠭᠠᠲᠤ︶ ᠪᠣᠯᠤᠨ ︽ᠥᠪᠡᠷᠲᠡᠭᠡᠨ | ᠵᠠᠰᠠᠬᠤ ᠣᠷᠣᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ | ᠠᠵᠢᠯᠯᠠᠭ᠎ᠠ ᠶᠢᠨ ᠲᠤᠰᠬᠠᠶ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠬᠤ | ᠲᠤᠬᠠᠶ ᠴᠡᠭᠴᠡᠯᠡᠨ ᠰᠠᠶᠢᠵᠢᠷᠠᠭᠤᠯᠬᠤ ᠲᠥᠰᠦᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠵᠤ᠂ ᠤᠯᠤᠰ ᠤᠨ ᠥᠮᠴᠢᠯᠡᠯᠲᠦ | ᠬᠥᠷᠥᠩᠭᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠠᠮᠢᠵᠢᠷᠠᠯ ᠤᠨ ᠬᠦᠴᠦᠨ ᠢ ᠴᠢᠩᠭᠠᠷᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶ ᠶᠢᠨ ᠬᠦᠴᠦᠨ | ᠴᠢᠳᠠᠪᠤᠷᠢ ᠶᠢ ᠳᠡᠭᠡᠭᠰᠢᠯᠡᠭᠦᠯᠦᠨ᠂ ᠹᠧᠩᠵᠧᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ᠂ ᠮᠠᠨ ᠤ ᠬᠤᠲᠠ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠤᠳᠠᠳᠤ ᠪᠠᠶᠢᠳᠠᠯ ᠢ | ᠦᠨᠳᠤᠰᠦᠯᠡᠨ ᠲᠤᠰ ᠲᠦᠰᠦᠯ ᠢ ᠲᠤᠬᠳᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠵᠤ᠂ | ᠬᠥᠭᠵᠢᠯᠲᠡ ᠶᠢᠨ ᠶᠡᠭᠡ ᠲᠠᠯ᠎ᠠ ᠶᠢᠨ ᠦᠨᠳᠦᠷᠴᠡ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠠᠵᠢᠯ ᠢ ᠲᠠᠨᠢᠵᠤ᠂ ᠠᠵᠤ ᠠᠬᠤᠶᠢᠯᠠᠯ ᠤᠨ ᠥᠮᠴᠢᠯᠡᠯ ᠤᠨ ᠡᠷᠬᠡ ᠶᠢᠨ ᠥᠭᠡᠷᠡᠴᠢᠯᠡᠯᠲᠡ ᠶᠢ | ᠠᠬᠢᠭᠤᠯᠵᠤ᠂ ᠤᠯᠤᠰ ᠤᠨ ᠥᠮᠴᠢᠯᠡᠯ ᠤᠨ ᠲᠤᠰᠠᠭᠠᠷ ᠪᠡᠯᠡ ᠣᠷᠣᠭᠤᠯᠤᠯᠲᠠ ᠠᠴᠠ ᠰᠲ᠋ᠣᠺ ᠤᠨ ᠡᠷᠬᠡ ᠶᠢᠨ ᠤᠯᠠᠨᠡᠳ᠋ | ᠬᠦᠷᠦᠩᠭᠡ ᠶᠢ ᠪᠦᠲᠦᠮᠵᠢᠲᠡᠶ ᠪᠠᠷ ᠲᠥᠪᠯᠡᠷᠡᠭᠦᠯᠦᠨ ᠡᠮᠬᠢᠯᠡᠨ ᠨᠡᠶᠢᠯᠡᠭᠦᠯᠬᠦ ᠶᠢ ᠲᠦᠯᠬᠢᠨ ᠠᠬᠢᠭᠤᠯᠵᠤ᠂ ᠴᠢᠨᠠᠷ | ᠰᠠᠶᠢᠲᠠᠶ ᠡᠬᠢ ᠪᠠᠶᠠᠯᠢᠭ ᠢ ᠳᠠᠪᠠᠭᠤᠯᠢᠭ ᠠᠵᠤ ᠠᠬᠤᠶᠢᠯᠠᠯ ᠳᠤ ᠲᠥᠪᠯᠡᠷᠡᠭᠦᠯᠦᠨ᠎ᠡ᠃ ᠡᠵᠡᠩᠨᠡᠯᠲᠡ ᠶᠢᠨ | ᠲᠣᠭᠲᠠᠴᠠ ᠶᠢᠨ ᠬᠤᠪᠢᠷᠠᠭᠤᠯᠤᠯᠲᠠ ᠶᠢ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠠᠵᠢᠯᠯᠠᠭᠠᠨ ᠢ ᠵᠠᠰᠠᠭ ᠵᠠᠬᠢᠷᠭᠠᠨ ᠤ ᠬᠠᠮᠢᠶᠠᠷᠤᠯᠲᠠ ᠪᠠᠷ ᠭᠤᠣᠯ ᠪᠣᠯᠭᠠᠵᠤ ᠪᠠᠶᠢᠭᠰᠠᠨ ᠠᠴᠠ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠲᠦᠷᠦᠯ ᠬᠤᠪᠢᠶᠠᠭᠰᠠᠨ ᠥᠭᠡᠷᠡᠴᠢᠯᠡᠯᠲᠡ ᠶᠢ ᠬᠡᠷᠡᠭᠵᠢᠭᠦᠯᠵᠦ᠂ ᠤᠯᠤᠰ ᠤᠨ | ᠥᠮᠴᠢᠯᠡᠯ ᠤᠨ ᠬᠦᠷᠦᠩᠭᠡ ᠶᠢᠨ ᠦᠷ᠎ᠡ ᠠᠰᠢᠭ ᠢ ᠳᠡᠭᠡᠭᠰᠢᠯᠡᠭᠦᠯᠬᠦ᠂ ᠪᠦᠬᠦ ᠬᠤᠳᠠ ᠶᠢᠨ ᠬᠥᠭᠵᠢᠯᠲᠡ ᠳᠤ | ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠬᠦ ᠪᠠᠷ ᠭᠤᠣᠯ ᠪᠣᠯᠭᠠᠵᠤ᠂ ᠨᠠᠮ ᠤᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠤᠯᠤᠰ ᠤᠨ ᠥᠮᠴᠢᠯᠡᠯ ᠤᠨ ᠬᠦᠷᠦᠩᠭᠡ ᠶᠢ | ᠰᠢᠯᠢᠳᠡᠭᠵᠢᠭᠦᠯᠦᠨ ᠪᠠᠶᠢᠷᠢᠰᠢᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠤᠯᠤᠰ ᠲᠥᠷᠥ ᠪᠠᠷ ᠬᠥᠲᠥᠯᠦᠨ ᠳᠠᠭᠠᠭᠤᠯᠬᠤ᠂ ᠪᠡᠷᠬᠡ ᠶᠢ ᠰᠢᠪᠲᠤᠯᠤᠨ ᠪᠡᠷᠬᠡ ᠶᠢ ᠳᠠᠪᠠᠭ᠋ᠤ | ᠵᠠᠷᠴᠢᠮ ᠢ ᠪᠠᠷᠢᠮᠲᠠᠯᠠᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ ᠪᠣᠯᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ | ᠥᠭᠦᠯᠡᠯᠲᠡ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠨᠵᠢᠯᠡᠬᠦ ᠤᠬᠠᠭᠠᠨᠴᠢ ᠵᠦᠭᠯᠡᠭᠦᠷ ᠪᠣᠯᠭᠠᠵᠤ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠢ | ᠶᠡᠷᠦᠩᠬᠡᠶᠢᠯᠡᠨ ᠵᠢᠯᠣᠭᠤᠳᠴᠤ᠂ ᠵᠣᠷᠢᠭᠲᠠᠢ ᠪᠠᠷ ᠬᠠᠲᠠᠭᠤ ᠶᠢ ᠬᠦᠨᠳᠡᠵᠤ᠂ ᠡᠷᠡᠰ ᠴᠢᠩᠭ᠎ᠠ ᠡᠷᠡᠰ ᠵᠣᠷᠢᠭ᠂ ᠡᠷᠡᠰ | ᠪᠠᠲᠤ ᠵᠣᠷᠢᠭ ᠰᠠᠨᠠᠭ᠎ᠠ᠂ ᠨᠡᠩ ᠶᠡᠭᠡ ᠡᠷᠴᠢᠮ ᠢᠶᠠᠷ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ | ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠪᠠ᠃ | ︵ᠬᠤᠶᠠᠷ︶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ | ᠵᠠᠷᠴᠢᠮ ᠢ ᠪᠠᠷᠢᠮᠲᠠᠯᠠᠨ᠎ᠠ᠃ ᠮᠠᠨ ᠤ ᠬᠤᠲᠠ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠣᠳᠠᠲᠤ | ᠪᠠᠶᠢᠳᠠᠯ ᠲᠠᠢ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠳᠤ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ᠂ | ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠠᠷᠠᠯᠲᠠ ᠶᠢ ᠦᠨᠡᠨ ᠬᠦ ᠬᠡᠷᠡᠭᠵᠢᠭᠦᠯᠵᠦ ᠪᠣᠯᠬᠤ᠂ | ᠠᠷᠭ᠎ᠠ ᠬᠡᠮᠵᠢᠶ᠎ᠡ ᠶᠢ ᠪᠣᠳᠠᠲᠠᠢ ᠶᠢ ᠡᠷᠬᠢᠮᠯᠡᠨ ᠦᠢᠯᠡᠳᠦᠯ ᠲᠠᠢ᠂ ᠱᠠᠭᠠᠷᠳᠠᠯᠭ᠎ᠠ ᠶᠢ ᠲᠣᠳᠣᠷᠬᠠᠢ ᠪᠥᠭᠡᠳ ᠪᠣᠳᠠᠲᠠᠢ᠂ | ᠬᠢᠨᠠᠨ ᠪᠠᠶᠢᠴᠠᠭᠠᠵᠤ ᠪᠣᠯᠬᠤ︾ ᠠᠵᠢᠯ ᠤᠨ ᠪᠠᠷᠢᠮᠵᠢᠶ᠎ᠠ ᠪᠠᠷ ᠪᠣᠭᠤᠮᠲᠠ ᠰᠢᠪᠲᠤᠯᠤᠨ ᠬᠦᠴᠦᠯᠡᠵᠦ᠂ ᠦᠨᠡᠨ ᠢ | ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠨᠢᠭᠡ ᠨᠢᠭᠡ ᠪᠠᠷ ᠠᠬᠢᠭᠤᠯᠵᠤ᠂ ᠨᠢᠭᠡ ᠨᠢᠭᠡ ᠪᠠᠷ ᠨᠠᠶᠢᠳᠠᠪᠤᠷᠢᠵᠢᠭᠤᠯᠤᠨ᠎ᠠ᠃ | ︵ᠭᠤᠷᠪᠠ︶ ᠲᠦᠭᠰᠢᠭᠦᠷᠢ ᠶᠢ ᠡᠵᠡᠮᠳᠡᠵᠦ ᠪᠣᠯᠬᠤ᠂ ᠢᠳᠡᠪᠬᠢᠲᠡᠶ ᠪᠥᠭᠡᠳ ᠯᠠᠪᠳᠠᠭᠤᠨ ᠪᠠᠶᠢᠬᠤ ᠵᠠᠷᠴᠢᠮ ᠢ | ᠪᠠᠷᠢᠮᠲᠠᠯᠠᠨ᠎ᠠ᠃ ᠠᠶᠤᠯ ᠲᠦᠭᠰᠢᠭᠦᠷᠢ ᠶᠢ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠨ ᠠᠷᠢᠯᠭᠠᠬᠤ ᠶᠢ ᠴᠢᠬᠤᠯᠠ | ᠪᠠᠶᠢᠷᠢᠨ ᠳᠤ ᠲᠠᠯᠪᠢᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠪᠠᠴᠢᠮ ᠪᠠᠶᠢᠳᠠᠯ ᠢ ᠠᠷᠭᠠᠴᠠᠭᠠᠨ | ᠠᠯᠤᠰ ᠢ ᠪᠣᠳᠣᠯᠬᠢᠯᠠᠵᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠠᠶᠤᠯ | ᠲᠦᠭᠰᠢᠭᠦᠷᠢ ᠶᠢ ᠵᠢᠭᠰᠠᠭᠠᠨ ᠪᠠᠶᠢᠴᠠᠭᠠᠬᠤ᠂ ᠤᠷᠢᠳᠴᠢᠯᠠᠨ ᠰᠡᠷᠡᠮᠵᠢᠯᠡᠭᠦᠯᠬᠦ ᠪᠠ ᠰᠢᠢᠳᠪᠦᠷᠢᠯᠡᠬᠦ ᠶᠢ ᠴᠢᠩᠭᠠᠳᠬᠠᠵᠤ᠂ | ᠠᠵᠤ ᠠᠬᠤᠶᠢᠯᠠᠯ ᠢ ᠡᠮᠬᠢᠯᠡᠨ ᠨᠡᠶᠢᠯᠡᠭᠦᠯᠬᠦ᠂ ᠡᠳ᠋ ᠬᠦᠷᠦᠩᠭᠡ ᠶᠢ ᠲᠠᠬᠢᠨ ᠵᠣᠬᠢᠶᠠᠨ ᠪᠠᠶᠢᠭᠤᠯᠬᠤ᠂ ᠥᠷᠢ | ᠥᠭᠴᠡᠭᠡ ᠶᠢ ᠰᠢᠢᠳᠪᠦᠷᠢᠯᠡᠬᠦ ᠵᠡᠷᠭᠡ ᠠᠰᠠᠭᠤᠳᠠᠯ ᠠᠴᠠ ᠪᠣᠯᠤᠭᠰᠠᠨ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ | ᠠᠷᠢᠯᠭᠠᠵᠤ᠂ ᠨᠡᠶᠢᠭᠡᠮ ᠪᠠ ᠠᠵᠤ ᠠᠬᠤᠶᠢᠯᠠᠯ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠨ᠎ᠠ᠃ | ᠭᠤᠷᠪᠠ᠂ ᠲᠥᠷᠥᠯ ᠬᠤᠪᠢᠶᠠᠨ ᠥᠭᠡᠷᠡᠴᠢᠯᠡᠬᠦ | ︵ᠨᠢᠭᠡ︶ ᠺᠣᠮᠫᠠᠨᠢ ᠶᠢᠨ ᠲᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠦᠨ᠎ᠡ | ᠺᠣᠮᠫᠠᠨᠢ ᠶᠢᠨ ᠳᠦᠷᠢᠮ ᠪᠣᠯ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠤᠨ ᠪᠦᠲᠦᠮᠵᠢᠲᠡᠶ | ᠵᠣᠬᠢᠶᠠᠨ ᠪᠠᠶᠢᠭᠤᠯᠤᠯᠲᠠ ᠶᠢᠨ ᠬᠡᠯᠪᠡᠷᠢ ᠪᠣᠯᠤᠨ᠎ᠠ᠃ ᠺᠣᠮᠫᠠᠨᠢ ᠶᠢᠨ ᠲᠦᠷᠢᠮ ᠤᠨ ᠥᠭᠡᠷᠡᠴᠢᠯᠡᠯᠲᠡ ᠬᠢᠭᠡᠳᠦᠶ | ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ︽ᠺᠣᠮᠫᠠᠨᠢ ᠶᠢᠨ ᠬᠠᠤᠯᠢ︾ ᠶᠢᠨ ᠱᠠᠭᠠᠷᠳᠠᠯᠭ᠎ᠠ ᠶᠣᠰᠣᠭᠠᠷ᠂ | ᠪᠦᠬᠦᠯᠢ ᠴᠣᠭᠴᠠ ᠪᠠᠷ ᠨᠢ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯᠭᠠᠨ ᠥᠭᠡᠷᠡᠴᠢᠯᠡᠵᠦ᠂ ᠬᠥᠭᠵᠢᠯᠲᠡ ᠶᠢᠨ | ᠬᠢᠷᠢ ᠬᠡᠮᠵᠢᠶ᠎ᠡ ᠶᠢ ᠦᠨᠳᠦᠰᠦᠯᠡᠨ᠂ ᠪᠠᠯᠠ ᠣᠷᠣᠭᠤᠯᠤᠯᠲᠠ ᠶᠢᠨ ᠭᠤᠤᠯ ᠴᠣᠭᠴᠠ ᠶᠢ ᠬᠤᠪᠢᠷᠠᠭᠤᠯᠬᠤ ᠥᠬᠡᠶ | ᠪᠠᠶᠢᠵᠤ᠂ ᠤᠤᠯ ᠤᠨ ᠠᠵᠤ ᠠᠬᠤᠶᠢᠯᠠᠯ ᠤᠨ ᠪᠣᠶ ᠪᠥᠬᠦᠶ ᠡᠳ᠋ ᠬᠥᠷᠥᠩᠭᠡ ᠶᠢ ᠵᠠᠯᠭᠠᠨ ᠠᠪᠴᠤ᠂ ᠠᠵᠤ | ᠠᠬᠤᠶᠢᠯᠠᠯ ᠤᠨ ᠵᠣᠬᠢᠶᠠᠨ ᠪᠠᠶᠢᠭᠤᠯᠤᠯᠲᠠ ᠶᠢᠨ ᠬᠡᠯᠪᠡᠷᠢ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠲᠣᠰ | ᠲᠥᠷᠥᠯ ᠤᠨ ᠠᠵᠤ ᠠᠬᠤᠶᠢᠯᠠᠯ ᠤᠳ ᠺᠣᠮᠫᠠᠨᠢ ᠶᠢᠨ ᠲᠦᠷᠢᠮ ᠤᠨ ᠥᠭᠡᠷᠡᠴᠢᠯᠡᠯᠲᠡ ᠶᠢᠨ ᠠᠷᠭ᠎ᠠ ᠮᠠᠶ᠋ᠢᠭ ᠢ | ᠰᠣᠩᠭᠤᠵᠤ᠂ ᠪᠦᠲᠦᠮᠵᠢᠲᠡᠶ ᠬᠠᠷᠢᠯᠴᠠᠨ ᠬᠢᠵᠠᠭᠠᠷᠯᠠᠭᠰᠠᠨ ᠺᠣᠮᠫᠠᠨᠢ ᠶᠢᠨ ᠬᠠᠤᠯᠢ ᠶᠢᠨ ᠡᠷᠬᠡᠲᠡᠨ ᠤ ᠵᠠᠰᠠᠬᠤ | ᠪᠦᠲᠦᠴᠡ᠂ ᠠᠮᠢᠳᠤᠯᠢᠭ ᠪᠥᠭᠡᠳ ᠥᠨᠳᠥᠷ ᠪᠦᠲᠦᠮᠵᠢᠲᠡᠶ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ | ᠲᠣᠭᠲᠠᠴᠠ ᠶᠢ ᠪᠣᠶ ᠪᠣᠯᠭᠠᠨ᠎ᠠ᠃ | ︵ᠬᠤᠶᠠᠷ︶ ᠬᠤᠯᠢᠮᠠᠭ ᠥᠮᠴᠢᠯᠡᠯ ᠤᠨ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠢ ᠯᠠᠪᠳᠠᠭᠤᠨ ᠢᠶᠠᠷ | ᠭᠦᠨᠵᠡᠭᠡᠶᠢᠷᠡᠭᠦᠯᠦᠨ᠎ᠡ | ᠪᠢᠴᠢᠯ ᠳᠡᠰ ᠳᠠᠪᠬᠤᠷᠭ᠎ᠠ ᠶᠢᠨ ︽ᠬᠤᠯᠢᠮᠠᠭ ᠥᠭᠡᠷᠡᠴᠢᠯᠡᠯᠲᠡ︾ ᠪᠣᠯ ᠠᠳᠠᠯᠢ ᠪᠤᠰᠤ ᠥᠮᠴᠢᠯᠡᠯ ᠤᠨ | ᠠᠵᠤ ᠠᠬᠤᠶ ᠶᠢᠨ ᠬᠥᠷᠥᠩᠭᠡ ᠶᠢᠨ ᠬᠠᠷᠢᠯᠴᠠᠨ ᠬᠤᠪᠢ ᠣᠷᠣᠭᠤᠯᠤᠭᠠᠳ ᠪᠦᠷᠢᠯᠳᠦᠭᠰᠡᠨ ᠠᠵᠤ ᠠᠬᠤᠶ ᠶᠢᠨ ᠬᠡᠯᠪᠡᠷᠢ | ᠪᠣᠯᠤᠨ᠎ᠠ᠃ ᠵᠠᠰᠠᠭ ᠵᠠᠬᠢᠷᠭᠠᠨ ᠤ ᠮᠣᠨᠣᠫᠣᠯᠢᠴᠢᠯᠠᠯ ᠣᠷᠣᠰᠢᠬᠤ ᠦᠭᠡᠢ᠂ ᠨᠡᠯᠢᠶᠡᠳ ᠴᠢᠩᠭ᠎ᠠ ᠵᠠᠬ᠎ᠠ ᠳᠡᠯᠭᠡᠭᠦᠷ ᠤᠨ | ᠥᠷᠢᠰᠥᠯᠳᠦᠬᠦ ᠬᠦᠴᠦᠨ ᠲᠠᠢ᠂ ᠶᠠᠭ ᠶᠡᠭᠡ ᠠᠴᠠ ᠬᠦᠴᠦᠷᠬᠡᠭ ᠲᠡᠶᠢᠰᠢ ᠤᠷᠤᠭᠰᠢᠯᠠᠵᠤ ᠪᠠᠶᠢᠭ᠎ᠠ ᠤᠯᠤᠰ ᠤᠨ | ᠥᠮᠴᠢᠯᠡᠯ ᠤᠨ ᠠᠵᠤ ᠠᠬᠤᠶᠢᠯᠠᠯ ᠳᠤ ︽ᠺᠣᠮᠫᠠᠨᠢ ᠶᠢᠨ ᠬᠠᠤᠯᠢ︾ ᠵᠡᠷᠭᠡ ᠬᠠᠤᠯᠢ ᠴᠠᠭᠠᠵᠠ ᠶᠢᠨ ᠲᠣᠭᠲᠠᠭᠠᠯ | ᠶᠣᠰᠣᠭᠠᠷ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠦᠨᠳᠦᠰᠦᠯᠡᠨ᠂ ᠪᠡᠯᠡ ᠮᠥᠩᠭᠦ᠂ ᠡᠳ᠋ ᠬᠦᠷᠦᠩᠭᠡ᠂ ᠲᠧᠭᠨᠢᠭ | ᠮᠡᠷᠭᠡᠵᠢᠯ ᠵᠡᠷᠭᠡ ᠤᠯᠠᠨ ᠵᠦᠢᠯ ᠤᠨ ᠡᠬᠢ ᠪᠠᠶᠠᠯᠢᠭ ᠢ ᠪᠡᠯᠡ ᠭᠠᠷᠭᠠᠬᠤ ᠬᠡᠯᠪᠡᠷᠢ ᠪᠠᠷ ᠲᠥᠪᠯᠡᠷᠡᠭᠦᠯᠵᠦ᠂ ᠬᠡᠪᠴᠢᠶᠡᠲᠦ | ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢ ᠪᠡᠶᠡᠯᠡᠭᠦᠯᠵᠦ᠂ ᠡᠬᠢ ᠪᠠᠶᠠᠯᠢᠭ ᠢ ᠵᠦᠢ ᠵᠣᠬᠢᠰᠲᠠᠶ ᠪᠠᠷ ᠲᠣᠬᠢᠷᠠᠭᠤᠯᠵᠤ᠂ | ᠠᠵᠤ ᠠᠬᠤᠶᠢᠯᠠᠯ ᠤᠨ ᠥᠪᠡᠷ ᠤᠨ ᠬᠥᠭᠵᠢᠯᠲᠡ ᠶᠢ ᠲᠦᠷᠭᠡᠳᠬᠡᠨ᠎ᠡ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠲᠤᠰ ᠪᠡᠶ᠎ᠡ ᠶᠢᠨ ᠬᠥᠭᠵᠢᠯᠲᠡ ᠶᠢ ᠲᠦᠷᠭᠡᠳᠬᠡᠬᠦ ᠶᠢᠨ ᠲᠥᠯᠥᠭᠡ ᠵᠠᠰᠠᠭ ᠵᠠᠬᠢᠷᠭᠠᠨ ᠤ | ᠮᠣᠨᠣᠫᠣᠯᠢᠴᠢᠯᠠᠯ ᠣᠷᠣᠰᠢᠬᠤ ᠦᠭᠡᠢ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢ ᠪᠡᠶᠡᠯᠡᠭᠦᠯᠵᠦ᠂ ᠡᠬᠢ ᠪᠠᠶᠠᠯᠢᠭ ᠢ | ᠵᠦᠢ ᠵᠣᠬᠢᠰᠲᠠᠶ ᠪᠠᠷ ᠲᠣᠬᠢᠷᠠᠭᠤᠯᠵᠤ᠂ ᠠᠵᠤ ᠠᠬᠤᠶᠢᠯᠠᠯ ᠤᠨ ᠲᠤᠰ ᠪᠡᠶ᠎ᠡ ᠶᠢᠨ ᠬᠥᠭᠵᠢᠯᠲᠡ ᠶᠢ ᠲᠦᠷᠭᠡᠳᠬᠡᠨ᠎ᠡ᠃ | ᠡᠨᠡ ᠲᠦᠷᠦᠯ ᠤᠨ ᠠᠵᠤ ᠠᠬᠤᠶᠢᠯᠠᠯ ᠨᠢ ᠥᠮᠴᠢᠯᠡᠯ ᠤᠨ ᠡᠷᠬᠡ ᠶᠢᠨ ᠭᠤᠣᠯ ᠴᠣᠭᠴᠠ ᠶᠢᠨ ᠤᠯᠠᠨ ᠡᠰᠢᠴᠢᠯᠡᠭᠰᠡᠨ | ᠬᠤᠪᠢ ᠣᠷᠣᠭᠤᠯᠬᠤ ᠲᠦᠷᠢᠮ ᠤᠨ ᠥᠭᠡᠷᠡᠴᠢᠯᠡᠯᠲᠡ ᠶᠢᠨ ᠠᠷᠭ᠎ᠠ ᠬᠡᠯᠪᠡᠷᠢ ᠪᠣᠯᠤᠨ ᠤᠳᠤ ᠦᠶ᠎ᠡ ᠶᠢᠨ ᠠᠵᠤ | ᠠᠬᠤᠶᠢᠯᠠᠯ ᠤᠨ ᠲᠦᠷᠢᠮ ᠤᠨ ᠪᠠᠶᠢᠭᠤᠯᠤᠯᠲᠠ ᠶᠢ ᠰᠣᠩᠭᠤᠵᠤ᠂ ᠡᠯ᠎ᠡ ᠵᠦᠢᠯ ᠤᠨ ᠥᠮᠴᠢᠯᠡᠯ ᠤᠨ ᠬᠦᠷᠦᠩᠭᠡ ᠶᠢᠨ | ᠰᠠᠶᠢᠨ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠥᠷᠢᠯᠡᠬᠦ᠂ ᠬᠠᠷᠢᠯᠴᠠᠨ ᠠᠬᠢᠭᠤᠯᠬᠤ᠂ ᠬᠠᠮᠲᠤ ᠪᠠᠷ | ᠬᠥᠭᠵᠢᠬᠦ ᠶᠢ ᠪᠤᠢ ᠪᠣᠯᠭᠠᠬᠤ ᠶᠢ ᠠᠬᠢᠭᠤᠯᠤᠨ᠎ᠠ᠃ | ︵ᠭᠤᠷᠪᠠ︶ ᠳᠠᠪᠠᠭᠤᠯᠢᠭ ᠲᠠᠯ᠎ᠠ ᠦᠭᠡᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ | ᠢᠯᠭᠠᠷᠠᠭᠤᠯᠤᠨ ᠴᠡᠭᠴᠡᠯᠡᠵᠦ ᠭᠠᠷᠭᠠᠨ᠎ᠠ | ᠤᠷᠳᠤ ᠬᠤᠭᠤᠴᠠᠭ᠎ᠠ ᠪᠠᠷ ᠦᠢᠯᠡᠳᠪᠦᠷᠢᠯᠡᠯ ᠡᠵᠡᠩᠨᠡᠯᠲᠡ ᠪᠠᠨ ᠵᠣᠭᠰᠣᠭᠰᠠᠨ᠂ ᠥᠷᠢᠰᠥᠯᠳᠦᠭᠡᠨ ᠤ | ᠳᠠᠪᠠᠭᠤᠯᠢᠭ ᠢ ᠪᠦᠷᠢᠳᠦᠭᠦᠯᠦᠭᠰᠡᠨ ᠦᠭᠡᠢ᠂ ᠬᠥᠭᠵᠢᠯᠲᠡ ᠶᠢᠨ ᠲᠠᠯᠳᠠ ᠬᠦᠴᠦᠨ ᠢᠶᠠᠷ ᠳᠤᠲᠠᠮᠠᠭ᠂ ᠬᠡᠪᠴᠢᠶ᠎ᠡ ᠪᠠᠷ | ᠨᠡᠯᠢᠶᠡᠳ ᠪᠠᠭ᠎ᠠ ᠪᠣᠯᠪᠠᠴᠤ ᠠᠰᠢᠭᠯᠠᠵᠤ ᠪᠣᠯᠬᠤ ᠬᠡᠰᠡᠭ ᠭᠠᠵᠠᠷ ᠰᠢᠷᠣᠶ ᠶᠢᠨ ᠡᠳ᠋ ᠬᠦᠷᠦᠩᠭᠡ ᠲᠠᠢ ᠤᠯᠤᠰ ᠤᠨ | ᠥᠮᠴᠢᠯᠡᠯ ᠤᠨ ᠠᠵᠤ ᠠᠬᠤᠶᠢᠯᠠᠯ ᠳᠤ ︽ᠨᠢᠭᠡ ᠠᠵᠤ ᠠᠬᠤᠶᠢᠯᠠᠯ ᠳᠤ ᠨᠢᠭᠡ ᠪᠤᠳᠤᠯᠭ᠎ᠠ︾ ᠶᠢ ᠬᠡᠷᠡᠭᠵᠢᠭᠦᠯᠵᠦ᠂ | ᠨᠢᠭᠡ ᠶᠢ ᠨᠢ ᠪᠣᠯᠪᠠᠰᠤᠷᠠᠭᠤᠯᠪᠠᠯ ᠨᠢᠭᠡ ᠶᠢ ᠨᠢ ᠤᠬᠤᠷᠢᠭᠤᠯᠵᠤ᠂ ᠡᠳ᠋ ᠬᠦᠷᠦᠩᠭᠡ ᠶᠢ ᠪᠡᠯᠡᠨ ᠵᠣᠭᠤᠰ ᠪᠣᠯᠭᠠᠨ | ᠬᠤᠪᠢᠷᠠᠭᠤᠯᠵᠤ ᠠᠵᠢᠯᠳᠠᠨ ᠠᠵᠢᠯᠴᠢᠨ ᠢ ᠲᠥᠪᠬᠢᠨᠡᠭᠦᠯᠬᠦ ᠪᠤᠶᠤ ᠴᠢᠳᠠᠮᠵᠢ ᠶᠢ ᠨᠢ ᠬᠤᠪᠢᠷᠠᠭᠤᠯᠬᠤ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠤᠬᠤᠷᠢᠭᠤᠯᠤᠨ ᠭᠠᠷᠭᠠᠬᠤ ᠶᠢ | ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠠᠯᠠᠭ᠎ᠠ | ᠮᠥᠴᠢᠷ ᠤᠳ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ | ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠤᠭᠰᠠᠨ ᠢᠶᠠᠷ᠂ ᠲᠣᠰ ᠰᠠᠯᠠᠭ᠎ᠠ | ᠮᠥᠴᠢᠷ ᠤᠨ ᠬᠠᠷᠢᠶ᠎ᠠ ᠠᠵᠤ ᠠᠬᠤᠶᠢᠯᠠᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠤ ᠠᠬᠤᠶᠢᠯᠠᠯ ᠤᠨ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠥᠰᠦᠯ ᠲᠤᠬᠳᠠᠭᠠᠵᠤ᠂ ᠠᠵᠤ | ᠠᠬᠤᠶᠢᠯᠠᠯ ᠥᠬᠡᠶ ᠬᠠᠮᠢᠶ᠎ᠠ ᠪᠥᠬᠦᠶ ᠰᠠᠯᠠᠭ᠎ᠠ ᠮᠥᠴᠢᠷ ᠨᠢ ᠲᠡᠭᠦᠨ ᠤ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ | ᠡᠭᠦᠷᠭᠡ ᠴᠢᠳᠠᠪᠤᠷᠢ ᠳᠤ ᠬᠤᠯᠪᠣᠭᠳᠠᠪᠠᠯ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ | ᠬᠦᠴᠦᠨ ᠢ ᠪᠣᠶ ᠪᠣᠯᠭᠠᠬᠤ ᠬᠡᠷᠡᠭᠲᠡᠶ᠃ ᠬᠤᠳᠠ ᠶᠢᠨ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠳ ᠥᠭᠡᠷᠡᠴᠢᠯᠡᠯᠲᠡ ᠶᠢᠨ ᠬᠠᠷᠠᠯᠲᠠ ᠪᠣᠯᠤᠨ ᠶᠡᠷᠦᠩᠬᠡᠢ ᠪᠠᠶᠢᠷᠢᠯᠠᠭᠤᠯᠤᠯᠲᠠ ᠶᠢᠨ ᠲᠣᠭᠤᠷᠢᠨ ᠳᠤ᠂ | ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠪᠠᠶᠢᠭᠤᠯᠵᠤ᠂ ᠳᠣᠲᠣᠭᠠᠳᠤ ᠡᠵᠡᠮᠳᠡᠯ ᠤᠨ ᠰᠢᠰᠲᠧᠮ ᠢ | ᠲᠡᠭᠦᠯᠳᠡᠷᠵᠢᠭᠦᠯᠵᠦ᠂ ᠡᠵᠡᠩᠨᠡᠯᠲᠡ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠵᠦ᠂ ᠡᠳ᠋ ᠬᠦᠷᠦᠩᠭᠡ ᠶᠢ | ᠲᠠᠬᠢᠨ ᠵᠣᠬᠢᠶᠠᠨ ᠪᠠᠶᠢᠭᠤᠯᠬᠤ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠵᠤ᠂ ᠨᠢᠭᠡ ᠠᠵᠤ ᠠᠬᠤᠶᠢᠯᠠᠯ ᠨᠢᠭᠡ ᠪᠤᠳᠤᠯᠭ᠎ᠠ᠂ ᠠᠰ ᠠᠰ ᠢᠶᠠᠷ ᠨᠢ ᠵᠥᠪᠯᠡᠬᠦ ᠥᠭᠡᠷᠡᠴᠢᠯᠡᠯᠲᠡ ᠶᠢᠨ | ᠲᠥᠰᠦᠯ ᠢ ᠲᠣᠭᠲᠠᠭᠠᠵᠤ᠂ ᠥᠭᠡᠷᠡᠴᠢᠯᠡᠯᠲᠡ ᠶᠢᠨ ᠬᠠᠷᠠᠯᠲᠠ ᠡᠭᠦᠷᠭᠡ ᠶᠢ ᠲᠡᠷᠡ ᠬᠡᠪ ᠢᠶᠠᠷ ᠨᠢ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ︵ᠬᠤᠶᠠᠷ︶ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ᠃ ᠡᠵᠡᠩᠨᠡᠯᠲᠡ ᠶᠢᠨ ᠴᠢᠨᠠᠷᠲᠠᠶ ᠡᠳ᠋ | ᠬᠦᠷᠦᠩᠭᠡ ᠶᠢ ᠰᠢᠯᠵᠢᠭᠦᠯᠦᠨ ᠲᠤᠰᠢᠶᠠᠬᠤ ᠳᠤ ᠬᠤᠯᠪᠣᠭᠳᠠᠬᠤ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠳ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ | ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ᠂ ᠠᠵᠢᠯᠳᠠᠨ ᠤ ᠶᠠᠪᠤᠳᠠᠯ ᠤᠨ ᠰᠠᠬᠢᠯᠭ᠎ᠠ ᠪᠠᠲᠤ ᠶᠢ | ᠴᠢᠩᠳᠠᠯᠠᠵᠤ᠂ ᠬᠡᠪ ᠤᠨ ᠶᠣᠰᠣᠭᠠᠷ ᠠᠵᠢᠯᠯᠠᠵᠤ ᠪᠠᠶᠢᠭ᠎ᠠ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠭᠠᠷᠭᠠᠪᠠᠯ᠂ | ᠪᠤᠰᠤᠳ ᠡᠯ᠎ᠡ ᠵᠦᠢᠯ ᠤᠨ ᠠᠵᠢᠯᠳᠠᠨ ᠤ ᠶᠠᠪᠤᠳᠠᠯ᠂ ᠡᠳ᠋ ᠬᠦᠷᠦᠩᠭᠡ᠂ ᠡᠳ᠋ ᠤᠨ ᠶᠠᠪᠤᠳᠠᠯ ᠵᠡᠷᠭᠡ ᠶᠢ ᠴᠥᠮ | ᠴᠡᠪᠳᠡᠭᠯᠡᠵᠦ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠠᠯᠳᠠᠭᠳᠠᠬᠤ ᠦᠭᠡᠢ ᠪᠠᠶᠢᠬᠤ ᠶᠢ ᠪᠠᠲᠤᠯᠠᠵᠤ᠂ | ᠥᠭᠡᠷᠡᠴᠢᠯᠡᠯᠲᠡ ᠶᠢᠨ ᠠᠵᠢᠯ ᠤᠨ ᠬᠠᠤᠯᠢ ᠲᠣᠭᠲᠠᠭᠠᠯ ᠶᠣᠰᠣᠭᠠᠷ ᠤᠷᠤᠭᠰᠢᠲᠠᠶ ᠶᠠᠪᠤᠭᠳᠠᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠢᠯᠠᠩᠭᠤᠶ᠎ᠠ ᠠᠵᠢᠯᠳᠠᠨ ᠤ ᠶᠠᠪᠤᠳᠠᠯ ᠤᠨ ᠲᠠᠯ᠎ᠠ ᠪᠠᠷ᠂ ᠵᠣᠬᠢᠶᠠᠨ ᠪᠠᠶᠢᠭᠤᠯᠤᠯᠲᠠ ᠶᠢᠨ | ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ | ︵ᠭᠤᠷᠪᠠ︶ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠤᠬᠠᠭᠤᠯᠭ᠎ᠠ ᠵᠢᠴᠢ ᠵᠥᠪ ᠲᠠᠯ᠎ᠠ ᠠᠴᠠ | ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢ ᠴᠠᠭ | ᠲᠤᠬᠠᠶ ᠳᠤᠨᠢ ᠲᠠᠶᠢᠯᠪᠤᠷᠢᠯᠠᠵᠤ᠂ ᠥᠭᠡᠷᠡᠴᠢᠯᠡᠯᠲᠡ ᠶᠢᠨ ᠨᠡᠶᠢᠳᠡᠯᠢᠭ ᠲᠤᠷᠰᠢᠯᠭ᠎ᠠ ᠶᠢ ᠢᠳᠡᠪᠬᠢᠲᠡᠶ ᠪᠠᠷ ᠤᠬᠠᠭᠤᠯᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠤᠬᠠᠶ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠣᠶᠢᠯᠠᠭᠠᠯᠲᠠ ᠪᠠ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠥᠷᠭᠡᠨ ᠤᠯᠠᠨ ᠺᠠᠳ᠋ᠷ ᠠᠵᠢᠯᠳᠠᠨ | ᠠᠵᠢᠯᠴᠢᠨ ᠤ ᠥᠭᠡᠷᠡᠴᠢᠯᠡᠯᠲᠡ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠬᠠᠮᠤᠭ ᠤᠨ ᠶᠡᠭᠡ | ᠬᠡᠮᠵᠢᠶ᠎ᠡ ᠪᠠᠷ ᠲᠠᠶᠢᠴᠢᠯᠠᠨ᠂ ᠥᠭᠡᠷᠡᠴᠢᠯᠡᠯᠲᠡ ᠬᠥᠭᠵᠢᠯᠲᠡ ᠶᠢ ᠲᠦᠯᠬᠢᠨ ᠠᠬᠢᠭᠤᠯᠬᠤ ᠳᠤ ᠠᠰᠢᠭᠲᠠᠶ ᠰᠠᠶᠢᠨ | ᠰᠠᠶᠢᠬᠠᠨ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃ | | ᠤᠷᠴᠢᠭᠤᠯᠤᠬᠴᠢ᠄ ᠼᠦᠢ ᠶᠢᠩ |