ᠹᠧᠩᠵᠧᠨ ᠬᠤᠲᠠ ᠶᠢᠨ ᠳᠠᠷᠤᠭᠳᠠᠮᠠᠯ ᠪᠠᠯᠠ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ
ᠨᠡᠶᠢᠲᠡᠯᠡᠭᠰᠡᠨ ᠴᠠᠭ᠄
2022/12/21
     ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ ᠂ ᠳᠠᠷᠤᠭᠳᠠᠮᠠᠯ ᠪᠠᠯᠠ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ ᠡᠬᠢᠯᠡᠭᠦᠯᠬᠦ ᠲᠤᠰᠬᠠᠶ ᠠᠵᠢᠯᠯᠠᠭ᠎ᠠ ᠶᠢ ᠡᠮᠬᠢ ᠵᠢᠷᠤᠮ ᠲᠠᠢ ᠪᠥᠭᠡᠳ ᠪᠦᠲᠦᠮᠵᠢᠲᠡᠶ ᠥᠷᠨᠢᠭᠦᠯᠬᠦ ᠶᠢ ᠠᠬᠢᠭᠤᠯᠬᠤ ᠶᠢᠨ ᠲᠤᠰᠠᠳᠠ᠂ ︽ᠤᠯᠠᠭᠠᠨᠴᠠᠪ ᠬᠤᠲᠠ ᠶᠢᠨ ᠳᠠᠷᠤᠭᠳᠠᠮᠠᠯ ᠪᠠᠯᠠ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ ᠡᠬᠢᠯᠡᠭᠦᠯᠬᠦ ᠲᠤᠰᠬᠠᠶ ᠠᠵᠢᠯᠯᠠᠭ᠎ᠠ ᠶᠢᠨ ᠠᠵᠢᠯ ᠤᠨ ᠲᠥᠰᠦᠯ︾ ᠢᠶᠠᠷ ᠯᠠᠪᠯᠠᠯᠲᠠ ᠪᠣᠯᠭᠠᠵᠤ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠷᠪᠢᠯᠠᠨ ᠭᠠᠮᠨᠠᠬᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠵᠡᠷᠭᠡ ᠠᠯᠢ ᠣᠯᠠᠨ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠪᠦᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠶᠠᠷᠢᠯᠴᠠᠬᠤ ᠬᠤᠷᠠᠯ ᠤᠨ ︽ᠳᠠᠷᠤᠭᠳᠠᠮᠠᠯ ᠪᠡᠯᠡ ᠮᠥᠩᠭᠦ ᠶᠢᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠲᠤᠰᠬᠠᠶ ᠠᠵᠢᠯᠯᠠᠭ᠎ᠠ︾ ᠶᠢ ᠥᠷᠨᠢᠭᠦᠯᠬᠦ ᠲᠤᠬᠠᠶ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 5 ᠰᠠᠷ᠎ᠠ ᠶᠢᠨ ᠬᠤᠭᠤᠴᠠᠭ᠎ᠠ ᠲᠠᠢ ᠲᠤᠰᠬᠠᠶ ᠠᠵᠢᠯᠯᠠᠭ᠎ᠠ ᠪᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ ᠤᠨ ᠳᠠᠷᠤᠭᠳᠠᠵᠤ ᠪᠠᠶᠢᠭ᠎ᠠ ᠪᠠᠯᠠ ᠮᠥᠩᠭᠦ ᠶᠢᠨ ᠬᠡᠪᠴᠢᠶ᠎ᠡ᠂ ᠪᠦᠲᠦᠴᠡ᠂ ᠳ᠋ᠦᠩᠨᠡᠨ ᠦᠯᠡᠳᠡᠭᠡᠭᠰᠡᠨ ᠪᠠᠶᠢᠳᠠᠯ᠂ ᠬᠤᠪᠢᠷᠠᠯᠲᠠ ᠶᠢᠨ ᠪᠠᠶᠢᠳᠠᠯ ᠵᠢᠴᠢ ᠳᠠᠷᠤᠭᠳᠠᠵᠤ ᠪᠠᠶᠢᠭ᠎ᠠ ᠰᠢᠯᠲᠠᠭᠠᠨ ᠢ ᠪᠥᠬᠦ ᠲᠠᠯ᠎ᠠ ᠪᠠᠷ ᠡᠵᠡᠮᠰᠢᠵᠦ᠂ ᠰᠢᠢᠳᠪᠦᠷᠢᠯᠡᠬᠦ ᠰᠠᠨᠠᠯ ᠢ ᠲᠥᠷᠥᠯ ᠬᠤᠪᠢᠶᠠᠨ ᠳᠤᠷᠠᠳᠴᠤ᠂ ᠣᠷᠳᠣ ᠬᠤᠭᠤᠴᠠᠭᠠᠨ ᠤ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠡᠷᠡᠰ ᠬᠤᠷᠢᠶᠠᠨ ᠠᠪᠴᠤ᠂ ᠬᠥᠭᠵᠢᠯᠲᠡ ᠶᠢᠨ ᠪᠠᠴᠢᠮ ᠬᠡᠷᠡᠭᠴᠡᠭᠡ ᠲᠠᠢ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠨᠢᠭᠡᠳᠦᠯᠲᠡᠶ ᠲᠥᠯᠥᠪᠯᠡᠨ ᠬᠡᠷᠡᠭᠯᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠪᠠ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠤᠷᠢᠳᠠᠪᠠᠷ ᠪᠠᠲᠤᠯᠠᠵᠤ᠂ ᠣᠯᠠᠨ ᠨᠡᠶᠢᠲᠡ ᠶᠢᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠴᠢᠷᠮᠠᠶᠢᠨ ᠪᠡᠶᠡᠯᠡᠭᠦᠯᠦᠨ᠎ᠡ᠃      ᠬᠤᠶᠠᠷ᠂ ᠰᠠᠭᠤᠷᠢ ᠲᠠᠯᠪᠢᠬᠤ ᠬᠡᠪᠴᠢᠶ᠎ᠡ      ᠳᠠᠷᠤᠭᠳᠠᠮᠠᠯ ᠪᠠᠯᠠ ᠮᠥᠩᠭᠦ ᠶᠢᠨ ᠰᠠᠭᠤᠷᠢ ᠲᠤᠭ᠎ᠠ ᠶᠢᠨ ᠶᠡᠭᠡ ᠬᠡᠪᠴᠢᠶ᠎ᠡ ᠳᠤ ᠪᠣᠳᠠᠲᠠᠶ ᠪᠠᠶᠢᠭ᠎ᠠ ᠪᠠᠯᠠ ᠮᠥᠩᠭᠦ ᠶᠢᠨ ᠲᠠᠩᠰᠠᠨ ᠡᠷᠦᠬᠡ ᠶᠢᠨ ᠪᠠᠯᠠ ᠮᠥᠩᠭᠦ᠂ ᠳᠡᠭᠡᠳᠦ ᠱᠠᠲᠤᠨ ᠤ ᠡᠯ᠎ᠡ ᠲᠥᠷᠥᠯ ᠤᠨ ᠰᠢᠯᠵᠢᠭᠦᠯᠦᠨ ᠥᠭᠬᠦ ᠪᠠᠯᠠ ᠮᠥᠩᠭᠦ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ᠂ ᠲᠣᠰ ᠱᠠᠲᠤᠨ ᠤ ᠡᠳ᠋ ᠤᠨ ᠬᠦᠴᠦᠨ ᠤ ᠲᠣᠬᠢᠷᠠᠭᠤᠯᠤᠯᠲᠠ ᠶᠢᠨ ᠪᠠᠯᠠ ᠮᠥᠩᠭᠦ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠰᠠᠭᠤᠷᠢ ᠮᠥᠩᠭᠦ᠂ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠲᠤᠰᠬᠠᠶ ᠲᠠᠩᠰᠠᠨ ᠡᠷᠦᠬᠡ ᠶᠢᠨ ᠪᠠᠯᠠ ᠮᠥᠩᠭᠦ ᠵᠡᠷᠭᠡ ᠵᠢᠷᠭᠤᠭᠠᠨ ᠬᠦᠷᠢᠶ᠎ᠡ ᠪᠠᠭᠲᠠᠨ᠎ᠠ᠂ ᠪᠣᠳᠠᠲᠠᠶ ᠪᠠᠷ ᠬᠡᠯᠡᠪᠡᠯ ᠳᠣᠤᠷᠠᠬᠢ ᠮᠡᠲᠦ᠄      ︵ᠨᠢᠭᠡ︶ ᠲᠥᠰᠦᠪ ᠤᠨ ᠨᠢᠭᠡᠴᠢ ᠶᠢᠨ ᠪᠣᠳᠠᠲᠠᠶ ᠪᠠᠶᠢᠭ᠎ᠠ ᠪᠡᠯᠡ ᠮᠥᠩᠭᠦ ᠶᠢᠨ ᠲᠠᠩᠰᠠᠨ ᠡᠷᠦᠭᠡ ᠶᠢᠨ ᠪᠡᠯᠡ ᠮᠥᠩᠭᠦ᠃ 2022 ᠣᠨ ᠤ 7 ᠰᠠᠷ᠎ᠠ ᠶᠢᠨ ᠰᠡᠭᠦᠯᠴᠢ ᠪᠣᠯᠲᠠᠯ᠎ᠠ ᠪᠥᠬᠦ ᠬᠤᠲᠠ ᠶᠢᠨ ᠡᠯ᠎ᠡ ᠲᠥᠰᠦᠪ ᠤᠨ ᠨᠢᠭᠡᠴᠡ ᠶᠢᠨ ᠪᠣᠳᠠᠲᠠᠶ ᠪᠠᠶᠢᠭ᠎ᠠ ᠪᠠᠯᠠ ᠮᠥᠩᠭᠦᠨ ᠤ ᠲᠠᠩᠰᠠᠨ ᠡᠷᠦᠬᠡ ᠳᠠᠬᠢ ᠡᠯ᠎ᠡ ᠲᠥᠷᠥᠯ ᠤᠨ ᠪᠠᠯᠠ ᠮᠥᠩᠭᠦ ︵ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠪᠠ ᠰᠢᠭᠦᠬᠦ ᠬᠤᠷᠢᠶ᠎ᠠ ᠶᠢᠨ ᠰᠢᠰᠲ᠋ᠧᠮ ᠤᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠬᠡᠷᠡᠭ ᠤᠨ ᠬᠦᠢᠴᠡᠳᠭᠡᠭᠦ ᠵᠣᠭᠤᠰ ᠢ ᠪᠠᠭᠲᠠᠭᠠᠬᠤ ᠥᠬᠡᠶ︶᠂ ᠡᠳ᠋ ᠤᠨ ᠵᠠᠰᠠᠭ ᠤᠨ ᠣᠷᠣᠯᠠᠨ ᠨᠠᠶᠢᠷᠠᠭᠤᠯᠤᠭᠰᠠᠨ ᠲᠥᠰᠦᠪ ᠤᠨ ᠪᠤᠰᠤ ᠨᠢᠭᠡᠴᠡ ︵ᠠᠵᠤ ᠠᠬᠤᠶᠢᠯᠠᠯ ᠢ ᠪᠠᠭᠲᠠᠭᠠᠬᠤ ᠥᠬᠡᠶ︶ ᠶᠢᠨ ᠪᠣᠳᠠᠲᠠᠶ ᠪᠠᠶᠢᠭ᠎ᠠ ᠪᠠᠯᠠ ᠮᠥᠩᠭᠦᠨ ᠤ ᠲᠠᠩᠰᠠᠨ ᠡᠷᠦᠬᠡ ᠳᠠᠬᠢ ᠡᠳ᠋ ᠤᠨ ᠵᠠᠰᠠᠭ ᠤᠨ ᠰᠠᠯᠭᠠᠨ ᠥᠭᠭᠦᠭᠰᠡᠨ ᠪᠠᠯᠠ ᠮᠥᠩᠭᠦ ︵ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠪᠠᠭᠲᠠᠭᠠᠬᠤ ᠥᠬᠡᠶ︶᠃      1.ᠡᠳ᠋ ᠤᠨ ᠵᠠᠰᠠᠭ ᠠᠴᠠ ᠰᠠᠯᠭᠠᠨ ᠥᠭᠭᠦᠭᠰᠡᠨ ᠵᠣᠭᠤᠰ ᠤᠨ ᠳ᠋ᠦᠩᠨᠡᠨ ᠰᠢᠯᠵᠢᠭᠦᠯᠦᠭᠰᠡᠨ ᠦᠯᠡᠳᠡᠪᠦᠷᠢ ᠪᠡᠯᠡ ᠮᠥᠩᠭᠦ᠃ ᠪᠥᠬᠦ ᠬᠤᠲᠠ ᠶᠢᠨ ᠡᠯ᠎ᠡ ᠲᠥᠰᠦᠪ ᠤᠨ ᠨᠢᠭᠡᠴᠡ ᠶᠢᠨ ᠦᠨᠳᠦᠰᠦᠨ ᠡᠷᠦᠬᠡ ᠵᠡᠷᠭᠡ ᠪᠣᠳᠠᠲᠠᠶ ᠪᠠᠶᠢᠭ᠎ᠠ ᠪᠠᠯᠠ ᠮᠥᠩᠭᠦ ᠶᠢᠨ ᠲᠠᠩᠰᠠᠨ ᠡᠷᠦᠬᠡ ᠶᠢᠨ ᠡᠳ᠋ ᠤᠨ ᠵᠠᠰᠠᠭ ᠠᠴᠠ ᠰᠠᠯᠭᠠᠨ ᠥᠭᠭᠦᠭᠰᠡᠨ ᠵᠣᠭᠤᠰ ᠤᠨ ᠦᠯᠡᠳᠡᠪᠦᠷᠢ ᠪᠠᠯᠠ ᠮᠥᠩᠭᠦ ᠪᠠ ᠳ᠋ᠦᠩᠨᠡᠨ ᠰᠢᠯᠵᠢᠭᠦᠯᠦᠭᠰᠡᠨ 2 ᠵᠢᠯ ᠠᠴᠠ ᠳᠡᠭᠡᠭᠰᠢ ᠪᠠᠯᠠ ᠮᠥᠩᠭᠦ ︵ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠪᠤᠰᠤ ᠪᠠᠯᠠ ᠮᠥᠩᠭᠦ᠂ ᠭᠠᠵᠠᠷ ᠰᠢᠷᠣᠶ ᠶᠢᠨ ᠵᠢᠭᠡᠯᠡᠯᠭᠡ ᠶᠢᠨ ᠪᠠᠯᠠ ᠮᠥᠩᠭᠦ ᠪᠠᠭᠲᠠᠨ᠎ᠠ︔ ᠡᠩ ᠤᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ᠂ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠪᠠᠯᠠ ᠮᠥᠩᠭᠦ︶᠃      2.ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠪᠤᠰᠤ ᠪᠡᠯᠡ ᠮᠥᠩᠭᠦ᠃ ᠲᠥᠰᠦᠪ ᠤᠨ ᠨᠢᠭᠡᠴᠡ ᠶᠢᠨ ᠡᠳ᠋ ᠤᠨ ᠵᠠᠰᠠᠭ ᠤᠨ ᠪᠤᠰᠤ ᠰᠠᠯᠭᠠᠨ ᠥᠭᠬᠦ ᠪᠠᠯᠠ ᠮᠥᠩᠭᠦ ᠶᠢ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠪᠠᠲᠤᠯᠠᠨ᠎ᠠ ︵ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠪᠣᠯᠭᠠᠨ ᠬᠤᠪᠢᠷᠠᠭᠤᠯᠤᠭᠰᠠᠨ᠂ ᠠᠯᠪᠠᠨ ᠤ ᠬᠠᠮᠢᠶᠠᠷᠤᠯᠲᠠ ᠳᠤ ᠣᠷᠣᠯᠴᠠᠭᠰᠠᠨ ᠠᠵᠢᠯ ᠦᠢᠯᠡᠰ ᠤᠨ ᠨᠢᠭᠡᠴᠡ ᠪᠠ ᠵᠠᠰᠠᠭ ᠵᠠᠬᠢᠷᠭᠠᠨ ᠤ ᠨᠢᠭᠡᠴᠡ ᠶᠢᠨ ᠳᠠᠷᠠᠭ᠎ᠠ ᠪᠠᠷ ᠳ᠋ᠦᠩᠨᠡᠨ ᠦᠯᠡᠳᠡᠭᠡᠭᠰᠡᠨ ᠥᠩᠭᠡᠷᠡᠭᠰᠡᠨ ᠵᠢᠯ ᠤᠨ ᠥᠪᠡᠷ ᠤᠨ ᠪᠠᠯᠠ ᠮᠥᠩᠭᠦ ᠪᠠᠭᠲᠠᠨ᠎ᠠ︶︔ 2 ᠵᠢᠯ ᠠᠴᠠ ᠳᠡᠭᠡᠭᠰᠢ ᠳ᠋ᠦᠩᠨᠡᠨ ᠰᠢᠯᠵᠢᠭᠦᠯᠦᠭᠰᠡᠨ ᠬᠠᠷᠢᠶᠠᠲᠤ ᠨᠢᠭᠡᠴᠡ ᠶᠢᠨ ᠳᠡᠭᠡᠭᠰᠢ ᠲᠤᠰᠢᠶᠠᠭᠰᠠᠨ ᠣᠷᠣᠯᠭ᠎ᠠ ᠪᠠ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ ᠵᠡᠷᠭᠡ ᠠᠳᠠᠯᠢ ᠱᠠᠲᠤᠨ ᠤ ᠪᠤᠰᠤ ᠡᠳ᠋ ᠤᠨ ᠵᠠᠰᠠᠭ ᠤᠨ ᠰᠠᠯᠭᠠᠨ ᠥᠭᠭᠦᠭᠰᠡᠨ ᠵᠣᠭᠤᠰ ᠤᠨ ᠪᠠᠯᠠ ᠮᠥᠩᠭᠦ᠃      3.ᠲᠤᠰᠢᠶᠠᠬᠤ ᠶᠣᠰᠣᠲᠠᠶ ᠪᠠᠶᠢᠲᠠᠯ᠎ᠠ ᠲᠤᠰᠢᠶᠠᠭᠠᠳᠤᠶ ᠡᠳ᠋ ᠤᠨ ᠵᠠᠰᠠᠭ ᠤᠨ ᠣᠷᠣᠯᠭ᠎ᠠ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠲᠦᠷᠢᠶᠡᠰᠦᠯᠡᠭᠦᠯᠵᠦ ᠵᠢᠭᠡᠯᠡᠭᠦᠯᠦᠭᠰᠡᠨ ᠣᠷᠣᠯᠭ᠎ᠠ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠤᠳᠠᠯᠳᠤᠭᠰᠠᠨ᠂ ᠰᠢᠯᠵᠢᠭᠦᠯᠦᠨ ᠬᠤᠳᠠᠯᠳᠤᠭᠰᠠᠨ᠂ ᠰᠣᠯᠢᠭᠰᠠᠨ ᠦᠨ᠎ᠡ ᠶᠢᠨ ᠵᠥᠷᠢᠶ᠎ᠡ᠂ ᠬᠡᠷᠡᠭᠯᠡᠭᠡᠨ ᠠᠴᠠ ᠭᠠᠷᠭᠠᠭᠰᠠᠨ ᠬᠤᠬᠢᠷᠠᠯ ᠤᠨ ᠦᠯᠡᠳᠡᠭᠳᠡᠯ ᠦᠷᠳᠡᠭ ᠢ ᠦᠨ᠎ᠡ ᠪᠣᠯᠭᠠᠨ ᠬᠤᠪᠢᠷᠠᠭᠤᠯᠤᠭᠰᠠᠨ ᠵᠡᠷᠭᠡ ᠰᠢᠶ᠋ᠳᠪᠦᠷᠢᠯᠡᠭᠰᠡᠨ ᠣᠷᠣᠯᠭ᠎ᠠ᠂ ᠲᠥᠰᠦᠪ ᠲᠤ ᠨᠠᠶᠢᠷᠠᠭᠤᠯᠤᠨ ᠣᠷᠣᠭᠤᠯᠤᠭᠰᠠᠨ ᠦᠭᠡᠢ ᠬᠦᠦ ᠮᠥᠩᠭᠦ ᠶᠢᠨ ᠣᠷᠣᠯᠭ᠎ᠠ᠂ ᠪᠡᠯᠡᠭᠯᠡᠨ ᠬᠦᠷᠭᠡᠭᠰᠡᠨ ᠣᠷᠣᠯᠭ᠎ᠠ ᠵᠢᠴᠢ ᠪᠤᠰᠤᠳ ᠲᠤᠰᠢᠶᠠᠪᠠᠰᠤ ᠵᠣᠬᠢᠬᠤ ᠲᠤᠰᠢᠶᠠᠭᠠᠳᠤᠶ ᠡᠳ᠋ ᠤᠨ ᠵᠠᠰᠠᠭ ᠤᠨ ᠣᠷᠣᠯᠭ᠎ᠠ᠃      4.ᠤᠷᠳᠤ ᠬᠤᠭᠤᠴᠠᠭ᠎ᠠ ᠪᠠᠷ ᠡᠯᠭᠦᠭᠡ ᠲᠠᠩᠰᠠ ᠶᠢᠨ ᠬᠠᠷᠢᠯᠴᠠᠭᠠᠨ ᠤ ᠵᠣᠭᠤᠰ᠃ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ ᠶᠢᠨ ᠬᠡᠷᠡᠭ ᠲᠤ ᠬᠤᠯᠪᠣᠭᠳᠠᠭᠰᠠᠨ ᠲᠤᠰᠬᠠᠶ ᠲᠠᠩᠰᠠ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠡᠷᠭᠡ ᠬᠠᠤᠯᠢ ᠬᠡᠷᠡᠭᠵᠢᠭᠦᠯᠬᠦ ᠰᠠᠬᠢᠯᠭ᠎ᠠ ᠪᠠᠲᠤ ᠶᠢ ᠬᠡᠷᠡᠭᠵᠢᠭᠦᠯᠬᠦ ᠰᠠᠯᠠᠭ᠎ᠠ ᠮᠥᠴᠢᠷ ᠤᠨ ᠣᠯᠤᠭᠰᠠᠨ ᠨᠢᠭᠡᠨᠲᠡ ᠬᠡᠷᠡᠭ ᠢ ᠳᠠᠭᠤᠰᠬᠠᠭᠰᠠᠨ ᠲᠣᠷᠭᠠᠵᠤ ᠬᠤᠷᠢᠶᠠᠨ ᠠᠪᠤᠭᠰᠠᠨ ᠣᠷᠣᠯᠭ᠎ᠠ ︵ᠦᠨ᠎ᠡ ᠬᠠᠶᠠᠵᠤ ᠬᠤᠳᠠᠯᠳᠤᠬᠤ ᠪᠠᠶᠢᠭᠤᠯᠤᠮᠵᠢ ᠳᠤ ᠨᠠᠶᠢᠳᠠᠵᠤ ᠲᠣᠷᠭᠠᠵᠤ ᠬᠤᠷᠢᠶᠠᠨ ᠠᠪᠤᠭᠰᠠᠨ ᠡᠳ᠋ ᠪᠣᠳᠠᠰ ᠢ ᠦᠨ᠎ᠡ ᠬᠠᠶᠠᠵᠤ ᠬᠤᠳᠠᠯᠳᠤᠭᠠᠳ ᠣᠯᠤᠭᠰᠠᠨ ᠦᠨ᠎ᠡ ᠬᠤᠪᠢᠷᠠᠭᠤᠯᠤᠭᠰᠠᠨ ᠵᠣᠭᠤᠰ ᠢ ᠪᠠᠭᠲᠠᠭᠠᠨ᠎ᠠ︶︔ ᠪᠠᠷᠢᠴᠠᠭᠠᠨ ᠤ ᠮᠥᠩᠭᠦ᠂ ᠬᠤᠭᠤᠯᠠᠨ ᠬᠡᠷ ᠤᠨ ᠣᠷᠣᠯᠠᠨ ᠬᠠᠳᠠᠭᠠᠯᠠᠬᠤ ᠵᠡᠷᠭᠡ ᠪᠠᠯᠠ ᠮᠥᠩᠭᠦ ᠠᠴᠠ ᠭᠠᠳᠠᠨ᠎ᠠ᠂ ᠭᠡᠷ᠎ᠡ ᠳᠤ ᠪᠣᠯᠵᠣᠨ ᠲᠣᠭᠲᠠᠭᠰᠠᠨ ᠲᠥᠷᠥᠯ ᠵᠦᠢᠯ ᠳᠠᠭᠤᠰᠤᠭᠰᠠᠨ ᠤ ᠳᠠᠷᠠᠭ᠎ᠠ ᠦᠨᠡᠨ ᠬᠦ ᠪᠤᠴᠠᠭᠠᠬᠤ ᠶᠢᠨ ᠠᠷᠭ᠎ᠠ ᠥᠬᠡᠶ ᠪᠠᠷᠢᠯᠭ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠵᠡᠷᠭᠡ ᠲᠦᠷ ᠬᠠᠳᠠᠭᠠᠯᠠᠬᠤ ᠵᠦᠢᠯᠡᠰ ᠢ ᠪᠠᠭᠲᠠᠭᠠᠨ᠎ᠠ᠃      5.ᠪᠤᠰᠤᠳ ᠪᠡᠯᠡ ᠮᠥᠩᠭᠦ ᠶᠢ ᠠᠮᠢᠳᠤᠯᠢᠭ ᠪᠣᠯᠭᠠᠪᠠᠰᠤ ᠵᠣᠬᠢᠬᠤ᠃ ᠬᠢᠨᠠᠨ ᠪᠤᠳᠤᠬᠤ᠂ ᠲᠣᠭᠤᠷᠢᠨ ᠪᠠᠶᠢᠴᠠᠭᠠᠬᠤ᠂ ᠰᠢᠮᠳᠠᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠡᠯ᠎ᠡ ᠲᠥᠷᠥᠯ ᠤᠨ ᠲᠤᠰᠢᠶᠠᠪᠠᠰᠤ ᠵᠣᠬᠢᠬᠤ ᠲᠤᠰᠢᠶᠠᠭᠠᠳᠤᠶ ᠪᠠᠯᠠ ᠮᠥᠩᠭᠦ ᠵᠢᠴᠢ ᠪᠤᠰᠤᠳ ᠢᠯᠭᠠᠷᠠᠭᠤᠯᠵᠤ ᠠᠮᠢᠳᠤᠯᠢᠭ ᠪᠣᠯᠭᠠᠬᠤ ᠶᠣᠰᠣᠲᠠᠶ ᠡᠯ᠎ᠡ ᠲᠥᠷᠥᠯ ᠤᠨ ᠳᠠᠷᠤᠭᠳᠠᠮᠠᠯ ᠪᠠᠯᠠ ᠮᠥᠩᠭᠦ᠃      ︵ᠬᠤᠶᠠᠷ︶ ᠳᠡᠭᠡᠳᠦ ᠱᠠᠲᠤᠨ ᠠᠴᠠ ᠰᠢᠯᠵᠢᠭᠦᠯᠦᠨ ᠥᠭᠭᠦᠭᠰᠡᠨ ᠪᠡᠯᠡ ᠮᠥᠩᠭᠦ᠃ ᠬᠤᠶᠠᠷ ᠵᠢᠯ ᠠᠴᠠ ᠳᠡᠭᠡᠭᠰᠢ ᠳ᠋ᠦᠩᠨᠡᠨ ᠰᠢᠯᠵᠢᠭᠦᠯᠦᠭᠰᠡᠨ ᠳᠡᠭᠡᠳᠦ ᠱᠠᠲᠤᠨ ᠤ ᠰᠢᠯᠵᠢᠭᠦᠯᠦᠨ ᠥᠭᠬᠦ ᠭᠦᠢᠴᠡᠳᠬᠡᠯ ᠲᠤᠭ᠎ᠠ︔ ᠳᠡᠭᠡᠳᠦ ᠱᠠᠲᠤᠨ ᠠᠴᠠ ᠪᠠᠭᠤᠯᠭᠠᠭᠰᠠᠨ ᠰᠢᠯᠵᠢᠭᠦᠯᠦᠨ ᠥᠭᠬᠦ ᠵᠠᠷᠤᠯᠭ᠎ᠠ ᠶᠢᠨ ᠳᠣᠲᠣᠷ᠎ᠠ᠂ ᠢᠵᠢ ᠪᠦᠷᠢᠳᠦᠭᠰᠡᠨ ᠵᠦᠢᠯᠡᠰ ᠪᠠᠶᠢᠬᠤ ᠦᠭᠡᠢ ᠠᠴᠠ ᠪᠤᠯᠵᠤ ᠬᠡᠷᠡᠭᠵᠢᠭᠦᠯᠬᠦ ᠶᠢᠨ ᠠᠷᠭ᠎ᠠ ᠦᠭᠡᠢ ᠲᠤᠰᠬᠠᠶ ᠵᠦᠢᠯ ᠤᠨ ᠪᠡᠯᠡ ᠮᠥᠩᠭᠦ ᠶᠢᠨ ᠭᠦᠢᠴᠡᠳᠬᠡᠯ ᠲᠤᠭ᠎ᠠ᠃      ︵ᠭᠤᠷᠪᠠ︶ ᠳᠡᠭᠡᠳᠦ ᠱᠠᠲᠤᠨ ᠠᠴᠠ ᠪᠠᠭᠤᠯᠭᠠᠭᠰᠠᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ᠃ ᠳᠡᠭᠡᠳᠦ ᠱᠠᠲᠤᠨ ᠠᠴᠠ ᠪᠠᠭᠤᠯᠭᠠᠭᠰᠠᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠳᠣᠲᠣᠷᠠᠬᠢ ᠣᠨᠴᠠᠭᠠᠶ ᠰᠢᠯᠲᠠᠭᠠᠨ ᠠᠴᠠ ᠪᠤᠯᠵᠤ ᠬᠡᠷᠡᠭᠵᠢᠭᠦᠯᠬᠦ ᠶᠢᠨ ᠠᠷᠭ᠎ᠠ ᠦᠭᠡᠢ ᠵᠦᠢᠯᠡᠰ ᠤᠨ ᠪᠡᠯᠡ ᠮᠥᠩᠭᠦ︔ ᠨᠢᠭᠡᠨᠲᠡ ᠬᠡᠷᠡᠭᠵᠢᠭᠦᠯᠦᠭᠰᠡᠨ ᠲᠥᠷᠥᠯ ᠵᠦᠢᠯ ᠤᠨ ᠳᠣᠲᠣᠷ᠎ᠠ᠂ ᠣᠨᠴᠠᠭᠠᠶ ᠰᠢᠯᠲᠠᠭᠠᠨ ᠠᠴᠠ ᠪᠣᠯᠵᠣ ᠦᠷᠭᠦᠯᠵᠢᠯᠡᠨ ᠬᠡᠷᠡᠭᠵᠢᠭᠦᠯᠬᠦ ᠶᠢᠨ ᠠᠷᠭ᠎ᠠ ᠥᠬᠡᠶ ᠪᠣᠯᠤᠭᠰᠠᠨ ᠬᠠᠭᠠᠰ ᠳᠤᠲᠠᠭᠤ ᠪᠠᠷᠢᠯᠭ᠎ᠠ︔ ᠨᠢᠭᠡᠨᠲᠡ ᠠᠵᠢᠯ ᠳᠠᠭᠤᠰᠤᠭᠰᠠᠨ ᠵᠦᠢᠯ ᠤᠨ ᠦᠯᠡᠳᠡᠪᠦᠷᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ᠃      ︵ᠳᠥᠷᠪᠡ︶ ᠲᠣᠰ ᠱᠠᠲᠤᠨ ᠤ ᠡᠳ᠋ ᠤᠨ ᠬᠦᠴᠦᠨ ᠠᠴᠠ ᠪᠠᠯᠠ ᠮᠥᠩᠭᠦ ᠳᠣᠭᠢᠷᠠᠭᠤᠯᠤᠨ᠎ᠠ᠃ ᠲᠤᠰ ᠱᠠᠲᠤᠨ ᠤ ᠡᠳ᠋ ᠤᠨ ᠬᠦᠴᠦᠨ ᠢᠶᠠᠷ ᠳᠠᠮᠵᠢᠭᠤᠯᠤᠨ ᠲᠣᠬᠢᠷᠠᠭᠤᠯᠤᠭᠰᠠᠨ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ᠃      ︵ᠲᠠᠪᠤ︶ ᠨᠡᠶᠢᠭᠡᠮ ᠤᠨ ᠳᠠᠭᠠᠳᠬᠠᠯ ᠤᠨ ᠲᠤᠰᠬᠠᠶ ᠡᠷᠦᠬᠡ ᠶᠢᠨ ᠰᠠᠭᠤᠷᠢ ᠮᠥᠩᠭᠦ᠃ ᠨᠢᠭᠡ ᠵᠢᠯ ᠠᠴᠠ ᠳᠡᠭᠡᠭᠰᠢ ᠬᠤᠭᠤᠴᠠᠭᠠᠨ ᠳᠤ ᠲᠦᠷ ᠳᠥᠯᠥᠬᠦ ᠥᠬᠡᠶ ᠪᠠᠶᠢᠪᠠᠯ᠂ ᠥᠷᠲᠡᠭ ᠪᠠᠲᠤᠯᠠᠵᠤ ᠥᠷᠲᠡᠭ ᠨᠡᠮᠡᠭᠳᠡᠭᠦᠯᠬᠦ ᠡᠯ᠎ᠡ ᠲᠥᠷᠥᠯ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠳᠤ ᠨᠢᠭᠡᠳᠦᠯᠲᠡᠶ ᠲᠥᠯᠥᠪᠯᠡᠨ ᠬᠡᠷᠡᠭᠯᠡᠵᠦ ᠪᠣᠯᠤᠨ᠎ᠠ᠃      ︵ᠵᠢᠷᠭᠤᠭ᠎ᠠ︶ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠲᠤᠰᠬᠠᠶ ᠲᠠᠩᠰᠠᠨ ᠡᠷᠦᠬᠡ ᠶᠢᠨ ᠪᠠᠯᠠ ᠮᠥᠩᠭᠦ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠬᠤᠷᠢᠶᠠᠭᠰᠠᠨ ᠰᠤᠷᠤᠯᠭ᠎ᠠ ᠶᠢᠨ ᠰᠦᠢᠳᠭᠡᠯ᠂ ᠠᠰᠠᠷᠠᠨ ᠬᠥᠮᠦᠵᠢᠭᠦᠯᠬᠦ ᠵᠠᠷᠤᠳᠠᠯ ᠵᠡᠷᠭᠡ ᠶᠢᠨ ᠳ᠋ᠦᠩᠨᠡᠨ ᠦᠯᠡᠳᠡᠭᠡᠭᠰᠡᠨ ᠪᠠᠯᠠ ᠮᠥᠩᠭᠦ᠃      ᠭᠤᠷᠪᠠ᠂ ᠭᠤᠣᠯ ᠠᠵᠢᠯ      ᠳᠠᠷᠤᠭᠳᠠᠮᠠᠯ ᠪᠠᠯᠠ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠨᠢ ᠣᠳᠣᠬᠠᠨ ᠤ ᠪᠠᠶᠢᠳᠠᠯ ᠳᠤ ᠰᠠᠭᠤᠷᠢᠯᠠᠨ᠂ ᠠᠯᠤᠰ ᠬᠡᠲᠦ ᠶᠢ ᠪᠣᠳᠣᠯᠬᠢᠯᠠᠵᠤ᠂ ᠣᠷᠳᠣ ᠬᠤᠭᠤᠴᠠᠭ᠎ᠠ ᠪᠠᠷ ︽ᠨᠦᠢᠷᠮᠣᠭᠯᠠᠭᠰᠠᠨ︾ ᠣᠯᠠᠨ ᠨᠡᠶᠢᠲᠡ ᠶᠢᠨ ᠪᠠᠯᠠ ᠮᠥᠩᠭᠦ ᠶᠢ ᠲᠣᠳᠣᠷᠬᠠᠶ ᠣᠶᠢᠯᠠᠭᠠᠬᠤ ᠪᠠ ᠠᠮᠢᠳᠤᠯᠢᠭ ᠪᠣᠯᠭᠠᠬᠤ ᠪᠠᠷ ᠪᠠᠷᠠᠬᠤ ᠥᠬᠡᠶ ᠪᠠᠰᠠ ᠵᠢᠷᠤᠮᠵᠢᠭᠤᠯᠤᠨ ᠬᠠᠮᠢᠶᠠᠷᠬᠤ ᠪᠠ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠤᠯᠠ ᠲᠠᠯᠪᠢᠭᠳᠠᠵᠤ ᠳᠠᠷᠤᠭᠳᠠᠮᠠᠯ ᠪᠠᠯᠠ ᠮᠥᠩᠭᠦ ᠰᠢᠨ᠎ᠡ ᠪᠠᠷ ᠪᠣᠶ ᠪᠣᠯᠬᠤ ᠶᠢ ᠰᠡᠷᠭᠡᠶᠢᠯᠡᠬᠦ ᠬᠡᠷᠡᠭᠲᠡᠶ᠃      ︵ᠨᠢᠭᠡ︶ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠨ᠎ᠠ᠃ ᠡᠳ᠋ ᠤᠨ ᠵᠠᠰᠠᠭ ᠤᠨ ᠲᠣᠪᠴᠢᠶ᠎ᠠ ᠨᠢ ᠬᠢᠨᠠᠨ ᠪᠤᠳᠤᠬᠤ ᠲᠣᠪᠴᠢᠶ᠎ᠠ᠂ ᠠᠷᠠᠳ ᠤᠨ ᠪᠠᠩᠬᠢ ᠲᠠᠢ ᠬᠠᠮᠲᠤᠷᠠᠨ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡᠴᠡ ᠶᠢᠨ ᠥᠪᠡᠰᠦᠪᠡᠨ ᠪᠠᠶᠢᠴᠠᠭᠠᠬᠤ᠂ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠠᠷᠤᠭᠳᠠᠵᠤ ᠪᠠᠶᠢᠭ᠎ᠠ ᠪᠠᠯᠠ ᠮᠥᠩᠭᠦ ᠶᠢᠨ ᠰᠠᠭᠤᠷᠢ ᠲᠤᠭ᠎ᠠ ᠶᠢᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠪᠠᠯᠠ ᠮᠥᠩᠭᠦ ᠶᠢᠨ ᠪᠦᠲᠦᠴᠡ᠂ ᠢᠷᠡᠯᠲᠡ᠂ ᠦᠯᠡᠳᠡᠪᠦᠷᠢ ᠲᠤᠭ᠎ᠠ᠂ ᠰᠢᠨᠵᠢ ᠴᠢᠨᠠᠷ᠂ ᠬᠡᠷᠡᠭᠯᠡᠯᠲᠡ᠂ ᠬᠠᠷᠢᠶᠠᠯᠠᠭᠳᠠᠬᠤ ᠣᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠡᠵᠡᠮᠰᠢᠵᠦ᠂ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠬᠤᠷᠢᠶᠠᠪᠠᠰᠤ ᠵᠣᠬᠢᠬᠤ ᠪᠦᠬᠦᠨ ᠢ ᠬᠤᠷᠢᠶᠠᠬᠤ᠂ ᠳᠠᠭᠢᠵᠤ ᠳᠣᠭᠢᠷᠠᠭᠤᠯᠬᠤ ᠪᠠ ᠳᠠᠷᠤᠭᠳᠠᠵᠤ ᠪᠠᠶᠢᠭ᠎ᠠ ᠪᠠᠯᠠ ᠮᠥᠩᠭᠦ ᠶᠢᠨ ᠣᠷᠣᠨ ᠵᠠᠶ ᠶᠢ ᠪᠥᠬᠦ ᠲᠠᠯ᠎ᠠ ᠪᠠᠷ ᠰᠢᠬᠠᠨ ᠳᠠᠷᠤᠬᠤ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃      ︵ᠬᠤᠶᠠᠷ︶ ᠲᠥᠷᠥᠯ ᠬᠤᠪᠢᠶᠠᠨ ᠰᠢᠢᠳᠪᠦᠷᠢᠯᠡᠬᠦ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠲᠥᠷᠥᠯ ᠬᠤᠪᠢᠶᠠᠨ ᠰᠢᠢᠳᠪᠦᠷᠢᠯᠡᠬᠦ ᠠᠷᠭ᠎ᠠ ᠶᠢᠨ ᠶᠣᠰᠣᠭᠠᠷ᠂ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠲᠥᠷᠥᠯ ᠬᠤᠪᠢᠶᠠᠨ ᠬᠢᠨᠠᠨ ᠳᠣᠲᠣᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠦᠢᠯ ᠳᠠᠷᠠᠭᠠᠯᠠᠨ ᠪᠣᠳᠠᠲᠠᠶ ᠰᠠᠨᠠᠯ ᠳᠤᠷᠠᠳᠴᠤ᠂ ᠲᠣᠰ ᠰᠠᠯᠠᠭ᠎ᠠ ᠮᠥᠴᠢᠷ ︵ᠨᠢᠭᠡᠴᠡ︶ ᠤᠨ ᠦᠯᠡᠳᠡᠭᠡᠨ ᠬᠡᠷᠡᠭᠯᠡᠭᠰᠡᠨ ᠪᠠᠯᠠ ᠮᠥᠩᠭᠦ ᠶᠢ ᠦᠷᠭᠦᠯᠵᠢᠯᠡᠨ ᠦᠯᠡᠳᠡᠭᠡᠨ ᠬᠡᠷᠡᠭᠯᠡᠵᠦ᠂ ᠡᠳ᠋ ᠤᠨ ᠵᠠᠰᠠᠭ ᠲᠤ ᠪᠤᠴᠠᠭᠠᠨ ᠲᠤᠰᠢᠶᠠᠬᠤ ᠶᠣᠰᠣᠲᠠᠶ ᠪᠠᠯᠠ ᠮᠥᠩᠭᠦ ᠶᠢ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠡᠳ᠋ ᠤᠨ ᠵᠠᠰᠠᠭ ᠲᠤ ᠪᠤᠴᠠᠭᠠᠨ ᠲᠤᠰᠢᠶᠠᠵᠤ ᠨᠢᠭᠡᠳᠦᠯᠲᠡᠶ ᠲᠥᠯᠥᠪᠯᠡᠨ ᠬᠡᠷᠡᠭᠯᠡᠭᠦᠯᠦᠨ᠎ᠡ᠃      ︵ᠭᠤᠷᠪᠠ︶ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠤᠰᠬᠠᠶ ᠠᠵᠢᠯᠯᠠᠭ᠎ᠠ ᠶᠢᠨ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠡᠳ᠋ ᠤᠨ ᠵᠠᠰᠠᠭ ᠤᠨ ᠰᠠᠯᠠᠭ᠎ᠠ ᠮᠥᠴᠢᠷ ᠲᠦᠷᠦᠭᠦᠯᠡᠨ ᠳᠠᠷᠤᠭᠳᠠᠵᠤ ᠪᠠᠶᠢᠭ᠎ᠠ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠬᠡᠷᠡᠭᠯᠡᠬᠦ ᠳᠦᠷᠢᠮ ᠢ ᠰᠤᠳᠤᠯᠤᠨ ᠲᠡᠭᠦᠯᠳᠡᠷᠵᠢᠭᠦᠯᠵᠦ᠂ ᠠᠷᠠᠳ ᠤᠨ ᠪᠠᠩᠬᠢ᠂ ᠬᠢᠨᠠᠨ ᠪᠣᠳᠣᠬᠤ ᠲᠣᠪᠴᠢᠶ᠎ᠠ ᠲᠠᠢ ᠬᠠᠮᠲᠤᠷᠠᠨ ᠳᠠᠷᠤᠭᠳᠠᠵᠤ ᠪᠠᠶᠢᠭ᠎ᠠ ᠪᠡᠯᠡ ᠮᠥᠩᠭᠦ ᠶᠢ ᠢᠯᠭᠠᠷᠠᠭᠤᠯᠤᠨ ᠳᠢᠭᠯᠡᠬᠦ ᠠᠵᠢᠯ ᠢ ᠬᠢᠨᠠᠨ ᠵᠢᠯᠣᠭᠤᠳᠬᠤ᠂ ᠮᠡᠳᠡᠭᠡᠯᠡᠬᠦ᠂ ᠬᠢᠨᠠᠨ ᠬᠠᠮᠢᠶᠠᠷᠬᠤ᠂ ᠳᠠᠷᠤᠭᠳᠠᠮᠠᠯ ᠪᠡᠯᠡ ᠮᠥᠩᠭᠦ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ ᠂ ᠲᠥᠰᠦᠪ ᠤᠨ ᠲᠣᠬᠢᠷᠠᠭᠤᠯᠤᠯᠲᠠ ᠶᠢ ᠳᠠᠷᠤᠭᠳᠠᠮᠠᠯ ᠪᠠᠯᠠ ᠮᠥᠩᠭᠦ ᠶᠢᠨ ᠲᠥᠰᠦᠪ ᠤᠨ ᠲᠣᠬᠢᠷᠠᠭᠤᠯᠤᠯᠲᠠ ᠯᠤᠭ᠎ᠠ ᠬᠤᠯᠪᠣᠭᠳᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠠᠷᠤᠭᠳᠠᠮᠠᠯ ᠪᠠᠯᠠ ᠮᠥᠩᠭᠦ ᠶᠢ ᠲᠣᠭᠲᠠᠭᠠᠯ ᠶᠣᠰᠣᠭᠠᠷ ᠢᠯᠭᠠᠷᠠᠭᠤᠯᠤᠨ ᠳᠢᠭᠯᠡᠵᠦ ᠠᠮᠢᠳᠤᠯᠢᠭ ᠪᠣᠯᠭᠠᠭᠰᠠᠨ ᠥᠬᠡᠶ ᠰᠠᠯᠠᠭ᠎ᠠ ᠮᠥᠴᠢᠷ ᠪᠠ ᠨᠢᠭᠡᠴᠡ ᠶᠢ ᠢᠯᠡ ᠪᠠᠷ ᠵᠠᠷᠯᠠᠨ ᠮᠡᠳᠡᠭᠳᠡᠬᠦ ᠶᠢᠨ ᠬᠠᠮᠲᠤ ᠭᠤᠤᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠬᠦᠯᠬᠦ ᠶᠢᠨ ᠬᠠᠮᠲᠤ᠂ ᠳᠠᠷᠠᠭ᠎ᠠ ᠵᠢᠯ ᠤᠨ ᠬᠠᠮᠢᠶ᠎ᠠ ᠪᠥᠬᠦᠶ ᠡᠳ᠋ ᠤᠨ ᠵᠠᠰᠠᠭ ᠤᠨ ᠲᠥᠰᠦᠪ ᠤᠨ ᠪᠠᠯᠠ ᠮᠥᠩᠭᠦ ᠶᠢᠨ ᠲᠣᠬᠢᠷᠠᠭᠤᠯᠤᠯᠲᠠ ᠶᠢᠨ ᠬᠡᠪᠴᠢᠶ᠎ᠡ ᠶᠢ ᠵᠣᠬᠢᠬᠤ ᠬᠠᠷᠢᠴᠠᠯ ᠢᠶᠠᠷ ᠪᠠᠭᠠᠰᠬᠠᠨ᠎ᠠ᠃       ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ       ᠳᠠᠷᠤᠭᠳᠠᠮᠠᠯ ᠪᠠᠯᠠ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ ᠡᠬᠢᠯᠡᠭᠦᠯᠬᠦ ᠲᠤᠰᠬᠠᠶ ᠠᠵᠢᠯᠯᠠᠭ᠎ᠠ ᠶᠢ ᠨᠢᠭᠡᠴᠡ ᠥᠪᠡᠰᠦᠪᠡᠨ ᠪᠠᠶᠢᠴᠠᠭᠠᠬᠤ᠂ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠬᠤ᠂ ᠢᠯᠭᠠᠷᠠᠭᠤᠯᠤᠨ ᠳᠢᠭᠯᠡᠵᠦ ᠠᠮᠢᠳᠤᠯᠢᠭ ᠪᠣᠯᠭᠠᠬᠤ᠂ ᠳ᠋ᠦᠩᠨᠡᠨ ᠲᠡᠭᠦᠯᠳᠡᠷᠵᠢᠭᠦᠯᠬᠦ ᠳᠥᠷᠪᠡᠨ ᠱᠠᠲᠤ ᠬᠤᠪᠢᠶᠠᠵᠤ᠂ ᠡᠯ᠎ᠡ ᠱᠠᠲᠤ ᠦᠶ᠎ᠡ ᠶᠢᠨ ᠠᠵᠢᠯ ᠤᠨ ᠱᠠᠭᠠᠷᠳᠠᠯᠭ᠎ᠠ ᠪᠠ ᠴᠠᠭ ᠢ ᠳᠣᠤᠷᠠᠬᠢ ᠮᠡᠲᠦ ᠳᠣᠭᠢᠷᠠᠭᠤᠯᠤᠨ᠎ᠠ᠃       ︵ᠨᠢᠭᠡ︶ ᠨᠢᠭᠡᠴᠡ ᠶᠢᠨ ᠥᠪᠡᠷ ᠤᠨ ᠪᠠᠶᠢᠴᠠᠭᠠᠯᠲᠠ ᠶᠢᠨ ᠱᠠᠲᠤ ︵2022 ᠣᠨ ᠤ 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠳᠠᠭᠤᠰᠬᠠᠨ᠎ᠠ︶       1.ᠲᠥᠰᠦᠪ ᠤᠨ ᠰᠠᠯᠠᠭ᠎ᠠ ᠮᠥᠴᠢᠷ ᠤᠨ ᠪᠣᠳᠠᠲᠠᠶ ᠪᠠᠶᠢᠭ᠎ᠠ ᠪᠡᠯᠡ ᠮᠥᠩᠭᠦᠨ ᠤ ᠲᠠᠩᠰᠠᠨ ᠡᠷᠤᠭᠡ ᠶᠢᠨ ᠪᠡᠯᠡ ᠮᠥᠩᠭᠦ᠃ ᠠᠷᠠᠳ ᠤᠨ ᠪᠠᠩᠬᠢ ᠨᠢ ᠬᠤᠳᠠᠯᠳᠤᠭᠠᠨ ᠤ ᠪᠠᠩᠬᠢ ᠲᠠᠢ ᠬᠠᠮᠵᠢᠯᠴᠠᠨ ᠡᠳ᠋ ᠤᠨ ᠵᠠᠰᠠᠭ ᠤᠨ ᠲᠣᠪᠴᠢᠶ᠎ᠠ ᠳᠤ ᠡᠯ᠎ᠡ ᠲᠥᠰᠦᠪ ᠤᠨ ᠨᠢᠭᠡᠴᠢ ᠶᠢᠨ ᠲᠠᠩᠰᠠᠨ ᠡᠷᠦᠬᠡ ᠵᠢᠴᠢ ᠦᠯᠡᠳᠡᠪᠦᠷᠢ ᠶᠢᠨ ᠪᠠᠶᠢᠳᠠᠯ ᠢ ᠬᠠᠩᠭᠠᠵᠤ᠂ ᠡᠳ᠋ ᠤᠨ ᠵᠠᠰᠠᠭ ᠤᠨ ᠲᠣᠪᠴᠢᠶ᠎ᠠ ᠪᠠᠷ ᠡᠮᠬᠢᠯᠡᠨ ᠲᠢᠭᠯᠡᠭᠰᠡᠨ ᠤ ᠲᠠᠷᠠᠭ᠎ᠠ ᠡᠯ᠎ᠡ ᠲᠥᠰᠦᠪ ᠤᠨ ᠰᠠᠯᠠᠭ᠎ᠠ ᠮᠥᠴᠢᠷ ᠲᠤ ᠬᠤᠪᠢᠶᠠᠨ ᠲᠠᠷᠬᠠᠭᠠᠨ᠎ᠠ᠃ ᠡᠯ᠎ᠡ ᠲᠥᠰᠦᠪ ᠤᠨ ᠰᠠᠯᠠᠭ᠎ᠠ ᠮᠥᠴᠢᠷ ᠤᠳ ᠲᠠᠩᠰᠠᠨ ᠡᠷᠦᠬᠡ ᠵᠢᠴᠢ ᠦᠯᠡᠳᠡᠪᠦᠷᠢ ᠲᠤᠭ᠎ᠠ ᠶᠢᠨ ᠪᠠᠶᠢᠳᠠᠯ ᠲᠠᠢ ᠬᠠᠷᠢᠴᠠᠭᠤᠯᠤᠨ᠂ ᠥᠪᠡᠷ ᠤᠨ ᠪᠠᠶᠢᠴᠠᠭᠠᠯᠲᠠ ᠶᠢ ᠪᠥᠬᠦ ᠲᠠᠯ᠎ᠠ ᠪᠠᠷ ᠥᠷᠨᠢᠭᠦᠯᠵᠦ᠂ ᠲᠣᠰ ᠰᠠᠯᠠᠭ᠎ᠠ ᠮᠥᠴᠢᠷ ᠵᠢᠴᠢ ᠬᠠᠷᠢᠶ᠎ᠠ ᠨᠢᠭᠡᠴᠡ ᠶᠢᠨ ᠢᠶᠠᠨ ᠲᠠᠩᠰᠠᠨ ᠡᠷᠦᠬᠡ ᠶᠢᠨ ᠪᠠᠯᠠ ᠮᠥᠩᠭᠦ ᠶᠢᠨ ᠪᠠᠶᠢᠳᠠᠯ ᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠵᠠᠳᠠᠯᠤᠨ ᠬᠤᠷᠢᠶᠠᠩᠭᠤᠶᠢᠯᠠᠵᠤ᠂ ᠲᠠᠩᠰᠠᠨ ᠡᠷᠦᠬᠡ ᠶᠢ ᠬᠠᠰᠤᠵᠤ ᠨᠡᠶᠢᠯᠡᠭᠦᠯᠬᠦ᠂ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠳᠡᠭᠡᠭᠰᠢ ᠲᠤᠰᠢᠶᠠᠬᠤ ᠪᠤᠶᠤ ᠦᠷᠭᠦᠯᠵᠢᠯᠡᠨ ᠦᠯᠡᠳᠡᠭᠡᠨ ᠬᠡᠷᠡᠭᠯᠡᠬᠦ ᠵᠡᠷᠭᠡ ᠠᠩᠬ᠎ᠠ ᠠᠯᠬᠤᠮ ᠤᠨ ᠰᠠᠨᠠᠯ ᠢᠶᠠᠨ ᠳᠤᠷᠠᠳᠴᠤ᠂ ᠨᠢᠭᠡᠴᠡ ᠶᠢᠨ ᠭᠤᠤᠯ ᠬᠠᠷᠢᠭᠤᠴᠠᠯᠭᠠᠲᠠᠨ ᠢᠶᠠᠷ ᠬᠢᠨᠠᠨ ᠭᠠᠷ ᠤᠨ ᠥᠰᠥᠭ ᠵᠢᠷᠤᠭᠤᠯᠤᠭᠰᠠᠨ ᠤ ᠳᠠᠷᠠᠭ᠎ᠠ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ ᠲᠥᠷᠥ ᠶᠢᠨ ᠪᠣᠳᠣᠯᠭ᠎ᠠ ᠳᠤ ᠨᠢᠭᠡᠨᠲᠡ ᠲᠣᠳᠣᠷᠬᠠᠶ ᠪᠣᠯᠤᠭᠰᠠᠨ ᠳᠠᠷᠤᠭᠳᠠᠮᠠᠯ ᠪᠠᠯᠠ ᠮᠥᠩᠭᠦ ᠶᠢ ᠴᠠᠭ ᠲᠤᠬᠠᠶ ᠳᠤᠨᠢ ᠡᠳ᠋ ᠤᠨ ᠵᠠᠰᠠᠭ ᠲᠤ ᠲᠤᠰᠢᠶᠠᠬᠤ ᠶᠢᠨ ᠬᠠᠮᠲᠤ ᠢᠯᠡᠭᠦᠴᠡ ᠲᠠᠩᠰᠠᠨ ᠡᠷᠦᠬᠡ ᠶᠢ ᠬᠠᠰᠤᠵᠤ ᠨᠡᠶᠢᠯᠡᠭᠦᠯᠦᠨ᠎ᠡ︔ ᠦᠷᠭᠦᠯᠵᠢᠯᠡᠨ ᠦᠯᠡᠳᠡᠭᠡᠨ ᠬᠡᠷᠡᠭᠯᠡᠬᠦ ᠪᠡᠯᠡ ᠮᠥᠩᠭᠦ ᠪᠠ ᠦᠨᠳᠦᠰᠦᠨ ᠡᠷᠦᠬᠡ ᠠᠴᠠ ᠭᠠᠳᠠᠨᠠᠬᠢ ᠪᠤᠰᠤᠳ ᠳᠠᠩᠰᠠᠨ ᠡᠷᠦᠬᠡ ᠶᠢ ᠦᠯᠡᠳᠡᠭᠡᠬᠦ ᠴᠢᠬᠤᠯᠠᠲᠠᠶ ᠪᠠᠶᠢᠪᠠᠯ᠂ ᠦᠯᠡᠳᠡᠭᠡᠨ ᠬᠡᠷᠡᠭᠯᠡᠬᠦ ᠤᠴᠢᠷ ᠰᠢᠯᠲᠠᠭᠠᠨ ᠪᠠ ᠦᠨᠳᠦᠰᠦ ᠪᠠᠷᠢᠮᠲᠠ ᠪᠠᠨ ᠲᠤᠰᠢᠶᠠᠬᠤ ᠬᠡᠷᠡᠭᠲᠡᠶ᠃        2.ᠳᠡᠭᠡᠳᠦ ᠱᠠᠲᠤᠨ ᠠᠴᠠ ᠰᠢᠯᠵᠢᠭᠦᠯᠦᠨ ᠥᠭᠬᠦ ᠪᠡᠯᠡ ᠮᠥᠩᠭᠦ᠃ ᠡᠳ᠋ ᠤᠨ ᠵᠠᠰᠠᠭ ᠤᠨ ᠲᠣᠪᠴᠢᠶ᠎ᠠ ᠠᠴᠠ 2 ᠵᠢᠯ ᠠᠴᠠ ᠳᠡᠭᠡᠭᠰᠢ ᠳ᠋ᠦᠩᠨᠡᠨ ᠰᠢᠯᠵᠢᠭᠦᠯᠦᠭᠰᠡᠨ ᠰᠠᠯᠠᠭ᠎ᠠ ᠮᠥᠴᠢᠷ᠂ ᠨᠢᠭᠡᠴᠡ ᠳᠤ ᠬᠤᠪᠢᠶᠠᠷᠢᠯᠠᠵᠤ ᠥᠭᠭᠦᠭᠰᠡᠨ ᠥᠬᠡᠶ ᠰᠢᠯᠵᠢᠭᠦᠯᠦᠨ ᠥᠭᠬᠦ ᠪᠠᠯᠠ ᠮᠥᠩᠭᠦ ᠳᠤ᠂ ᠪᠠᠯᠠ ᠮᠥᠩᠭᠦ ᠶᠢᠨ ᠲᠥᠷᠥᠯ ᠵᠦᠢᠯ᠂ ᠦᠯᠡᠳᠡᠪᠦᠷᠢ ᠲᠤᠭ᠎ᠠ᠂ ᠬᠠᠷᠢᠶᠠᠯᠠᠭᠳᠠᠬᠤ ᠣᠨ᠂ ᠠᠮᠢᠳᠤᠯᠢᠭ ᠪᠣᠯᠭᠠᠵᠤ ᠪᠣᠯᠬᠤ ᠡᠰᠡᠬᠦ ᠵᠡᠷᠭᠡ ᠪᠠᠶᠢᠳᠠᠯ ᠢ ᠨᠠᠷᠢᠨ ᠬᠢᠨᠠᠮᠠᠭᠠᠶ ᠡᠮᠬᠢᠯᠡᠨ ᠳᠢᠭᠯᠡᠬᠦ ᠶᠢᠨ ᠬᠠᠮᠲᠤ᠂ ᠳᠡᠭᠡᠳᠦ ᠱᠠᠲᠤᠨ ᠤ ᠰᠢᠯᠵᠢᠭᠦᠯᠦᠨ ᠥᠭᠬᠦ ᠪᠠᠯᠠ ᠮᠥᠩᠭᠦ ᠶᠢᠨ ᠪᠠᠶᠢᠳᠠᠯ ᠤᠨ ᠬᠦᠰᠦᠨᠦᠭᠲᠦ ᠶᠢ ᠲᠠᠭᠯᠠᠨ ᠮᠡᠳᠡᠭᠦᠯᠵᠦ᠂ ᠳ᠋ᠦᠩᠨᠡᠨ ᠰᠢᠯᠵᠢᠭᠦᠯᠦᠭᠰᠡᠨ ᠪᠠᠯᠠ ᠮᠥᠩᠭᠦ ᠶᠢ ᠠᠮᠢᠳᠤᠯᠢᠭ ᠪᠣᠯᠭᠠᠬᠤ ᠪᠤᠶᠤ ᠦᠷᠭᠦᠯᠵᠢᠯᠡᠨ ᠬᠡᠷᠡᠭᠯᠡᠬᠦ ᠵᠡᠷᠭᠡ ᠠᠩᠬ᠎ᠠ ᠠᠯᠬᠤᠮ ᠤᠨ ᠰᠢᠢᠳᠪᠦᠷᠢᠯᠡᠬᠦ ᠰᠠᠨᠠᠭᠤᠯᠭ᠎ᠠ ᠶᠢ ᠳᠤᠷᠠᠳᠤᠨ ᠭᠠᠷᠭᠠᠨ᠎ᠠ︔ ᠡᠯ᠎ᠡ ᠲᠥᠰᠦᠪ ᠤᠨ ᠨᠢᠭᠡᠴᠡ ᠶᠢᠨ 2 ᠵᠢᠯ ᠠᠴᠠ ᠳᠡᠭᠡᠭᠰᠢ ᠳ᠋ᠦᠩᠨᠡᠨ ᠰᠢᠯᠵᠢᠭᠦᠯᠦᠭᠰᠡᠨ ᠰᠢᠯᠵᠢᠭᠦᠯᠦᠨ ᠥᠭᠬᠦ ᠪᠡᠯᠡ ᠮᠥᠩᠭᠦ ᠵᠢᠴᠢ ᠳᠡᠭᠡᠳᠦ ᠱᠠᠲᠤᠨ ᠤ ᠪᠠᠭᠤᠯᠭᠠᠭᠰᠠᠨ ᠰᠢᠯᠵᠢᠭᠦᠯᠦᠨ ᠥᠭᠬᠦ ᠪᠡᠯᠡ ᠮᠥᠩᠭᠦ ᠶᠢᠨ ᠳᠣᠲᠣᠷ᠎ᠠ᠂ ᠢᠵᠢ ᠪᠦᠷᠢᠳᠦᠭᠰᠡᠨ ᠲᠥᠷᠥᠯ ᠵᠦᠢᠯ ᠪᠠᠶᠢᠬᠤ ᠦᠭᠡᠶ ᠠᠴᠠ ᠪᠣᠯᠵᠤ ᠬᠡᠷᠡᠭᠵᠢᠭᠦᠯᠬᠦ ᠶᠢᠨ ᠠᠷᠭ᠎ᠠ ᠦᠭᠡᠶ ᠲᠤᠰᠬᠠᠶ ᠪᠡᠯᠡ ᠮᠥᠩᠭᠦ ᠪᠠᠯᠠ ᠮᠥᠩᠭᠦ ᠶᠢᠨ ᠲᠥᠷᠥᠯ ᠵᠦᠢᠯ᠂ ᠦᠯᠡᠳᠡᠪᠦᠷᠢ ᠲᠤᠭ᠎ᠠ᠂ ᠬᠠᠷᠢᠶ᠎ᠠ ᠣᠨ᠂ ᠴᠢᠯᠥᠭᠡᠲᠡᠶ ᠴᠢᠯᠥᠭᠡᠲᠡᠶ ᠪᠠᠶᠢᠯᠭᠠᠵᠤ ᠪᠣᠯᠬᠤ ᠡᠰᠡᠬᠦ ᠵᠡᠷᠭᠡ ᠪᠠᠶᠢᠳᠠᠯ ᠢ ᠬᠢᠨᠠᠮᠠᠭᠠᠶ ᠡᠮᠬᠢᠯᠡᠨ ᠳᠢᠭᠯᠡᠵᠦ᠂ ᠳᠡᠭᠡᠳᠦ ᠱᠠᠲᠤᠨ ᠤ ᠰᠢᠯᠵᠢᠭᠦᠯᠦᠨ ᠥᠭᠬᠦ ᠪᠠᠯᠠ ᠮᠥᠩᠭᠦ ᠶᠢᠨ ᠪᠠᠶᠢᠳᠠᠯ ᠤᠨ ᠬᠦᠰᠦᠨᠦᠭᠲᠦ ᠶᠢ ᠦᠨᠡᠨ ᠮᠥᠨ ᠢᠶᠠᠷ ᠲᠠᠭᠯᠠᠨ ᠮᠡᠳᠡᠭᠦᠯᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠷᠢᠶ᠎ᠠ ᠨᠢᠭᠡᠴᠡ ᠶᠢᠨ ᠢᠶᠠᠨ ᠪᠠᠶᠢᠳᠠᠯ ᠢ ᠬᠤᠷᠢᠶᠠᠩᠭᠤᠶᠢᠯᠠᠨ᠂ ᠳ᠋ᠦᠩᠨᠡᠨ ᠰᠢᠯᠵᠢᠭᠦᠯᠦᠭᠰᠡᠨ ᠪᠠᠯᠠ ᠮᠥᠩᠭᠦ ᠶᠢ ᠡᠳ᠋ ᠤᠨ ᠵᠠᠰᠠᠭ ᠲᠤ ᠲᠤᠰᠢᠶᠠᠬᠤ ᠪᠤᠶᠤ ᠦᠷᠭᠦᠯᠵᠢᠯᠡᠨ ᠬᠡᠷᠡᠭᠯᠡᠬᠦ ᠵᠡᠷᠭᠡ ᠠᠩᠬ᠎ᠠ ᠠᠯᠬᠤᠮ ᠤᠨ ᠰᠢᠢᠳᠪᠦᠷᠢᠯᠡᠬᠦ ᠰᠠᠨᠠᠭᠤᠯᠭ᠎ᠠ ᠶᠢ ᠳᠤᠷᠠᠳᠴᠤ᠂ ᠲᠥᠷᠥ ᠶᠢᠨ ᠪᠣᠳᠣᠯᠭ᠎ᠠ ᠳᠤ ᠲᠣᠳᠣᠷᠬᠠᠶ ᠪᠠᠶᠢᠭ᠎ᠠ ᠴᠢᠯᠥᠭᠡᠲᠡᠶ ᠰᠢᠯᠵᠢᠭᠦᠯᠵᠦ ᠪᠣᠯᠬᠤ ᠳ᠋ᠦᠩᠨᠡᠨ ᠰᠢᠯᠵᠢᠭᠦᠯᠦᠭᠰᠡᠨ ᠪᠠᠯᠠ ᠮᠥᠩᠭᠦ ᠶᠢ ᠴᠠᠭ ᠲᠤᠬᠠᠶ ᠳᠤᠨᠢ ᠡᠳ᠋ ᠤᠨ ᠵᠠᠰᠠᠭ ᠲᠤ ᠪᠤᠴᠠᠭᠠᠨ ᠲᠤᠰᠢᠶᠠᠬᠤ ᠬᠡᠷᠡᠭᠲᠡᠶ᠃       3.ᠳᠡᠭᠡᠳᠦ ᠱᠠᠲᠤᠨ ᠠᠴᠠ ᠪᠠᠭᠤᠯᠭᠠᠭᠰᠠᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ᠃ ᠡᠯ᠎ᠡ ᠬᠠᠮᠢᠶ᠎ᠠ ᠪᠦᠬᠦᠢ ᠨᠢᠭᠡᠴᠡ ᠶᠢᠨ ᠳᠡᠭᠡᠳᠦ ᠱᠠᠲᠤᠨ ᠠᠴᠠ ᠪᠠᠭᠤᠯᠭᠠᠭᠰᠠᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠳᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ᠂ ᠦᠯᠡᠳᠡᠪᠦᠷᠢ ᠲᠤᠭ᠎ᠠ᠂ ᠬᠠᠷᠢᠶᠠᠯᠠᠭᠳᠠᠬᠤ ᠣᠨ᠂ ᠲᠥᠷᠥᠯ ᠵᠦᠢᠯ ᠢ ᠰᠢᠯᠢᠳᠡᠭᠵᠢᠭᠦᠯᠦᠨ ᠳᠣᠭᠢᠷᠠᠭᠤᠯᠵᠤ ᠪᠣᠯᠬᠤ ᠡᠰᠡᠬᠦ ᠵᠡᠷᠭᠡ ᠪᠠᠶᠢᠳᠠᠯ ᠢ ᠬᠢᠨᠠᠮᠠᠭᠠᠶ ᠡᠮᠬᠢᠯᠡᠵᠦ᠂ ᠳᠡᠭᠡᠳᠦ ᠱᠠᠲᠤᠨ ᠤ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠪᠠᠶᠢᠳᠠᠯ ᠤᠨ ᠬᠦᠰᠦᠨᠦᠭᠲᠦ ᠶᠢ ᠦᠨᠡᠨ ᠮᠥᠨ ᠢᠶᠠᠷ ᠲᠠᠭᠯᠠᠨ ᠮᠡᠳᠡᠭᠦᠯᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠷᠢᠶ᠎ᠠ ᠨᠢᠭᠡᠴᠡ ᠶᠢᠨ ᠢᠶᠠᠨ ᠪᠠᠶᠢᠳᠠᠯ ᠢ ᠬᠤᠷᠢᠶᠠᠩᠭᠤᠶᠢᠯᠠᠨ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠦᠷᠭᠦᠯᠵᠢᠯᠡᠨ ᠬᠡᠷᠡᠭᠯᠡᠬᠦ᠂ ᠲᠥᠷᠥᠯ ᠵᠦᠢᠯ ᠢ ᠰᠢᠯᠢᠳᠡᠭᠵᠢᠭᠦᠯᠦᠨ ᠳᠣᠭᠢᠷᠠᠭᠤᠯᠬᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠳᠠᠭᠤᠰᠬᠠᠬᠤ ᠵᠡᠷᠭᠡ ᠠᠩᠬ᠎ᠠ ᠠᠯᠬᠤᠮ ᠤᠨ ᠰᠢᠢᠳᠪᠦᠷᠢᠯᠡᠬᠦ ᠰᠠᠨᠠᠭᠤᠯᠭ᠎ᠠ ᠶᠢ ᠳᠤᠷᠠᠳᠬᠤ ᠬᠡᠷᠡᠭᠲᠡᠶ᠃        4.ᠲᠤᠰ ᠱᠠᠲᠤᠨ ᠤ ᠡᠳ᠋ ᠤᠨ ᠬᠦᠴᠦᠨ ᠤ ᠲᠣᠬᠢᠷᠠᠭᠤᠯᠤᠭᠰᠠᠨ ᠡᠳ᠋ ᠤᠨ ᠵᠠᠰᠠᠭ ᠤᠨ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ᠃ ᠡᠯ᠎ᠡ ᠲᠥᠰᠦᠪ ᠤᠨ ᠨᠢᠭᠡᠴᠡ ᠨᠦᠭᠦᠳ ᠲᠣᠰ ᠱᠠᠲᠤᠨ ᠤ ᠡᠳ᠋ ᠤᠨ ᠬᠦᠴᠦᠨ ᠤ ᠲᠣᠬᠢᠷᠠᠭᠤᠯᠤᠯᠲᠠ ᠪᠠᠷ ᠳᠠᠮᠵᠢᠭᠰᠠᠨ ᠳ᠋ᠦᠩᠨᠡᠨ ᠰᠢᠯᠵᠢᠭᠦᠯᠦᠭᠰᠡᠨ ᠪᠠᠯᠠ ᠮᠥᠩᠭᠦ ᠶᠢ ᠡᠮᠬᠢᠯᠡᠨ ᠳᠢᠭᠯᠡᠵᠦ᠂ ᠲᠣᠰ ᠱᠠᠲᠤᠨ ᠤ ᠡᠳ᠋ ᠤᠨ ᠬᠦᠴᠦᠨ ᠤ ᠲᠣᠬᠢᠷᠠᠭᠤᠯᠤᠯᠲᠠ ᠶᠢᠨ ᠳ᠋ᠦᠩᠨᠡᠨ ᠰᠢᠯᠵᠢᠭᠦᠯᠦᠭᠰᠡᠨ ᠪᠠᠯᠠ ᠮᠥᠩᠭᠦ ᠶᠢᠨ ᠪᠠᠶᠢᠳᠠᠯ ᠤᠨ ᠬᠦᠰᠦᠨᠦᠭᠲᠦ ᠶᠢ ᠦᠨᠡᠨ ᠪᠣᠳᠠᠲᠠᠶ ᠪᠠᠷ ᠲᠠᠭᠯᠠᠨ ᠮᠡᠳᠡᠭᠦᠯᠬᠦ ᠶᠢᠨ ᠬᠠᠮᠲᠤ᠂ ᠬᠠᠷᠢᠶ᠎ᠠ ᠨᠢᠭᠡᠴᠡ ᠶᠢᠨ ᠢᠶᠠᠨ ᠪᠠᠶᠢᠳᠠᠯ ᠢ ᠬᠤᠷᠢᠶᠠᠩᠭᠤᠶᠢᠯᠠᠵᠤ᠂ ᠲᠣᠰ ᠱᠠᠲᠤᠨ ᠤ ᠡᠳ᠋ ᠤᠨ ᠵᠠᠰᠠᠭ ᠲᠤ ᠪᠤᠴᠠᠭᠠᠨ ᠲᠤᠰᠢᠶᠠᠬᠤ ᠪᠤᠶᠤ ᠦᠷᠭᠦᠯᠵᠢᠯᠡᠨ ᠬᠡᠷᠡᠭᠯᠡᠬᠦ ᠵᠡᠷᠭᠡ ᠠᠩᠬ᠎ᠠ ᠠᠯᠬᠤᠮ ᠤᠨ ᠰᠢᠢᠳᠪᠦᠷᠢᠯᠡᠬᠦ ᠰᠠᠨᠠᠭᠤᠯᠭ᠎ᠠ ᠶᠢ ᠳᠤᠷᠠᠳᠬᠤ ᠬᠡᠷᠡᠭᠲᠡᠶ᠃       5. ᠡᠳ᠋ ᠤᠨ ᠵᠠᠰᠠᠭ ᠤᠨ ᠨᠡᠶᠢᠭᠡᠮ ᠤᠨ ᠪᠠᠲᠤᠯᠠᠭ᠎ᠠ ᠶᠢᠨ ᠲᠤᠰᠬᠠᠶ ᠡᠷᠦᠬᠡ ᠶᠢᠨ ᠰᠠᠭᠤᠷᠢ ᠮᠥᠩᠭᠦ᠃ ᠲᠣᠰ ᠱᠠᠲᠤᠨ ᠤ ᠡᠳ᠋ ᠤᠨ ᠵᠠᠰᠠᠭ ᠠᠴᠠ ᠨᠡᠶᠢᠭᠡᠮ ᠤᠨ ᠪᠠᠲᠤᠯᠠᠭ᠎ᠠ ᠶᠢᠨ ᠲᠤᠰᠬᠠᠶ ᠡᠷᠦᠬᠡ ᠶᠢᠨ ᠰᠠᠭᠤᠷᠢ ᠮᠥᠩᠭᠦ ᠶᠢᠨ ᠲᠥᠷᠥᠯ ᠬᠡᠯᠪᠡᠷᠢ᠂ ᠬᠡᠪᠴᠢᠶ᠎ᠡ᠂ ᠲᠣᠭᠠᠴᠠᠭ᠎ᠠ ᠵᠢᠴᠢ ᠳ᠋ᠦᠩᠨᠡᠨ ᠬᠠᠳᠠᠭᠠᠯᠠᠭᠰᠠᠨ ᠪᠠᠶᠢᠳᠠᠯ ᠢ ᠡᠮᠬᠢᠯᠡᠨ ᠳᠢᠭᠯᠡᠵᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠪᠠᠶᠢᠳᠠᠯ ᠤᠨ ᠬᠦᠰᠦᠨᠦᠭᠲᠦ ᠶᠢ ᠦᠨᠡᠨ ᠪᠣᠳᠠᠲᠠᠶ ᠪᠠᠷ ᠲᠠᠭᠯᠠᠨ ᠮᠡᠳᠡᠭᠦᠯᠵᠦ᠂ ᠲᠣᠭᠲᠠᠮᠠᠯ ᠬᠠᠳᠠᠭᠠᠯᠠᠮᠵᠢ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠵᠦ ᠪᠣᠯᠬᠤ ᠡᠰᠡᠬᠦ ᠶᠢ ᠳᠤᠷᠠᠳᠤᠨ ᠭᠠᠷᠭᠠᠨ᠎ᠠ᠃       6. ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠲᠤᠰᠬᠠᠶ ᠲᠠᠩᠰᠠᠨ ᠡᠷᠦᠬᠡ ᠶᠢᠨ ᠪᠠᠯᠠ ᠮᠥᠩᠭᠦ᠃ ᠲᠣᠰ ᠱᠠᠲᠤᠨ ᠤ ᠡᠳ᠋ ᠤᠨ ᠵᠠᠰᠠᠭ ᠨᠢ ᠰᠤᠷᠭᠠᠨ ᠬᠥᠮᠦᠵᠢᠯ ᠤᠨ ᠲᠤᠰᠬᠠᠶ ᠡᠷᠦᠬᠡ ᠶᠢᠨ ᠪᠠᠯᠠ ᠮᠥᠩᠭᠦ ᠶᠢᠨ ᠬᠡᠪᠴᠢᠶ᠎ᠡ᠂ ᠣᠯᠭᠤᠬᠤ ᠵᠢᠴᠢ ᠳ᠋ᠦᠩᠨᠡᠨ ᠦᠯᠡᠳᠡᠭᠡᠭᠰᠡᠨ ᠪᠠᠶᠢᠳᠠᠯ ᠢ ᠡᠮᠬᠢᠯᠡᠨ ᠳᠢᠭᠯᠡᠵᠦ᠂ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠲᠤᠰᠬᠠᠶ ᠡᠷᠦᠬᠡ ᠶᠢᠨ ᠪᠠᠯᠠ ᠮᠥᠩᠭᠦ ᠶᠢᠨ ᠪᠠᠶᠢᠳᠠᠯ ᠤᠨ ᠬᠦᠰᠦᠨᠦᠭᠲᠦ ᠶᠢ ᠦᠨᠡᠨ ᠮᠥᠨ ᠢᠶᠠᠷ ᠲᠠᠭᠯᠠᠨ ᠮᠡᠳᠡᠭᠦᠯᠵᠦ᠂ ᠴᠢᠯᠥᠭᠡᠲᠡᠶ ᠴᠢᠯᠥᠭᠡᠲᠡᠶ ᠨᠢᠭᠡᠳᠦᠯᠲᠡᠶ ᠲᠥᠯᠥᠪᠯᠡᠨ ᠬᠡᠷᠡᠭᠯᠡᠵᠦ ᠪᠣᠯᠬᠤ ᠡᠰᠡᠬᠦ ᠰᠠᠨᠠᠭᠤᠯᠭ᠎ᠠ ᠶᠢ ᠳᠤᠷᠠᠳᠤᠨ᠎ᠠ᠃       ᠳᠡᠭᠡᠷ᠎ᠡ ᠳᠤᠷᠠᠳᠤᠭᠰᠠᠨ ᠵᠢᠷᠭᠤᠭᠠᠨ ᠵᠦᠢᠯ ᠤᠨ ᠪᠠᠯᠠ ᠮᠥᠩᠭᠦ ᠶᠢ ᠬᠤᠷᠢᠶᠠᠩᠭᠤᠶᠢᠯᠠᠵᠤ ᠥᠪᠡᠷ ᠢᠶᠠᠨ ᠪᠠᠶᠢᠴᠠᠭᠠᠭᠰᠠᠨ ᠪᠠᠶᠢᠳᠠᠯ ᠢᠶᠠᠨ ᠳᠠᠷᠤᠭᠳᠠᠵᠤ ᠪᠠᠶᠢᠭ᠎ᠠ ᠪᠠᠯᠠ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ ᠡᠬᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠬᠢᠨᠠᠨ ᠲᠣᠭᠲᠠᠭᠠᠯᠭᠠᠭᠰᠠᠨ ᠤ ᠳᠠᠷᠠᠭ᠎ᠠ ᠳᠡᠭᠡᠭᠰᠢ ᠮᠡᠳᠡᠭᠦᠯᠦᠨ᠎ᠡ᠃       ︵ᠬᠤᠶᠠᠷ︶ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠬᠤ ᠱᠠᠲᠤ ᠦᠶ᠎ᠡ ︵2022 ᠣᠨ ᠤ 9 ᠳ᠋ᠦᠭᠡᠷ ᠰᠠᠷ᠎ᠠ ᠶᠢᠨ 1 ᠤ ᠡᠳᠦᠷ ᠠᠴᠠ 9 ᠳ᠋ᠦᠭᠡᠷ ᠰᠠᠷ᠎ᠠ ᠶᠢᠨ 30 ᠤ ᠡᠳᠦᠷ︶       ᠬᠢᠨᠠᠨ ᠪᠤᠳᠤᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠪᠠ ᠠᠷᠠᠳ ᠤᠨ ᠪᠠᠩᠬᠢ ᠥᠪᠡᠷ ᠤᠨ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠭᠤᠤᠯᠳᠠᠯᠭ᠎ᠠ ᠲᠠᠢ ᠬᠢᠨᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠭᠤᠤᠯᠳᠠᠭᠤ ᠥᠪᠡᠷ ᠢᠶᠠᠨ ᠪᠠᠶᠢᠴᠠᠭᠠᠭᠰᠠᠨ ᠪᠠᠶᠢᠳᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠢ ᠬᠢᠨᠠᠨ ᠬᠠᠷᠭᠤᠭᠤᠯᠵᠤ᠂ ᠬᠢᠨᠠᠨ ᠪᠤᠳᠤᠯᠲᠠ ᠶᠢᠨ ᠰᠦᠪᠡᠭᠴᠢ᠂ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠠᠰᠠᠭᠤᠳᠠᠯ ᠣᠷᠣᠰᠢᠵᠤ ᠪᠠᠶᠢᠭ᠎ᠠ ᠰᠠᠯᠠᠭ᠎ᠠ ᠮᠥᠴᠢᠷ ᠪᠠ ᠨᠢᠭᠡᠴᠡ ᠶᠢ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠵᠤ᠂ ᠭᠡᠷᠡᠴᠢᠯᠡᠬᠦ ᠮᠠᠲ᠋ᠧᠷᠢᠶᠠᠯ ᠢ ᠴᠤᠭᠯᠠᠭᠤᠯᠤᠨ ᠡᠮᠬᠢᠳᠬᠡᠵᠦ᠂ ᠰᠢᠢᠳᠪᠦᠷᠢᠯᠡᠬᠦ ᠦᠨᠳᠦᠰᠦᠯᠡᠯ ᠢ ᠨᠥᠬᠦᠪᠥᠷᠢᠯᠡᠨ ᠲᠡᠭᠦᠯᠳᠡᠷᠵᠢᠭᠦᠯᠵᠦ᠂ ᠬᠠᠷᠭᠤᠭᠤᠯᠤᠨ ᠪᠠᠶᠢᠴᠠᠭᠠᠭᠰᠠᠨ ᠮᠡᠳᠡᠭᠦᠯᠦᠯᠲᠡ ᠶᠢ ᠴᠠᠭ ᠲᠤᠬᠠᠶ ᠳᠤᠨᠢ ᠪᠦᠷᠢᠯᠳᠦᠭᠦᠯᠦᠨ᠎ᠡ᠃ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠭᠰᠠᠨ ᠪᠠᠶᠢᠳᠠᠯ ᠢ ᠬᠤᠲᠠ ᠶᠢᠨ ᠳᠠᠷᠤᠭᠳᠠᠵᠤ ᠪᠠᠶᠢᠭ᠎ᠠ ᠪᠠᠯᠠ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ ᠡᠬᠢᠯᠡᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠳᠤ ᠮᠡᠳᠡᠭᠦᠯᠵᠦ ᠬᠢᠨᠠᠨ ᠲᠣᠭᠲᠠᠭᠠᠯᠭᠠᠭᠰᠠᠨ ᠤ ᠳᠠᠷᠠᠭ᠎ᠠ ᠳᠡᠭᠡᠭᠰᠢ ᠮᠡᠳᠡᠭᠦᠯᠦᠨ᠎ᠡ᠃      ︵ᠭᠤᠷᠪᠠ︶ ᠢᠯᠭᠠᠷᠠᠭᠤᠯᠤᠨ ᠳᠢᠭᠯᠡᠵᠦ ᠠᠮᠢᠯᠠᠭᠤᠯᠬᠤ ᠱᠠᠲᠤ ᠦᠶ᠎ᠡ ︵2022 ᠣᠨ ᠤ 10 ᠰᠠᠷ᠎ᠠ ᠶᠢᠨ 1 ᠤ ᠡᠳᠦᠷ — 11 ᠰᠠᠷ᠎ᠠ ᠶᠢᠨ 10 ᠤ ᠡᠳᠦᠷ︶       ᠡᠳ᠋ ᠤᠨ ᠵᠠᠰᠠᠭ ᠤᠨ ᠲᠣᠪᠴᠢᠶ᠎ᠠ ᠠᠴᠠ ᠥᠪᠡᠰᠦᠪᠡᠨ ᠪᠠᠶᠢᠴᠠᠭᠠᠭᠰᠠᠨ ᠪᠠᠶᠢᠳᠠᠯ ᠢ ᠲᠥᠷᠥᠯ ᠬᠤᠪᠢᠶᠠᠨ ᠢᠯᠭᠠᠨ ᠳᠣᠲᠣᠯᠠᠵᠤ᠂ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠪᠣᠳᠠᠲᠠᠶ ᠰᠢᠢᠳᠪᠦᠷᠢᠯᠡᠬᠦ ᠰᠠᠨᠠᠯ ᠳᠤᠷᠠᠳᠴᠤ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠵᠦᠶ᠋ᠯ ᠳᠠᠷᠠᠭᠠᠯᠠᠨ ᠢᠯᠭᠠᠷᠠᠭᠤᠯᠵᠤ᠂ ᠨᠢᠭᠡᠳᠦᠯᠲᠡᠶ ᠲᠥᠯᠥᠪᠯᠡᠨ ᠬᠡᠷᠡᠭᠯᠡᠨ᠎ᠡ᠃       ᠲᠥᠰᠦᠪ ᠤᠨ ᠨᠢᠭᠡᠴᠡ ᠶᠢᠨ ᠪᠣᠳᠠᠲᠠᠶ ᠪᠠᠶᠢᠭ᠎ᠠ ᠪᠠᠯᠠ ᠮᠥᠩᠭᠦ ᠶᠢᠨ ᠲᠠᠩᠰᠠᠨ ᠡᠷᠦᠬᠡ ᠶᠢᠨ ᠪᠠᠯᠠ ᠮᠥᠩᠭᠦ ᠶᠢᠨ ᠲᠠᠯ᠎ᠠ ᠪᠠᠷ᠄ ᠳᠠᠷᠤᠭᠳᠠᠵᠤ ᠪᠠᠶᠢᠭ᠎ᠠ ᠪᠠᠯᠠ ᠮᠥᠩᠭᠦ ᠶᠢᠨ ᠲᠠᠯ᠎ᠠ ᠪᠠᠷ ᠨᠢᠭᠡᠨᠲᠡ ᠲᠣᠳᠣᠷᠬᠠᠶ ᠱᠠᠭᠠᠷᠳᠠᠯᠭ᠎ᠠ ᠲᠠᠢ ᠪᠠᠶᠢᠪᠠᠯ᠂ ᠲᠣᠭᠲᠠᠭᠠᠯ ᠶᠣᠰᠣᠭᠠᠷ ᠠᠮᠢᠳᠤᠯᠢᠭ ᠢᠶᠠᠷ ᠬᠡᠷᠡᠭᠯᠡᠨ᠎ᠡ︔ ᠲᠣᠳᠣᠷᠬᠠᠶ ᠱᠠᠭᠠᠷᠳᠠᠯᠭ᠎ᠠ ᠥᠬᠡᠶ ᠪᠣᠯ᠂ ᠪᠣᠳᠠᠲᠠᠶ ᠪᠠᠶᠢᠳᠠᠯ ᠢ ᠦᠨᠳᠦᠰᠦᠯᠡᠨ᠂ ᠰᠢᠶ᠋ᠳᠪᠦᠷᠢᠯᠡᠬᠦ ᠰᠠᠨᠠᠯ ᠢᠶᠠᠨ ᠲᠥᠷᠥᠯ ᠬᠤᠪᠢᠶᠠᠨ ᠳᠤᠷᠠᠳᠬᠤ ᠬᠡᠷᠡᠭᠲᠡᠶ᠃ ᠪᠠᠯᠠ ᠮᠥᠩᠭᠦ ᠶᠢᠨ ᠲᠠᠩᠰᠠᠨ ᠡᠷᠦᠬᠡ ᠶᠢᠨ ᠲᠠᠯ᠎ᠠ ᠪᠠᠷ᠂ ᠲᠠᠩᠰᠠᠨ ᠡᠷᠦᠬᠡ ᠶᠢᠨ ᠬᠠᠮᠢᠶᠠᠷᠤᠯᠲᠠ ᠶᠢᠨ ᠲᠣᠭᠲᠠᠭᠠᠯ ᠪᠠ ᠲᠥᠰᠦᠪ ᠤᠨ ᠨᠢᠭᠡᠴᠡ ᠶᠢᠨ ᠭᠤᠶᠤᠴᠢᠯᠠᠯ ᠢ ᠦᠨᠳᠦᠰᠦᠯᠡᠨ᠂ ᠲᠠᠩᠰᠠᠨ ᠡᠷᠦᠬᠡ ᠳᠠᠷᠠᠭᠠᠯᠠᠨ ᠢᠯᠭᠠᠷᠠᠭᠤᠯᠬᠤ ᠰᠠᠨᠠᠯ ᠢᠶᠠᠨ ᠳᠤᠷᠠᠳᠬᠤ ᠬᠡᠷᠡᠭᠲᠡᠶ᠃ ᠡᠯ᠎ᠡ ᠲᠥᠰᠦᠪ ᠤᠨ ᠰᠠᠯᠠᠭ᠎ᠠ ᠮᠥᠴᠢᠷ ᠤᠳ ᠰᠢᠢᠳᠪᠦᠷᠢᠯᠡᠬᠦ ᠰᠠᠨᠠᠯ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠪᠣᠳᠠᠲᠠᠶᠢᠵᠢᠭᠤᠯᠤᠨ  ᠰᠢᠢᠳᠪᠦᠷᠢᠯᠡᠵᠦ᠂ ᠪᠠᠩᠬᠢ ᠶᠢᠨ ᠲᠠᠩᠰᠠᠨ ᠡᠷᠦᠬᠡ ᠶᠢ ᠢᠯᠭᠠᠷᠠᠭᠤᠯᠤᠨ ᠳᠢᠭᠯᠡᠬᠦ ᠶᠢ ᠪᠣᠳᠠᠲᠠᠶᠢᠵᠢᠭᠤᠯᠤᠨ᠎ᠠ᠃       ᠳᠡᠭᠡᠳᠦ ᠱᠠᠲᠤᠨ ᠤ ᠰᠢᠯᠵᠢᠭᠦᠯᠦᠨ ᠥᠭᠬᠦ ᠪᠡᠯᠡ ᠮᠥᠩᠭᠦ ᠶᠢᠨ ᠲᠠᠯ᠎ᠠ ᠪᠠᠷ᠄ ᠨᠢᠭᠡᠨᠲᠡ ᠲᠣᠳᠣᠷᠬᠠᠶ ᠲᠣᠭᠲᠠᠭᠠᠯ ᠲᠠᠢ ᠪᠠᠶᠢᠪᠠᠯ᠂ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠠᠮᠢᠳᠤᠯᠢᠭ ᠪᠣᠯᠭᠠᠵᠤ᠂ ᠲᠣᠭᠲᠠᠭᠠᠯ ᠶᠣᠰᠣᠭᠠᠷ ᠰᠢᠢᠳᠪᠦᠷᠢᠯᠡᠵᠦ ᠪᠣᠯᠤᠨ᠎ᠠ︔ ᠲᠣᠳᠣᠷᠬᠠᠶ ᠱᠠᠭᠠᠷᠳᠠᠯᠭ᠎ᠠ ᠥᠬᠡᠶ ᠪᠣᠯ᠂ ᠪᠣᠳᠠᠲᠠᠶ ᠪᠠᠶᠢᠳᠠᠯ ᠢ ᠦᠨᠳᠦᠰᠦᠯᠡᠨ᠂ ᠰᠢᠶ᠋ᠳᠪᠦᠷᠢᠯᠡᠬᠦ ᠰᠠᠨᠠᠯ ᠢᠶᠠᠨ ᠲᠥᠷᠥᠯ ᠬᠤᠪᠢᠶᠠᠨ ᠳᠤᠷᠠᠳᠬᠤ ᠬᠡᠷᠡᠭᠲᠡᠶ᠃       ᠳᠡᠭᠡᠳᠦ ᠱᠠᠲᠤᠨ ᠠᠴᠠ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠪᠠᠭᠤᠯᠭᠠᠬᠤ ᠲᠠᠯ᠎ᠠ ᠪᠠᠷ᠄ ᠣᠨᠴᠠᠭᠠᠶ ᠰᠢᠯᠲᠠᠭᠠᠨ ᠠᠴᠠ ᠪᠣᠯᠵᠣ ᠬᠡᠷᠡᠭᠵᠢᠭᠦᠯᠬᠦ ᠶᠢᠨ ᠠᠷᠭ᠎ᠠ ᠥᠬᠡᠶ ᠲᠥᠷᠥᠯ ᠵᠦᠶ᠋ᠯ ᠤᠨ ᠪᠠᠯᠠ ᠮᠥᠩᠭᠦ ᠳᠤ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢᠨ ᠲᠥᠷᠥᠯ  ᠵᠦᠢᠯ ᠢ ᠰᠢᠯᠢᠳᠡᠭᠵᠢᠭᠦᠯᠦᠨ ᠳᠣᠭᠢᠷᠠᠭᠤᠯᠤᠨ᠎ᠠ︔ ᠨᠢᠭᠡᠨᠲᠡ ᠬᠡᠷᠡᠭᠵᠢᠭᠦᠯᠦᠭᠰᠡᠨ ᠲᠥᠷᠥᠯ ᠵᠦᠢᠯ᠂ ᠤᠨᠴᠠᠭᠠᠢ ᠰᠢᠯᠲᠠᠭᠠᠨ ᠠᠴᠠ ᠪᠣᠯᠵᠣ ᠦᠷᠭᠦᠯᠵᠢᠯᠡᠨ ᠬᠡᠷᠡᠭᠵᠢᠭᠦᠯᠬᠦ ᠶᠢᠨ ᠠᠷᠭ᠎ᠠ ᠥᠬᠡᠶ ᠬᠠᠭᠠᠰ ᠳᠤᠲᠠᠭᠤ ᠪᠠᠷᠢᠯᠭ᠎ᠠ ᠳᠤ ᠵᠠᠯᠭᠠᠭᠠᠳ ᠲᠥᠷᠥᠯ ᠵᠦᠢᠯ ᠤᠨ ᠪᠠᠯᠠ ᠮᠥᠩᠭᠦ ᠳᠠᠭᠢᠵᠤ ᠳᠣᠭᠢᠷᠠᠭᠤᠯᠬᠤ ᠥᠬᠡᠶ︔ ᠨᠢᠭᠡᠨᠲᠡ ᠠᠵᠢᠯ ᠳᠠᠭᠤᠰᠬᠠᠭᠰᠠᠨ ᠵᠢᠭᠡᠯᠡᠯᠭᠡ ᠶᠢᠨ ᠲᠡᠮᠳᠡᠭᠲᠦ ᠶᠢᠨ ᠵᠦᠢᠯᠡᠰ ᠤᠨ ᠦᠯᠡᠳᠡᠪᠦᠷᠢ ᠪᠡᠯᠡ ᠮᠥᠩᠭᠦ ᠶᠢ ᠲᠣᠭᠲᠠᠭᠠᠭᠰᠠᠨ ᠵᠢᠷᠤᠮ ᠶᠣᠰᠣᠭᠠᠷ ᠪᠤᠰᠤᠳ ᠵᠦᠢᠯᠡᠰ ᠤᠨ ᠬᠡᠷᠡᠭᠯᠡᠯᠲᠡ ᠶᠢ ᠰᠢᠯᠢᠳᠡᠭᠵᠢᠭᠦᠯᠦᠨ ᠲᠣᠬᠢᠷᠠᠭᠤᠯᠤᠨ᠎ᠠ᠃       ᠲᠣᠰ ᠱᠠᠲᠤᠨ ᠤ ᠡᠳ᠋ ᠤᠨ ᠬᠦᠴᠦᠨ ᠤ ᠲᠣᠬᠢᠷᠠᠭᠤᠯᠤᠯᠲᠠ ᠶᠢᠨ ᠳ᠋ᠦᠩᠨᠡᠨ ᠰᠢᠯᠵᠢᠭᠦᠯᠦᠭᠰᠡᠨ ᠪᠠᠯᠠ ᠮᠥᠩᠭᠦ ᠶᠢᠨ ᠲᠠᠯ᠎ᠠ ᠪᠠᠷ᠄ ᠲᠣᠰ ᠱᠠᠲᠤᠨ ᠤ ᠡᠳ᠋ ᠤᠨ ᠬᠦᠴᠦᠨ ᠤ ᠲᠣᠬᠢᠷᠠᠭᠤᠯᠤᠯᠲᠠ ᠶᠢᠨ ᠳ᠋ᠦᠩᠨᠡᠨ ᠰᠢᠯᠵᠢᠭᠦᠯᠦᠭᠰᠡᠨ ᠪᠠᠯᠠ ᠮᠥᠩᠭᠦ ᠶᠢᠨ ᠳᠣᠲᠣᠷᠠᠬᠢ ᠲᠥᠷᠥᠯ ᠵᠦᠢᠯ ᠢ ᠨᠢᠭᠡᠨᠲᠡ ᠬᠡᠷᠡᠭᠵᠢᠭᠦᠯᠵᠦ ᠳᠠᠭᠤᠰᠤᠭᠰᠠᠨ ᠪᠠᠶᠢᠪᠠᠯ᠂ ᠲᠣᠰ ᠱᠠᠲᠤᠨ ᠤ ᠡᠳ᠋ ᠤᠨ ᠵᠠᠰᠠᠭ ᠠᠴᠠ ᠬᠤᠷᠢᠶᠠᠨ ᠠᠪᠴᠤ ᠨᠢᠭᠡᠳᠦᠯᠲᠡᠶ ᠲᠥᠯᠥᠪᠯᠡᠨ ᠬᠡᠷᠡᠭᠯᠡᠨ᠎ᠡ︔ ᠪᠠᠰᠠ ᠦᠷᠭᠦᠯᠵᠢᠯᠡᠨ ᠬᠡᠷᠡᠭᠵᠢᠭᠦᠯᠬᠦ ᠴᠢᠬᠤᠯᠠᠲᠠᠶ ᠵᠦᠢᠯᠡᠰ ᠢ ᠳᠡᠭᠡᠳᠦ ᠱᠠᠲᠤᠨ ᠤ ᠲᠤᠰᠬᠠᠶ ᠵᠦᠢᠯ ᠤᠨ ᠪᠡᠯᠡ ᠮᠥᠩᠭᠦ ᠪᠠᠷ ᠳᠠᠮᠵᠢᠭᠤᠯᠤᠨ ᠰᠢᠶ᠋ᠳᠪᠦᠷᠢᠯᠡᠵᠦ ᠪᠣᠯᠬᠤ ᠳᠤ ᠬᠦᠷᠪᠡᠯ᠂ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠲᠤᠰ ᠱᠠᠲᠤᠨ ᠤ ᠡᠳ᠋ ᠤᠨ ᠵᠠᠰᠠᠭ ᠠᠴᠠ ᠬᠤᠷᠢᠶᠠᠨ ᠠᠪᠴᠤ ᠨᠢᠭᠡᠳᠦᠯᠲᠡᠶ ᠲᠥᠯᠥᠪᠯᠡᠨ ᠬᠡᠷᠡᠭᠯᠡᠨ᠎ᠡ︔ ᠲᠤᠰ ᠵᠢᠯ ᠤᠨ ᠲᠥᠰᠦᠪ ᠲᠤ ᠨᠢᠭᠡᠨᠲᠡ ᠲᠣᠬᠢᠷᠠᠭᠤᠯᠤᠭᠰᠠᠨ ᠪᠠᠶᠢᠪᠠᠯ᠂ ᠳ᠋ᠦᠩᠨᠡᠨ ᠰᠢᠯᠵᠢᠭᠦᠯᠦᠭᠰᠡᠨ ᠪᠡᠯᠡ ᠮᠥᠩᠭᠦ ᠶᠢ ᠬᠤᠷᠢᠶᠠᠨ ᠠᠪᠴᠤ ᠨᠢᠭᠡᠳᠦᠯᠲᠡᠶ ᠲᠥᠯᠥᠪᠯᠡᠨ ᠬᠡᠷᠡᠭᠯᠡᠨ᠎ᠡ᠃       ᠡᠳ᠋ ᠤᠨ ᠵᠠᠰᠠᠭ ᠤᠨ ᠨᠡᠶᠢᠭᠡᠮ ᠤᠨ ᠪᠠᠲᠤᠯᠠᠭ᠎ᠠ ᠶᠢᠨ ᠲᠤᠰᠬᠠᠶ ᠡᠷᠦᠬᠡ ᠶᠢᠨ ᠰᠠᠭᠤᠷᠢ ᠮᠥᠩᠭᠦ ᠶᠢᠨ ᠲᠠᠯ᠎ᠠ ᠪᠠᠷ᠄ ᠨᠡᠶᠢᠭᠡᠮ ᠤᠨ ᠪᠠᠲᠤᠯᠠᠭ᠎ᠠ ᠶᠢᠨ ᠲᠤᠰᠬᠠᠶ ᠡᠷᠦᠬᠡ ᠶᠢᠨ ᠰᠠᠭᠤᠷᠢ ᠮᠥᠩᠭᠦ ᠶᠢ ᠨᠢᠭᠡ ᠵᠢᠯ ᠠᠴᠠ ᠳᠡᠭᠡᠭᠰᠢ ᠲᠦᠷ ᠳᠥᠯᠥᠬᠦ ᠴᠢᠬᠤᠯᠠ ᠥᠬᠡᠶ ᠪᠣᠯ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠲᠣᠭᠲᠠᠮᠠᠯ ᠬᠠᠳᠠᠭᠠᠯᠠᠮᠵᠢ ᠶᠢᠨ ᠬᠡᠯᠪᠡᠷᠢ ᠪᠠᠷ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃       ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠲᠤᠰᠬᠠᠶ ᠲᠠᠩᠰᠠᠨ ᠡᠷᠦᠬᠡ ᠶᠢᠨ ᠪᠠᠯᠠ ᠮᠥᠩᠭᠦ ᠶᠢᠨ ᠲᠠᠯ᠎ᠠ ᠪᠠᠷ᠄ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠲᠤᠰᠬᠠᠶ ᠲᠠᠩᠰᠠᠨ ᠡᠷᠦᠬᠡ ᠶᠢᠨ ᠪᠠᠯᠠ ᠮᠥᠩᠭᠦ ᠶᠢᠨ ᠳ᠋ᠦᠩᠨᠡᠨ ᠦᠯᠡᠳᠡᠭᠡᠭᠰᠡᠨ ᠪᠠᠶᠢᠳᠠᠯ ᠢ ᠦᠨᠳᠦᠰᠦᠯᠡᠨ᠂ ᠲᠥᠰᠦᠪ ᠤᠨ ᠳᠣᠭᠢᠷᠠᠭᠤᠯᠤᠭᠰᠠᠨ ᠪᠠᠯᠠ ᠮᠥᠩᠭᠦ ᠯᠦᠭᠡ ᠨᠢᠭᠡᠳᠦᠯᠲᠡᠶ ᠲᠥᠯᠥᠪᠯᠡᠨ ᠪᠣᠳᠣᠯᠬᠢᠯᠠᠵᠤ ᠪᠠᠶᠢᠭᠠᠳ ᠬᠡᠷᠡᠭᠯᠡᠨ᠎ᠡ᠃       ︵ᠳᠥᠷᠪᠡ︶ ᠳ᠋ᠦᠩᠨᠡᠵᠦ ᠳᠡᠭᠡᠭᠰᠢ ᠮᠡᠳᠡᠭᠦᠯᠬᠦ ᠱᠠᠲᠤ ᠦᠶ᠎ᠡ ︵2022 ᠣᠨ ᠤ 11 ᠰᠠᠷ᠎ᠠ ᠶᠢᠨ 11 ᠤ ᠡᠳᠦᠷ — 12 ᠰᠠᠷ᠎ᠠ ᠶᠢᠨ 15 ᠤ ᠡᠳᠦᠷ︶᠃       ᠮᠠᠨ ᠤ ᠬᠤᠲᠠ ᠶᠢᠨ ᠳᠠᠷᠤᠭᠳᠠᠮᠠᠯ ᠪᠡᠯᠡ ᠮᠥᠩᠭᠦ ᠶᠢᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠲᠤᠰᠬᠠᠶ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠳ᠋ᠦᠩᠨᠡᠵᠦ᠂ ᠭᠤᠣᠯ ᠠᠷᠭ᠎ᠠ ᠬᠢᠳᠡᠯ᠂ ᠴᠢᠬᠤᠯᠠ ᠦᠷ᠎ᠡ ᠪᠦᠲᠦᠭᠡᠯ᠂ ᠨᠡᠶᠢᠲᠡᠯᠢᠭ ᠲᠤᠷᠰᠢᠯᠭ᠎ᠠ ᠵᠡᠷᠭᠡ ᠶᠢ ᠬᠢᠨᠠᠮᠠᠭᠠᠶ ᠡᠮᠬᠢᠯᠡᠵᠦ᠂ ᠡᠳ᠋ ᠤᠨ ᠵᠠᠰᠠᠭ ᠤᠨ ᠲᠣᠪᠴᠢᠶ᠎ᠠ ᠬᠤᠷᠢᠶᠠᠩᠭᠤᠶᠢᠯᠠᠭᠰᠠᠨ ᠤ ᠳᠠᠷᠠᠭ᠎ᠠ᠂ ᠲᠤᠰᠬᠠᠶ ᠰᠡᠳᠦᠪᠲᠦ ᠮᠡᠳᠡᠭᠦᠯᠦᠯᠲᠡ ᠵᠣᠬᠢᠶᠠᠵᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠦᠨ᠎ᠡ᠃ ᠡᠳ᠋ ᠤᠨ ᠵᠠᠰᠠᠭ ᠤᠨ ᠲᠣᠪᠴᠢᠶ᠎ᠠ ᠠᠴᠠ ᠬᠢᠨᠠᠨ ᠪᠤᠳᠤᠬᠤ᠂ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠳᠠᠷᠤᠭᠳᠠᠵᠤ ᠪᠠᠶᠢᠭ᠎ᠠ ᠪᠡᠯᠡ ᠮᠥᠩᠭᠦ ᠶᠢᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ᠂ ᠤᠷᠢᠳᠴᠢᠯᠠᠨ ᠰᠡᠷᠭᠡᠶᠢᠯᠡᠬᠦ᠂ ᠬᠡᠷᠡᠭ ᠤᠨ ᠳᠤᠮᠳᠠ ᠬᠢᠨᠠᠨ ᠡᠵᠡᠮᠳᠡᠬᠦ᠂ ᠬᠡᠷᠡᠭ ᠤᠨ ᠲᠠᠷᠠᠭ᠎ᠠ ᠬᠢᠨᠠᠯᠲᠠ ᠲᠠᠯᠪᠢᠬᠤ ᠵᠡᠷᠭᠡ ᠲᠠᠯ᠎ᠠ ᠪᠠᠷ ᠠᠯᠢ ᠤᠯᠠᠨ ᠲᠡᠭᠦᠯᠳᠡᠷᠵᠢᠭᠦᠯᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠪᠦᠲᠦᠮᠵᠢᠲᠡᠶ ᠪᠥᠭᠡᠳ ᠲᠤᠰᠠᠲᠠᠶ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠵᠡᠷᠭᠡ ᠪᠠᠷ ᠪᠠᠶᠢᠭᠤᠯᠤᠨ ᠲᠡᠭᠦᠯᠳᠡᠷᠵᠢᠭᠦᠯᠪᠡ᠃       ᠲᠠᠪᠤ᠂ ᠠᠵᠢᠯ ᠤᠨ ᠱᠠᠭᠠᠷᠳᠠᠯᠭ᠎ᠠ       ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠲᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ︽ᠳᠠᠷᠤᠭᠳᠠᠮᠠᠯ ᠪᠡᠯᠡ ᠮᠥᠩᠭᠦ ᠶᠢ ᠶᠡᠭᠡ ᠪᠠᠷ ᠢᠷᠣᠭᠠᠷ ᠲᠤ ᠬᠦᠷᠭᠡᠬᠦ ᠲᠤᠰᠬᠠᠶ ᠠᠵᠢᠯᠯᠠᠭ᠎ᠠ︾ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠠᠶᠢᠩᠭᠤ ᠶᠢᠨ ᠳᠡᠳ᠋ ᠬᠤᠳᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠠᠷᠠᠳ ᠤᠨ ᠪᠠᠩᠬᠢ ᠶᠢᠨ ᠹᠧᠩᠵᠧᠨ ᠬᠤᠳᠠ ᠶᠢᠨ ᠰᠠᠯᠪᠤᠷᠢ ᠪᠠᠩᠬᠢ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠢᠶᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠬᠤᠯᠪᠣᠭᠳᠠᠯ ᠪᠦᠬᠦᠢ ᠭᠤᠣᠯᠳᠠᠯᠭ᠎ᠠ ᠲᠠᠢ ᠲᠥᠰᠦᠪ ᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠬᠦᠨ ᠪᠣᠯᠭᠠᠵᠤ᠂ ᠳᠠᠷᠤᠭᠳᠠᠮᠠᠯ ᠪᠡᠯᠡ ᠮᠥᠩᠭᠦ ᠶᠢ ᠶᠡᠭᠡ ᠪᠠᠷ ᠢᠷᠣᠭᠠᠷ ᠲᠤ ᠬᠦᠷᠭᠡᠬᠦ ᠲᠤᠰᠬᠠᠶ ᠠᠵᠢᠯᠯᠠᠭ᠎ᠠ ᠶᠢ ᠪᠦᠬᠦ ᠲᠠᠯ᠎ᠠ ᠪᠠᠷ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠳ᠋ ᠤᠨ ᠵᠠᠰᠠᠭ ᠤᠨ ᠲᠣᠪᠴᠢᠶ᠎ᠠ ᠳᠤ ᠠᠵᠢᠯ ᠤᠨ ᠲᠤᠰᠬᠠᠶ ᠠᠩᠭᠢ ᠭᠠᠷᠭᠠᠵᠤ᠂ ᠲᠤᠰᠬᠠᠶ ᠠᠵᠢᠯᠯᠠᠭ᠎ᠠ ᠶᠢᠨ ᠡᠳᠦᠷ ᠲᠤᠲᠤᠮ ᠤᠨ ᠠᠵᠢᠯ ᠢ ᠪᠣᠳᠠᠲᠠᠶ ᠡᠭᠦᠷᠭᠡᠯᠡᠭᠦᠯᠦᠨ᠎ᠡ᠃      ︵ᠬᠤᠶᠠᠷ︶ ᠨᠢᠭᠲᠠ ᠬᠠᠮᠵᠢᠯᠴᠠᠨ ᠬᠠᠮᠵᠢᠯᠴᠠᠨ᠎ᠠ᠃ ᠡᠳ᠋ ᠤᠨ ᠵᠠᠰᠠᠭ ᠤᠨ ᠲᠣᠪᠴᠢᠶ᠎ᠠ ᠨᠢ ᠳᠠᠷᠤᠭᠳᠠᠮᠠᠯ ᠪᠠᠯᠠ ᠮᠥᠩᠭᠦ ᠶᠢ ᠶᠡᠭᠡ ᠪᠠᠷ ᠰᠠᠭᠤᠷᠢ ᠪᠣᠯᠭᠠᠬᠤ ᠲᠤᠰᠬᠠᠶ ᠠᠵᠢᠯᠯᠠᠭ᠎ᠠ ᠶᠢ ᠶᠡᠷᠦᠩᠬᠡᠶᠢᠯᠡᠨ ᠵᠣᠬᠢᠴᠠᠭᠤᠯᠬᠤ᠂ ᠬᠤᠷᠢᠶᠠᠩᠭᠤᠶᠢᠯᠠᠨ ᠳᠣᠭᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠣᠭᠲᠠᠭᠠᠬᠤ ᠵᠡᠷᠭᠡ ᠠᠵᠢᠯ ᠢ ᠲᠦᠷᠦᠭᠦᠯᠡᠨ ᠬᠠᠷᠢᠭᠤᠴᠠᠨ᠎ᠠ᠃ ᠬᠢᠨᠠᠨ ᠪᠤᠳᠤᠬᠤ ᠲᠣᠪᠴᠢᠶ᠎ᠠ ᠳᠠᠷᠤᠭᠳᠠᠵᠤ ᠪᠠᠶᠢᠭ᠎ᠠ ᠪᠠᠯᠠ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ ᠡᠬᠢᠯᠡᠨ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠬᠤ ᠠᠵᠢᠯ ᠢ ᠲᠦᠷᠦᠭᠦᠯᠡᠨ ᠬᠠᠷᠢᠭᠤᠴᠠᠨ᠎ᠠ᠃ ᠠᠷᠠᠳ ᠤᠨ ᠪᠠᠩᠬᠢ ᠡᠯ᠎ᠡ ᠬᠤᠳᠠᠯᠳᠤᠭᠠᠨ ᠤ ᠪᠠᠩᠬᠢ ᠶᠢ ᠵᠣᠬᠢᠴᠠᠭᠤᠯᠵᠤ᠂ ᠲᠠᠩᠰᠠᠨ ᠡᠷᠦᠬᠡ ᠶᠢᠨ ᠦᠯᠡᠳᠡᠪᠦᠷᠢ ᠲᠤᠭ᠎ᠠ ᠶᠢᠨ ᠮᠡᠳᠡᠭᠡ ᠵᠠᠩᠭᠢ ᠶᠢ ᠬᠠᠩᠭᠠᠬᠤ ᠶᠢ ᠬᠠᠷᠢᠭᠤᠴᠠᠵᠤ᠂ ᠲᠠᠩᠰᠠᠨ ᠡᠷᠦᠬᠡ ᠶᠢ ᠢᠯᠭᠠᠷᠠᠭᠤᠯᠬᠤ᠂ ᠪᠠᠯᠠ ᠮᠥᠩᠭᠦ ᠶᠢ ᠪᠤᠴᠠᠭᠠᠨ ᠲᠤᠰᠢᠶᠠᠬᠤ ᠵᠡᠷᠭᠡ ᠠᠵᠢᠯ ᠢ ᠬᠠᠮᠵᠢᠯᠴᠠᠨ ᠥᠷᠨᠢᠭᠦᠯᠦᠨ᠎ᠡ᠃ ᠡᠯ᠎ᠡ ᠲᠥᠰᠦᠪ ᠤᠨ ᠰᠠᠯᠠᠭ᠎ᠠ ᠮᠥᠴᠢᠷ ᠪᠣᠯ ᠳᠠᠷᠤᠭᠳᠠᠵᠤ ᠪᠠᠶᠢᠭ᠎ᠠ ᠪᠠᠯᠠ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢᠨ ᠬᠠᠷᠢᠭᠤᠴᠠᠯᠭ᠎ᠠ ᠶᠢᠨ ᠪᠡᠶᠡᠴᠢ ᠴᠣᠭᠴᠠ ᠮᠥᠨ ᠪᠣᠯᠬᠤᠷ ᠠᠵᠢᠯ ᠤᠨ ᠲᠤᠰᠬᠠᠶ ᠠᠩᠭᠢ ᠪᠠᠶᠢᠭᠤᠯᠵᠤ᠂ ᠲᠣᠰ ᠰᠠᠯᠠᠭ᠎ᠠ ᠮᠥᠴᠢᠷ ᠲᠣᠰ ᠨᠢᠭᠡᠴᠡ ᠶᠢᠨ ᠢᠶᠠᠨ ᠳᠠᠷᠤᠭᠳᠠᠵᠤ ᠪᠠᠶᠢᠭ᠎ᠠ ᠪᠠᠯᠠ ᠮᠥᠩᠭᠦ ᠶᠢ ᠢᠯᠭᠠᠷᠠᠭᠤᠯᠤᠨ ᠳᠢᠭᠯᠡᠵᠦ ᠠᠮᠢᠳᠤᠯᠢᠭ ᠪᠣᠯᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃       ︵ᠭᠤᠷᠪᠠ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠣᠯ ᠳᠠᠷᠤᠭᠳᠠᠵᠤ ᠪᠠᠶᠢᠭ᠎ᠠ ᠪᠠᠯᠠ ᠮᠥᠩᠭᠦ ᠶᠢᠨ ᠰᠠᠭᠤᠷᠢ ᠲᠤᠭ᠎ᠠ ᠶᠢ ᠶᠡᠭᠡ ᠪᠠᠷ ᠳᠡᠭᠡᠭᠰᠢᠯᠡᠭᠦᠯᠬᠦ ᠲᠤᠰᠬᠠᠶ ᠠᠵᠢᠯᠯᠠᠭ᠎ᠠ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ᠂ ᠲᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠷᠠᠭᠤᠯᠵᠤ᠂ ᠥᠷᠯᠥᠭᠡ ᠦᠳᠡᠰᠢ ᠶᠢ ᠲᠡᠮᠡᠴᠡᠨ᠂ ᠴᠠᠭ ᠮᠥᠴᠡ ᠶᠢ ᠵᠠᠪᠳᠤᠵᠤ ᠪᠠᠶᠢᠭᠠᠳ ᠲᠤᠰᠬᠠᠶ ᠠᠵᠢᠯ ᠢ ᠰᠠᠶᠢᠲᠤᠷ ᠬᠢᠬᠦ ᠬᠡᠷᠡᠭᠲᠡᠶ᠃ ᠲᠤᠰᠬᠠᠶ ᠠᠵᠢᠯᠯᠠᠭ᠎ᠠ ᠪᠠᠷ ᠳᠠᠮᠵᠢᠭᠤᠯᠤᠨ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ᠂ ᠦᠨᠡᠨ ᠬᠦ ᠠᠳᠬᠤᠵᠤ ᠪᠣᠳᠠᠲᠠᠶ ᠪᠠᠷ ᠠᠵᠢᠯᠯᠠᠬᠤ ᠤᠳᠤᠷᠢᠳᠤᠮᠵᠢ ᠶᠢ ᠪᠤᠢ ᠪᠣᠯᠭᠠᠵᠤ᠂ ᠠᠵᠢᠯ ᠳᠠᠭᠠᠨ ᠭᠠᠷᠮᠠᠭᠠᠶ᠂ ᠵᠣᠷᠢᠭᠲᠠᠶ ᠪᠠᠷ ᠡᠭᠦᠷᠭᠡᠯᠡᠬᠦ᠂ ᠴᠢᠳᠠᠮᠠᠭᠠᠶ ᠪᠠᠷ ᠠᠵᠢᠯ ᠬᠢᠳᠡᠭ ᠰᠢᠯᠢᠳᠡᠭ ᠺᠠᠳ᠋ᠷ ᠢ ᠴᠠᠭ ᠲᠤᠬᠠᠶ ᠳᠤᠨᠢ ᠮᠡᠳᠡᠭᠦᠯᠦᠨ ᠬᠥᠬᠢᠭᠦᠯᠵᠦ᠂ ᠠᠵᠢᠯ ᠢᠶᠠᠨ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠴᠢᠨᠠᠭᠰᠢᠯᠠᠪᠠᠯ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠳ ᠠᠴᠠ ᠴᠠᠭ ᠲᠤᠬᠠᠶ ᠳᠤᠨᠢ ᠲᠣᠭᠲᠠᠭᠠᠯ ᠰᠠᠬᠢᠯᠭ᠎ᠠ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠨ᠎ᠡ᠃       ︵ᠳᠥᠷᠪᠡ︶ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠢᠯᠭᠠᠷᠠᠭᠤᠯᠤᠨ ᠳᠢᠭᠯᠡᠵᠦ ᠠᠮᠢᠯᠠᠭᠤᠯᠤᠭᠰᠠᠨ ᠳᠠᠷᠤᠭᠳᠠᠮᠠᠯ ᠪᠠᠯᠠ ᠮᠥᠩᠭᠦ ᠶᠢ ᠲᠥᠰᠦᠪ ᠲᠤ ᠨᠢᠭᠡᠳᠦᠯᠲᠡᠶ ᠨᠠᠶᠢᠷᠠᠭᠤᠯᠤᠨ ᠣᠷᠣᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ᠂ ᠬᠤᠲᠠ ᠬᠥᠳᠡᠭᠡ ᠶᠢᠨ ᠰᠠᠭᠤᠷᠢ ᠪᠡᠯᠡᠳᠬᠡᠮᠵᠢ ᠵᠡᠷᠭᠡ ᠭᠤᠤᠯᠳᠠᠯᠭ᠎ᠠ ᠲᠠᠢ ᠬᠦᠷᠢᠶ᠎ᠡ ᠪᠠ ᠴᠢᠬᠤᠯᠠ ᠶᠡᠭᠡ ᠲᠥᠷᠥᠯ  ᠵᠦᠢᠯ ᠵᠢᠴᠢ ︽ᠭᠤᠷᠪᠠ ᠶᠢ ᠪᠠᠲᠤᠯᠠᠬᠤ︾ ᠶᠢᠨ ᠵᠠᠷᠤᠯᠭ᠎ᠠ᠂ ᠥᠷᠢ ᠥᠭᠴᠡᠭᠡ ᠶᠢ ᠠᠷᠢᠯᠭᠠᠬᠤ ᠵᠠᠷᠤᠯᠭ᠎ᠠ ᠵᠡᠷᠭᠡ ᠳᠤ ᠬᠡᠷᠡᠭᠯᠡᠬᠦ ᠪᠠᠷ ᠳᠠᠬᠢᠨ ᠨᠢᠭᠡᠳᠦᠯᠲᠡᠶ ᠲᠥᠯᠥᠪᠯᠡᠨ ᠬᠤᠪᠢᠶᠠᠷᠢᠯᠠᠨ᠎ᠠ᠃ ᠲᠦᠷᠢᠮ ᠲᠣᠭᠲᠠᠭᠠᠯ ᠢ ᠵᠡᠷᠭᠡ ᠳᠤᠨᠢ ᠪᠠᠶᠢᠭᠤᠯᠤᠨ ᠪᠦᠷᠢᠨᠰᠢᠬᠦᠯᠵᠦ᠂ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠤᠨ᠂ ᠣᠯᠠᠨ ᠨᠡᠶᠢᠲᠡ ᠶᠢᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃                   ᠤᠷᠴᠢᠭᠤᠯᠤᠬᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3