| ︽ᠥᠪᠡᠷᠲᠡᠭᠡᠨ ᠵᠠᠰᠠᠬᠤ ᠣᠷᠣᠨ ᠤ ︿ᠳᠤᠲᠠᠭᠤ ᠲᠤᠷᠭᠤᠨ﹀ ᠢᠨᠵᠧᠨᠧᠷᠢᠩ ᠤᠨ ᠶᠡᠭᠡ ᠡᠬᠢᠯᠡᠯᠲᠡ ᠶᠢᠨ | ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ | ︹ 2022 ︺ 53 ᠳ᠋ᠤᠭᠠᠷ ᠲᠣᠭᠠᠲᠤ︶ ᠪᠣᠯᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ | ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠹᠧᠩᠵᠧᠨ ᠬᠤᠲᠠ ᠪᠥᠬᠦ ᠬᠤᠲᠠ ᠶᠢᠨ | ᠬᠡᠪᠴᠢᠶᠡᠨ ᠳᠤ ︽ᠬᠠᠭᠠᠰ ᠳᠤᠲᠠᠭᠤ︾ ᠢᠨᠵᠧᠨᠧᠷᠢᠩ ᠤᠨ ᠶᠡᠭᠡ ᠡᠬᠢᠯᠡᠯᠲᠡ ᠶᠢᠨ ᠠᠵᠢᠯᠯᠠᠭ᠎ᠠ ᠥᠷᠨᠢᠭᠦᠯᠬᠦ ᠪᠠᠷ | ᠲᠣᠭᠲᠠᠪᠠ᠃ ᠡᠳᠦᠭᠡ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠦᠯ ᠢ | ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠶᠡᠷᠦᠩᠬᠡᠶ ᠱᠦᠵᠢ ᠶᠢᠨ ᠠᠷᠪᠢᠯᠠᠨ ᠭᠠᠮᠨᠠᠬᠤ ᠲᠤᠬᠠᠶ ᠴᠢᠬᠤᠯᠠ ᠥᠭᠦᠯᠡᠯᠲᠡ ᠪᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠪᠣᠯᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠠᠷᠪᠢᠯᠠᠨ ᠭᠠᠮᠨᠠᠬᠤ ᠣᠨᠣᠯᠵᠢᠬᠤᠨ ᠢ ᠤᠯᠠᠮ ᠨᠢᠭᠡ ᠠᠯᠬᠤᠮ ᠪᠤᠶ ᠪᠣᠯᠭᠠᠵᠤ᠂ ᠦᠯᠡᠳᠡᠵᠦ ᠪᠠᠶᠢᠭ᠎ᠠ ᠡᠳ᠋ | ᠬᠥᠷᠥᠩᠭᠡ ᠶᠢ ᠴᠢᠯᠥᠭᠡᠲᠡᠶ ᠴᠢᠯᠥᠭᠡᠲᠡᠶ ᠪᠣᠯᠭᠠᠬᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ | ᠬᠡᠨ ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠬᠤ︾ ︽ᠬᠠᠷᠢᠶ᠎ᠠ ᠣᠷᠣᠨ ᠢᠶᠠᠷ ᠬᠠᠮᠢᠶᠠᠷᠤᠭᠤᠯᠬᠤ︾ ᠪᠠ | ᠰᠠᠯᠠᠭ᠎ᠠ ᠮᠥᠴᠢᠷ ᠤᠨ ᠭᠤᠤᠯᠴᠢᠯᠠᠨ ᠬᠠᠮᠢᠶᠠᠷᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠶᠣᠰᠣᠭᠠᠷ᠂ ᠵᠠᠰᠠᠭ ᠤᠨ | ᠣᠷᠳᠣᠨ ᠤ ᠪᠠᠯᠠ ᠣᠷᠣᠭᠤᠯᠤᠯᠲᠠ ᠪᠠᠷ ᠪᠣᠶ ᠪᠣᠯᠤᠭᠰᠠᠨ ᠡᠯ᠎ᠡ ᠲᠥᠷᠥᠯ ᠤᠨ ︽ᠳᠤᠲᠠᠭᠤ ᠲᠤᠷᠭᠤᠨ︾ | ᠢᠨᠵᠧᠨᠧᠷᠢᠩ ᠳᠤ ᠴᠢᠭᠯᠡᠭᠦᠯᠦᠨ ᠦᠨᠳᠦᠰᠦᠨ ᠲᠠᠯ᠎ᠠ ᠶᠢᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠬᠠᠤᠯᠢ | ᠲᠣᠭᠲᠠᠭᠠᠯ ᠶᠣᠰᠣᠭᠠᠷ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠰᠢᠢᠳᠪᠦᠷᠢᠯᠡᠨ᠂ ︽ᠳᠤᠲᠠᠭᠤ | ᠲᠤᠷᠭᠤᠨ︾ ᠢᠨᠵᠧᠨᠧᠷᠢᠩ ᠢ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠰᠢᠨ᠎ᠡ ᠪᠠᠷ ᠨᠡᠮᠡᠭᠳᠡᠭᠦᠯᠬᠦ | ︽ᠳᠤᠲᠠᠭᠤ ᠲᠤᠷᠭᠤᠨ︾ ᠢᠨᠵᠧᠨᠧᠷᠢᠩ ᠤᠨ ᠠᠰᠠᠭᠤᠳᠠᠯ ᠢ ᠡᠷᠡᠰ ᠬᠤᠷᠢᠭᠯᠠᠨ ᠵᠣᠭᠰᠣᠭᠠᠵᠤ᠂ ᠠᠷᠪᠢᠲᠠᠶ | ᠡᠷᠴᠢᠮᠯᠢᠭ ᠬᠥᠭᠵᠢᠭᠦᠯᠬᠦ ᠢᠯᠡ ᠲᠣᠳᠣ ᠤᠳᠤᠷᠢᠳᠤᠮᠵᠢ ᠶᠢ ᠪᠣᠶ ᠪᠣᠯᠭᠠᠨ᠎ᠠ᠃ | ᠬᠤᠶᠠᠷ᠂ ᠠᠵᠢᠯ ᠤᠨ ᠬᠠᠷᠠᠯᠲᠠ | ᠲᠣᠰ ᠤᠳᠠᠭᠠᠨ ᠤ ᠦᠨᠳᠦᠰᠦᠨ ᠱᠠᠲᠤᠨ ᠤ ᠠᠵᠢᠯᠯᠠᠭ᠎ᠠ ᠶᠢ 2022 ᠣᠨ ᠤ 8 ᠰᠠᠷ᠎ᠠ ᠠᠴᠠ ᠡᠬᠢᠯᠡᠵᠦ᠂ | ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠳᠤᠲᠠᠭᠤ ᠲᠤᠷᠭᠤᠨ | ︾ ᠢᠨᠵᠧᠨᠧᠷᠢᠩ ᠤᠨ ᠣᠷᠣᠰᠢᠵᠤ ᠪᠠᠶᠢᠭ᠎ᠠ ᠠᠰᠠᠭᠤᠳᠠᠯ ᠢ ᠲᠦᠢᠯ ᠳᠤᠨᠢ ᠲᠤᠯᠲᠠᠯ᠎ᠠ ᠴᠡᠪᠡᠷᠯᠡᠵᠦ᠂ ᠲᠡᠷᠡ | ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠬᠦ ᠬᠡᠷᠡᠭᠲᠡᠶ᠃ ︽ᠬᠠᠷᠢᠶ᠎ᠠ ᠭᠠᠵᠠᠷ ᠲᠤᠨᠢ | ᠬᠠᠮᠢᠶᠠᠷᠤᠭᠤᠯᠬᠤ︾ ᠵᠠᠷᠴᠢᠮ ᠶᠣᠰᠣᠭᠠᠷ᠂ ᠬᠠᠤᠯᠢ ᠲᠣᠭᠲᠠᠭᠠᠯ ᠶᠣᠰᠣᠭᠠᠷ᠂ ᠲᠦᠷᠦᠯ ᠬᠤᠪᠢᠶᠠᠨ ᠠᠷᠭ᠎ᠠ ᠪᠤᠳᠤᠯᠭ᠎ᠠ | ᠬᠡᠷᠡᠭᠵᠢᠭᠦᠯᠦᠨ ᠰᠢᠶ᠋ᠳᠪᠦᠷᠢᠯᠡᠵᠦ᠂ ︽ᠳᠤᠲᠠᠭᠤ ᠲᠤᠷᠭᠤᠨ︾ ᠢᠨᠵᠧᠨᠧᠷᠢᠩ ᠢ ᠡᠷᠲᠡᠬᠡᠨ ᠠᠮᠢᠳᠤᠯᠢᠭ ᠪᠣᠯᠭᠠᠵᠤ᠂ | ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠬᠤ ᠶᠢᠨ ᠬᠠᠮᠲᠤ᠂ ᠬᠠᠮᠢᠶᠠᠷᠤᠯᠲᠠ ᠪᠦᠳᠦᠭᠦᠯᠢᠭ ᠪᠠᠭᠤᠷᠠᠶ | ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠬᠢ ᠬᠡᠮ ᠰᠣᠭᠤᠭ ᠢ | ᠣᠨᠣᠪᠴᠢᠲᠠᠶ ᠡᠷᠢᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠤ ᠪᠤᠳᠤᠯᠭ᠎ᠠ ᠲᠣᠭᠲᠠᠭᠠᠬᠤ ᠲᠣᠭᠲᠠᠴᠠ ᠶᠢ | ᠪᠠᠶᠢᠭᠤᠯᠤᠨ᠂ ᠰᠢᠨ᠎ᠡ ᠪᠠᠷ ᠨᠡᠮᠡᠭᠳᠡᠭᠦᠯᠬᠦ ︽ᠳᠤᠲᠠᠭᠤ ᠲᠤᠷᠭᠤᠨ︾ ᠢᠨᠵᠧᠨᠧᠷᠢᠩ ᠤᠨ ᠠᠰᠠᠭᠤᠳᠠᠯ ᠢ ᠡᠷᠡᠰ | ᠬᠤᠷᠢᠭᠯᠠᠵᠤ᠂ ᠨᠡᠶᠢᠭᠡᠮ ᠤᠨ ᠬᠢᠨᠠᠯᠲᠠ ᠶᠢ ᠪᠦᠬᠦ ᠲᠠᠯ᠎ᠠ ᠪᠠᠷ ᠬᠦᠯᠢᠶᠡᠨ᠎ᠡ᠃ | ᠭᠤᠷᠪᠠ᠂ ᠰᠠᠭᠤᠷᠢ ᠲᠠᠯᠪᠢᠬᠤ ᠬᠡᠪᠴᠢᠶ᠎ᠡ | ︵ᠨᠢᠭᠡ︶ ︽ᠳᠤᠲᠠᠭᠤ ᠲᠤᠷᠭᠤᠨ︾ ᠢᠨᠵᠧᠨᠧᠷᠢᠩ᠃ ᠡᠭᠦᠨ ᠳᠤ ᠭᠤᠤᠯᠳᠠᠭᠤ 2 ᠲᠥᠷᠥᠯ ᠪᠠᠭᠲᠠᠨ᠎ᠠ᠄ | ᠨᠢᠭᠡ ᠳᠤ ᠪᠠᠷᠢᠯᠭ᠎ᠠ ᠶᠢᠨ ᠠᠵᠢᠯ ᠳᠠᠭᠤᠰᠤᠭᠠᠳᠤᠶ᠂ ᠡᠯ᠎ᠡ ᠵᠦᠢᠯ ᠤᠨ ᠬᠦᠴᠦᠨ ᠵᠦᠢᠯ ᠠᠴᠠ ᠪᠣᠯᠵᠣ ᠪᠠᠷᠢᠯᠭ᠎ᠠ ᠶᠢᠨ | ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠲᠥᠷᠥᠯ ᠵᠦᠢᠯ ᠢ ᠵᠣᠭᠰᠣᠭᠠᠨ᠎ᠠ︔ ᠬᠤᠶᠠᠷ ᠲᠤ ᠪᠠᠷᠢᠯᠭ᠎ᠠ ᠶᠢᠨ | ᠠᠵᠢᠯ ᠨᠢᠭᠡᠨᠲᠡ ᠳᠠᠭᠤᠰᠤᠭᠰᠠᠨ ᠪᠣᠯᠪᠠᠴᠤ ᠶᠠᠮᠠᠷ ᠨᠢᠭᠡᠨ ᠰᠢᠯᠲᠠᠭᠠᠨ ᠠᠴᠠ ᠪᠤᠯᠵᠤ ᠠᠰᠢᠭᠯᠠᠯᠲᠠ ᠶᠢᠨ ᠵᠦᠢᠯᠡᠰ ᠲᠤ | ᠬᠡᠪ ᠤᠨ ᠪᠠᠶᠢᠳᠠᠯ ᠢᠶᠠᠷ ᠣᠷᠣᠭᠤᠯᠵᠤ ᠴᠢᠳᠠᠬᠤ ᠦᠭᠡᠢ ᠪᠠᠶᠢᠬᠤ᠃ | ︵ᠬᠤᠶᠠᠷ︶ ᠡᠬᠢᠯᠡᠯᠲᠡ ᠶᠢᠨ ᠬᠦᠷᠢᠶ᠎ᠡ ᠬᠡᠪᠴᠢᠶ᠎ᠡ᠃ 2016 ᠣᠨ ᠠᠴᠠ ᠣᠲᠣ ᠪᠣᠯᠲᠠᠯ᠎ᠠ ᠬᠢᠨᠠᠨ | ᠵᠥᠪᠰᠢᠶᠡᠷᠡᠭᠰᠡᠨ ᠵᠠᠰᠠᠭ ᠤᠨ ᠣᠷᠳᠣᠨ ᠠᠴᠠ ᠪᠠᠯᠠ ᠣᠷᠣᠭᠤᠯᠤᠭᠰᠠᠨ ᠣᠯᠠᠨ ᠨᠡᠶᠢᠲᠡ ᠶᠢᠨ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠃ ᠡᠭᠦᠨ ᠳᠤ ᠠᠯᠪᠠᠨ ᠪᠠᠶᠢᠭᠤᠯᠭ᠎ᠠ ᠠᠵᠢᠯ | ᠦᠢᠯᠡᠰ ᠤᠨ ᠨᠢᠬᠡᠴᠡ ᠶᠢᠨ ᠠᠯᠪᠠᠨ ᠬᠡᠷᠡᠭᠯᠡᠭᠡᠨ ᠤ ᠭᠡᠷ᠂ ᠲᠤᠬᠠᠶᠢᠯᠠᠭᠰᠠᠨ ᠠᠵᠢᠯ ᠤᠨ ᠮᠡᠷᠭᠡᠵᠢᠯ ᠤᠨ ᠬᠡᠷᠡᠭᠯᠡᠭᠡᠨ ᠤ | ᠭᠡᠷ ︵ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ᠂ ᠪᠠᠴᠢᠮ | ᠪᠠᠶᠢᠳᠠᠯ ᠢ ᠠᠷᠭᠠᠴᠠᠭᠠᠬᠤ᠂ ᠭᠠᠯ ᠤᠨᠲᠠᠷᠠᠭᠠᠬᠤ᠂ ᠡᠳ᠋ ᠪᠣᠳᠠᠰ ᠤᠨ ᠨᠥᠭᠡᠴᠡ ᠵᠡᠷᠭᠡ︶᠂ ᠰᠤᠷᠭᠠᠨ ᠬᠥᠮᠦᠵᠢᠯ ︵ | ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠬᠡᠦᠬᠡᠳ ᠤᠨ ᠴᠡᠴᠡᠷᠯᠢᠭ | ᠵᠡᠷᠭᠡ ᠰᠤᠷᠭᠠᠭᠤᠯᠢ︶᠂ ᠠᠵᠢᠯ ᠣᠯᠭᠤᠬᠤ ᠨᠡᠶᠢᠭᠡᠮ ᠤᠨ ᠪᠠᠲᠤᠯᠠᠭ᠎ᠠ ︵ᠣᠯᠠᠨ ᠨᠡᠶᠢᠲᠡ ᠶᠢᠨ ᠳᠠᠳᠤᠯᠭ᠎ᠠ | ᠪᠣᠯᠪᠠᠰᠤᠷᠠᠯ ᠤᠨ ᠰᠠᠭᠤᠷᠢᠨ ᠭᠠᠵᠠᠷ᠂ ᠠᠵᠢᠯ ᠣᠯᠭᠤᠬᠤ ᠵᠢᠯᠣᠭᠤᠳᠤᠮᠵᠢ ᠲᠥᠬᠦᠭᠡᠷᠦᠮᠵᠢ᠂ ᠰᠢᠨ᠎ᠡ ᠶᠢ ᠡᠭᠦᠳᠦᠨ | ᠠᠳᠠᠯ ᠦᠢᠯᠡᠰ ᠴᠣᠭᠴᠠᠯᠠᠬᠤ ᠲᠥᠪ ᠵᠡᠷᠭᠡ︶᠂ ᠡᠮ ᠡᠮᠨᠡᠯᠭᠡ ᠡᠷᠡᠭᠦᠯ ᠬᠠᠮᠠᠭᠠᠯᠠᠯ ︵ᠡᠮᠨᠡᠯᠭᠡ ᠶᠢᠨ ᠬᠤᠷᠢᠶ᠎ᠠ᠂ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠥᠷᠲᠡᠭᠡ︶᠂ ᠰᠢᠶᠠᠩ ᠪᠠᠯᠭᠠᠰᠤᠨ ᠤ | ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ᠂ ᠣᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠵᠡᠷᠭᠡ︶᠂ | ᠨᠠᠰᠤᠵᠢᠯ ᠤᠨ ᠠᠰᠠᠷᠠᠮᠵᠢ ︵ᠨᠠᠰᠤᠲᠠᠨ ᠢ ᠠᠰᠠᠷᠠᠬᠤ ᠬᠦᠷᠢᠶᠡᠯᠡᠩ᠂ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ︶᠂ | ᠣᠷᠣᠨ ᠰᠠᠭᠤᠴᠠ ᠶᠢᠨ ᠪᠠᠲᠤᠯᠠᠭ᠎ᠠ ︵ᠨᠡᠶᠢᠲᠡ ᠶᠢᠨ ᠲᠦᠷᠢᠶᠡᠰᠦᠨ ᠭᠡᠷ᠂ ᠳᠥᠭᠦᠮ ᠪᠦᠳᠦᠴᠡᠳᠦ ᠣᠷᠣᠨ | ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠵᠡᠷᠭᠡ︶᠂ ᠰᠣᠶᠣᠯ ᠪᠡᠶ᠎ᠡ ᠶᠢᠨ ᠲᠠᠮᠢᠷ ︵ᠰᠠᠭᠤᠷᠢ | ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ᠂ ᠷᠠᠳᠢᠣ᠋ ᠲᠧᠯᠸᠢᠰ ᠬᠤᠷᠢᠶ᠎ᠠ ᠥᠷᠲᠡᠭᠡ᠂ ᠪᠡᠶ᠎ᠡ ᠶᠢᠨ | ᠲᠠᠮᠢᠷ ᠤᠨ ᠲᠠᠯᠠᠪᠠᠶ᠂ ᠴᠡᠴᠡᠷᠯᠢᠭ᠂ ᠪᠡᠶ᠎ᠡ ᠴᠢᠭᠢᠷᠠᠭᠵᠢᠭᠤᠯᠬᠤ ᠵᠠᠮ᠂ ᠲᠠᠷᠢᠶᠠᠴᠢᠳ ᠤᠨ ᠪᠡᠶ᠎ᠡ ᠶᠢᠨ ᠲᠠᠮᠢᠷ ᠤᠨ | ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ᠂ ᠡᠬᠡ ᠣᠷᠣᠨᠴᠢ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ᠂ ᠮᠦᠽᠧᠶ᠂ ᠦᠵᠡᠰᠬᠦᠯᠡᠩ ᠤᠨ ᠣᠷᠳᠣᠨ᠂ ᠤᠷᠠᠨ ᠵᠢᠷᠤᠭ ᠤᠨ ᠣᠷᠳᠣᠨ᠂ ᠨᠣᠮ ᠤᠨ ᠰᠠᠩ᠂ | ᠰᠣᠶᠣᠯ ᠤᠨ ᠣᠷᠳᠣᠨ ᠵᠡᠷᠭᠡ︶᠂ ᠨᠡᠶᠢᠭᠡᠮ ᠤᠨ ᠦᠢᠯᠡᠴᠢᠯᠡᠭᠡ ︵ᠵᠡᠮᠳᠡᠭᠴᠦᠳ ᠤᠨ ᠦᠢᠯᠡᠴᠢᠯᠡᠭᠡᠨ ᠤ | ᠲᠥᠬᠦᠭᠡᠷᠦᠮᠵᠢ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠲᠥᠬᠦᠭᠡᠷᠦᠮᠵᠢ᠂ ᠲᠡᠨᠦᠭᠦᠴᠢᠯᠡᠨ ᠭᠤᠶᠢᠷᠠᠨᠴᠢᠯᠠᠵᠤ | ᠪᠠᠶᠢᠭ᠎ᠠ ᠬᠥᠮᠦᠰ ᠤᠨ ᠭᠠᠮᠰᠢᠭ ᠠᠴᠠ ᠠᠪᠤᠷᠠᠬᠤ ᠲᠥᠬᠦᠭᠡᠷᠦᠮᠵᠢ᠂ ᠣᠶᠣᠨ ᠤ ᠡᠷᠡᠭᠦᠯ ᠬᠠᠮᠠᠭᠠᠯᠠᠯ ᠠᠰᠠᠷᠠᠮᠵᠢ ᠶᠢᠨ | ᠲᠥᠬᠦᠭᠡᠷᠦᠮᠵᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠬᠦᠭᠡᠷᠦᠮᠵᠢ᠂ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ᠂ ᠢᠷᠠᠭᠤ ᠠᠯᠳᠠᠷ ᠤᠨ ᠬᠦᠷᠢᠶᠡᠯᠡᠩ᠂ ᠬᠠᠤᠯᠢ | ᠴᠠᠭᠠᠵᠠ ᠶᠢᠨ ᠲᠤᠰᠠᠯᠠᠮᠵᠢ ᠶᠢᠨ ᠲᠥᠬᠦᠭᠡᠷᠦᠮᠵᠢ ᠵᠡᠷᠭᠡ︶᠂ ᠮᠡᠳᠡᠭᠡ ᠵᠠᠩᠭᠢᠴᠢᠯᠠᠯᠳᠠ ᠶᠢᠨ ᠪᠦᠲᠦᠭᠡᠨ | ᠪᠠᠶᠢᠭᠤᠯᠤᠯᠲᠠ ᠶᠢᠨ ᠵᠦᠢᠯᠡᠰ᠃ ᠣᠨ ᠤ ᠬᠢᠨᠠᠨ ᠵᠥᠪᠰᠢᠶᠡᠷᠡᠯ ᠤᠨ ᠨᠥᠯᠥᠭᠡ ᠪᠠᠷ ᠨᠡᠯᠢᠶᠡᠳ ᠶᠡᠭᠡ ᠪᠤᠰᠤᠳ ︽ | ᠳᠤᠲᠠᠭᠤ ᠲᠤᠷᠭᠤᠨ︾ ᠢᠨᠵᠧᠨᠧᠷᠢᠩ ᠢ ᠬᠠᠮᠲᠤᠳᠤᠨᠢ ᠳᠠᠭᠤᠰᠬᠠᠨ᠎ᠠ᠃ | ᠵᠠᠰᠠᠭ ᠤᠨ ᠣᠷᠳᠣᠨ ᠤ ᠪᠠᠯᠠ ᠣᠷᠣᠭᠤᠯᠤᠭᠰᠠᠨ ᠵᠠᠮ ᠬᠠᠷᠢᠯᠴᠠᠭ᠎ᠠ᠂ ᠡᠨᠧᠷᠭᠢ᠂ ᠤᠰᠤᠨ ᠠᠰᠢᠭᠯᠠᠯᠲᠠ᠂ | ᠲᠠᠷᠢᠶᠠᠯᠠᠩ ᠮᠠᠯ ᠠᠵᠤ ᠠᠬᠤᠶ ᠣᠶ ᠰᠢᠭᠤᠶ ᠡᠪᠡᠰᠦ ᠪᠡᠯᠴᠢᠭᠡᠷ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ᠂ ᠬᠤᠲᠠ ᠶᠢᠨ ᠶᠠᠪᠤᠳᠠᠯ ᠪᠠ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠲᠥᠭᠡᠨ | ᠪᠠᠶᠢᠭᠤᠯᠤᠯᠲᠠ ᠵᠡᠷᠭᠡ ᠬᠦᠷᠢᠶᠡᠨ ᠳᠤ ᠪᠣᠶ ᠪᠣᠯᠤᠭᠰᠠᠨ ︽ᠳᠤᠲᠠᠭᠤ ᠲᠤᠷᠭᠤᠨ︾ ᠢᠨᠵᠧᠨᠧᠷᠢᠩ ᠤᠨ ᠲᠥᠷᠥᠯ | ᠵᠦᠢᠯ ᠢ ᠬᠠᠮᠲᠤ ᠳᠤᠨᠢ ᠡᠬᠢᠯᠡᠭᠦᠯᠦᠨ᠎ᠡ᠃ | ᠤᠯᠤᠰ ᠲᠦᠷᠦ ᠬᠠᠤᠯᠢ ᠴᠠᠭᠠᠵᠠ ᠵᠡᠷᠭᠡ ᠨᠢᠭᠤᠴᠠ ᠳᠤ ᠬᠤᠯᠪᠣᠭᠳᠠᠬᠤ ᠵᠦᠢᠯᠡᠰ ᠢ ᠳᠣᠲᠣᠭᠠᠳᠤ ᠶᠢ | ᠬᠠᠮᠠᠭᠠᠯᠠᠬᠤ ᠪᠠᠶᠢᠴᠠᠭᠠᠬᠤ ᠰᠢᠭᠦᠬᠦ ᠵᠤᠷᠭᠠᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠥᠪᠡᠰᠦᠪᠡᠨ | ᠡᠬᠢᠯᠡᠵᠦ ᠰᠢᠢᠳᠪᠦᠷᠢᠯᠡᠨ᠎ᠡ᠃ | ᠳᠥᠷᠪᠡ᠂ ᠠᠵᠢᠯ ᠤᠨ ᠡᠭᠦᠷᠭᠡ | ︵ᠨᠢᠭᠡ︶ ᠡᠬᠡ ᠲᠠᠩᠰᠠ ᠪᠠᠶᠢᠭᠤᠯᠤᠨ᠎ᠠ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠠᠴᠠ 2016 ᠣᠨ ᠠᠴᠠ ᠣᠲᠣ ᠪᠣᠯᠲᠠᠯᠠᠬᠢ᠂ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ | ᠲᠠᠪᠴᠠᠩ ᠢᠶᠠᠷ ᠳᠠᠮᠵᠢᠭᠤᠯᠤᠨ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ | ᠵᠦᠢᠯ ᠢ ᠬᠠᠩᠭᠠᠨ᠎ᠠ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠤᠯᠠᠭᠠᠨᠴᠠᠪ | ᠬᠤᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠣᠰ ᠠᠵᠢᠯ ᠲᠥᠷᠥᠯ ᠤᠨ ᠢᠶᠠᠨ ︽ | ᠳᠤᠲᠠᠭᠤ ᠲᠤᠷᠭᠤᠨ︾ ᠢᠨᠵᠧᠨᠧᠷᠢᠩ ᠢ ᠲᠥᠷᠥᠯ ᠬᠤᠪᠢᠶᠠᠨ ᠡᠮᠬᠢᠯᠡᠨ ᠳᠢᠭᠯᠡᠵᠦ᠂ ᠡᠬᠡ ᠲᠠᠩᠰᠠ ᠪᠠᠶᠢᠭᠤᠯᠤᠨ᠂ | ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠢᠶᠠᠷ ᠭᠠᠷ ᠤᠨ ᠥᠰᠥᠭ ᠵᠢᠷᠤᠭᠤᠯᠤᠭᠰᠠᠨ ᠤ ᠳᠠᠷᠠᠭ᠎ᠠ | ᠲᠣᠭᠲᠠᠭᠠᠨ᠎ᠠ᠂ ᠡᠬᠡ ᠲᠠᠩᠰᠠ ᠶᠢ ᠨᠢᠭᠡᠨᠲᠡ ᠲᠣᠭᠲᠠᠭᠠᠪᠠᠯ᠂ ᠨᠢᠭᠡ ᠶᠢ ᠴᠢᠯᠥᠭᠡᠲᠡᠶ ᠴᠢᠯᠥᠭᠡᠲᠡᠶ ᠪᠣᠯᠭᠠᠨ᠎ᠠ᠂ | ᠳᠤᠷ᠎ᠠ ᠪᠠᠷ ᠢᠶᠠᠨ ᠳᠣᠭᠢᠷᠠᠭᠤᠯᠤᠨ ᠬᠠᠰᠤᠵᠤ ᠪᠣᠯᠬᠤ ᠥᠬᠡᠶ᠃ ᠮᠠᠨ ᠤ ᠬᠤᠲᠠ ᠶᠢᠨ ᠬᠢᠨᠠᠨ ᠵᠥᠪᠰᠢᠶᠡᠷᠡᠭᠰᠡᠨ ︽ | ᠳᠤᠲᠠᠭᠤ ᠲᠤᠷᠭᠤᠨ︾ ᠲᠥᠷᠥᠯ ᠵᠦᠢᠯ ᠤᠨ ᠢᠨᠵᠧᠨᠧᠷᠢᠩ ᠤᠨ ᠡᠬᠡ ᠲᠠᠩᠰᠠ ᠶᠢ ᠤᠯᠠᠭᠠᠨᠴᠠᠪ ᠬᠤᠲᠠ ᠪᠠᠷ | ᠯᠠᠪᠯᠠᠯᠲᠠ ᠪᠣᠯᠭᠠᠵᠤ ᠪᠠᠶᠢᠭᠤᠯᠤᠨ᠎ᠠ᠃ | ︵ᠬᠤᠶᠠᠷ︶ ᠲᠥᠷᠥᠯ ᠬᠤᠪᠢᠶᠠᠨ ᠰᠢᠢᠳᠪᠦᠷᠢᠯᠡᠬᠦ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠲᠣᠰ ᠠᠵᠢᠯ ᠲᠥᠷᠥᠯ ᠤᠨ ᠢᠶᠠᠨ ︽ᠳᠤᠲᠠᠭᠤ ᠲᠤᠷᠭᠤᠨ︾ ᠢᠨᠵᠧᠨᠧᠷᠢᠩ ᠢ | ᠰᠢᠢᠳᠪᠦᠷᠢᠯᠡᠬᠦ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ︽ᠬᠡᠨ ᠭᠤᠤᠯᠴᠢᠯᠠᠨ ᠬᠠᠮᠢᠶᠠᠷᠪᠠᠯ ᠬᠡᠨ | ᠬᠠᠷᠢᠭᠤᠴᠠᠬᠤ︾ ᠵᠠᠷᠴᠢᠮ ᠤᠨ ᠶᠣᠰᠣᠭᠠᠷ᠂ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠲᠦᠷᠦᠭᠦᠯᠡᠨ ᠡᠬᠢᠯᠡᠵᠦ ᠬᠢᠬᠦ ᠬᠦᠷᠢᠶ᠎ᠡ ᠬᠡᠪᠴᠢᠶ᠎ᠡ ᠲᠠᠢ ᠬᠠᠷᠢᠴᠠᠭᠤᠯᠤᠨ ︽ᠳᠤᠲᠠᠭᠤ ᠲᠤᠷᠭᠤᠨ︾ | ᠢᠨᠵᠧᠨᠧᠷᠢᠩ ᠢ ᠶᠡᠭᠡ ᠪᠠᠷ ᠡᠬᠢᠯᠡᠵᠦ ᠬᠢᠬᠦ ᠬᠡᠷᠡᠭᠲᠡᠶ᠃ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠤᠳ ᠲᠣᠰ ᠬᠦᠷᠢᠶ᠎ᠡ ᠴᠠᠷᠠᠭ᠎ᠠ ᠶᠢᠨ ᠢᠶᠠᠨ ︽ᠳᠤᠲᠠᠭᠤ ᠲᠤᠷᠭᠤᠨ︾ ᠢᠨᠵᠧᠨᠧᠷᠢᠩ ᠤᠨ | ᠪᠠᠷᠢᠮᠵᠢᠶ᠎ᠠ ᠶᠢ ᠳᠤᠷᠠᠳᠴᠤ᠂ ︽ᠳᠤᠲᠠᠭᠤ ᠲᠤᠷᠭᠤᠨ︾ ᠢᠨᠵᠧᠨᠧᠷᠢᠩ ᠤᠨ ᠲᠥᠷᠥᠯ ᠵᠦᠢᠯ ᠤᠨ ᠰᠢᠢᠳᠪᠦᠷᠢᠯᠡᠬᠦ | ᠡᠲᠡᠭᠡᠳ᠂ ᠬᠠᠷᠢᠭᠤᠴᠠᠯᠭᠠᠲᠤ ᠰᠠᠯᠠᠭ᠎ᠠ ᠮᠥᠴᠢᠷ᠂ ᠰᠢᠢᠳᠪᠦᠷᠢᠯᠡᠬᠦ ᠵᠠᠷᠴᠢᠮ᠂ ᠰᠢᠢᠳᠪᠦᠷᠢᠯᠡᠬᠦ ᠶᠠᠪᠤᠴᠠ᠂ | ᠰᠢᠢᠳᠪᠦᠷᠢᠯᠡᠬᠦ ᠴᠠᠭ ᠤᠨ ᠬᠢᠵᠠᠭᠠᠷ ᠢ ᠨᠢᠭᠡᠳ ᠨᠢᠭᠡ ᠪᠠᠷ ᠲᠣᠳᠣᠷᠬᠠᠶᠢᠯᠠᠵᠤ᠂ ᠲᠣᠰ ᠠᠵᠢᠯ ᠲᠥᠷᠥᠯ ᠤᠨ ᠢᠶᠠᠨ | ᠡᠬᠢᠯᠡᠯᠲᠡ ᠶᠢ ᠵᠢᠯᠣᠭᠤᠳᠴᠤ᠂ ᠵᠢᠯ ᠤᠨ ᠳᠣᠲᠣᠷ᠎ᠠ ᠠᠮᠢᠳᠤᠯᠢᠭ ᠪᠣᠯᠭᠠᠬᠤ ᠪᠠ ᠳ᠋ᠤᠭᠠᠷ ᠢ ᠨᠢ ᠬᠠᠰᠤᠬᠤ ᠪᠠᠷ | ᠴᠢᠷᠮᠠᠶᠢᠬᠤ ᠬᠡᠷᠡᠭᠲᠡᠶ᠃ | 1.ᠭᠠᠷᠳᠠᠮ ᠢ ᠲᠦᠷᠭᠡᠬᠡᠨ ᠲᠡᠭᠦᠯᠳᠡᠷᠵᠢᠭᠦᠯᠬᠦ ᠬᠡᠷᠡᠭᠲᠡᠶ᠃ ᠲᠥᠯᠥᠪᠵᠢᠭᠦᠯᠭᠡ ᠶᠢᠨ ᠱᠠᠭᠠᠷᠳᠠᠯᠭ᠎ᠠ ᠳᠤ | ᠨᠡᠶᠢᠴᠡᠬᠦ ᠮᠥᠷᠲᠡᠭᠡᠨ ᠨᠢᠭᠡᠨᠲᠡ ᠪᠠᠶᠢᠭᠤᠯᠵᠤ ᠳᠠᠭᠤᠰᠬᠠᠭᠰᠠᠨ ᠪᠣᠯᠪᠠᠴᠤ ᠪᠠᠷᠢᠯᠭ᠎ᠠ ᠶᠢᠨ ᠭᠠᠷ ᠬᠦᠢᠴᠡᠳᠭᠡᠯ ᠨᠢ | ᠪᠦᠷᠢᠨ ᠪᠤᠰᠤ ᠪᠠᠷᠢᠯᠭ᠎ᠠ ᠳᠤ᠂ ᠪᠠᠷᠢᠮᠵᠢᠶ᠎ᠠ ᠶᠢᠨ ᠵᠢᠷᠤᠮᠵᠢᠯ ᠶᠣᠰᠣᠭᠠᠷ᠂ ᠪᠠᠷᠢᠯᠭ᠎ᠠ ᠶᠢᠨ ᠠᠵᠢᠯ ᠳᠠᠭᠤᠰᠤᠭᠰᠠᠨ | ᠮᠡᠷᠭᠡᠵᠢᠯ ᠤᠨ ᠴᠢᠨᠠᠷᠲᠠᠶ ᠰᠢᠯᠭᠠᠨ ᠠᠪᠬᠤ ᠶᠢ ᠤᠷᠢᠳᠠᠪᠠᠷ ᠵᠣᠬᠢᠶᠠᠨ ᠪᠠᠶᠢᠭᠤᠯᠵᠤ᠂ ᠵᠣᠬᠢᠬᠤ ᠭᠠᠷ ᠭᠦᠶ᠋ᠴᠡᠳᠬᠡᠯ ᠢ | ᠨᠥᠬᠦᠪᠥᠷᠢᠯᠡᠵᠦ᠂ ᠬᠠᠮᠢᠶ᠎ᠠ ᠪᠥᠬᠦᠶ ᠵᠠᠷᠤᠳᠠᠯ ᠢ ᠲᠤᠰᠢᠶᠠᠭᠰᠠᠨ ᠤ ᠳᠠᠷᠠᠭ᠎ᠠ᠂ ᠬᠤᠯᠪᠣᠭᠳᠠᠯ ᠪᠥᠬᠦᠶ ᠰᠠᠯᠠᠭ᠎ᠠ | ᠮᠥᠴᠢᠷ ᠠᠴᠠ ᠬᠠᠤᠯᠢ ᠶᠣᠰᠣᠭᠠᠷ ᠲᠡᠭᠦᠨ ᠳᠤ ᠵᠣᠬᠢᠬᠤ ᠰᠢᠯᠭᠠᠨ ᠠᠪᠬᠤ ᠭᠠᠷ ᠭᠦᠶ᠋ᠴᠡᠳᠬᠡᠯ ᠢ ᠨᠥᠬᠦᠨ | ᠭᠦᠶ᠋ᠴᠡᠳᠬᠡᠵᠦ᠂ ᠬᠠᠤᠯᠢ ᠶᠣᠰᠣᠭᠠᠷ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠬᠢᠬᠦ ᠶᠢ ᠵᠥᠪᠰᠢᠶᠡᠷᠡᠨ᠎ᠡ᠃ | ᠲᠥᠪ ᠪᠤᠶᠤ ᠤᠯᠤᠰ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠴᠢᠬᠤᠯᠠᠲᠠᠶ ᠵᠦᠢᠯᠡᠰ ᠲᠤ | ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠭᠠᠷ ᠭᠦᠢᠴᠡᠳᠬᠡᠯ ᠢ | ᠱᠠᠯᠠᠪᠳᠠᠨ ᠭᠦᠢᠴᠡᠳᠬᠡᠬᠦ ᠬᠡᠷᠡᠭᠲᠡᠶ᠃ | 2.ᠠᠵᠢᠯ ᠢᠶᠠᠨ ᠰᠡᠷᠭᠦᠭᠡᠵᠦ ᠦᠷᠭᠦᠯᠵᠢᠯᠡᠨ ᠪᠠᠶᠢᠭᠤᠯᠬᠤ ᠶᠢ ᠳᠡᠮᠵᠢᠨ᠎ᠡ᠃ ᠦᠷᠭᠦᠯᠵᠢᠯᠡᠨ ᠪᠦᠲᠦᠭᠡᠨ | ᠪᠠᠶᠢᠭᠤᠯᠬᠤ ᠴᠢᠳᠠᠪᠤᠷᠢ ᠲᠠᠢ ᠪᠥᠭᠡᠳ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠡ ᠢᠳᠡᠪᠬᠢᠲᠡᠶ | ᠬᠠᠮᠵᠢᠯᠴᠠᠭᠰᠠᠨ ᠪᠠᠷᠢᠯᠭ᠎ᠠ ᠳᠤ ᠲᠡᠭᠦᠨ ᠤ ᠥᠯᠥ ᠬᠥᠳᠡᠯᠬᠦ ᠬᠥᠷᠥᠩᠭᠡ ᠶᠢᠨ ᠡᠷᠬᠡᠲᠦ ᠬᠥᠮᠦᠨ ᠨᠢ ᠬᠡᠷ ᠪᠠᠶᠢᠰᠢᠩ ᠤᠨ | ᠪᠠᠷᠢᠯᠭ᠎ᠠ ᠶᠢᠨ ᠠᠮᠤᠷ ᠲᠦᠪᠰᠢᠨ ᠤ ᠶᠠᠰᠤ ᠴᠢᠨᠠᠷ ᠲᠤ ᠦᠨᠡᠯᠡᠨ ᠵᠢᠱᠢᠵᠦ ᠬᠢᠨᠠᠨ ᠲᠣᠭᠲᠠᠭᠠᠯᠲᠠ ᠬᠢᠵᠦ᠂ ᠣᠲᠣ ᠶᠢᠨ | ᠬᠡᠷᠡᠭᠵᠢᠭᠦᠯᠵᠦ ᠪᠠᠶᠢᠭ᠎ᠠ ᠲᠥᠯᠥᠪᠵᠢᠭᠦᠯᠭᠡ᠂ ᠪᠠᠷᠢᠯᠭ᠎ᠠ ᠶᠢᠨ ᠠᠮᠤᠷ ᠲᠦᠪᠰᠢᠨ᠂ ᠠᠮᠢ ᠠᠬᠤᠶ ᠶᠢᠨ ᠤᠯᠠᠭᠠᠨ | ᠱᠤᠭᠤᠮ ᠢ ᠬᠠᠮᠢᠶᠠᠷᠤᠨ ᠡᠵᠡᠮᠳᠡᠬᠦ ᠵᠡᠷᠭᠡ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠪᠠᠷᠢᠯᠭ᠎ᠠ ᠶᠢᠨ ᠠᠵᠢᠯ ᠤᠨ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠤᠲᠠᠯᠠᠭᠰᠠᠨ ᠤ ᠳᠠᠷᠠᠭ᠎ᠠ᠂ ᠰᠠᠶ᠋ᠢ ᠤᠤᠯ ᠤᠨ ᠪᠠᠷᠢᠯᠭ᠎ᠠ ᠶᠢ | ᠨᠤᠷᠠᠭᠠᠬᠤ ᠥᠬᠡᠶ ᠰᠠᠭᠤᠷᠢᠨ ᠳᠡᠭᠡᠷ᠎ᠡ ᠦᠷᠭᠦᠯᠵᠢᠯᠡᠨ ᠪᠠᠶᠢᠭᠤᠯᠵᠤ᠂ ᠦᠷᠭᠦᠯᠵᠢᠯᠡᠨ ᠪᠠᠶᠢᠭᠤᠯᠬᠤ ᠲᠥᠰᠦᠯ ᠢ | ᠵᠡᠷᠭᠡ ᠳᠤᠨᠢ ᠲᠣᠭᠲᠠᠭᠠᠵᠤ᠂ ᠦᠷᠭᠦᠯᠵᠢᠯᠡᠨ ᠪᠠᠶᠢᠭᠤᠯᠬᠤ ᠭᠤᠤᠯ ᠴᠣᠭᠴᠠ ᠶᠢ ᠨᠠᠶᠢᠳᠠᠪᠤᠷᠢᠵᠢᠭᠤᠯᠤᠨ᠂ ᠪᠠᠷᠢᠯᠭ᠎ᠠ | ᠳᠠᠭᠤᠰᠬᠠᠬᠤ ᠴᠠᠭ ᠤᠨ ᠬᠢᠵᠠᠭᠠᠷ ᠢ ᠠᠮᠠᠯᠠᠵᠤ ᠪᠣᠯᠤᠨ᠎ᠠ᠃ | 3.ᠢᠳᠡᠪᠬᠢᠲᠡᠶ ᠪᠠᠷ ᠬᠥᠲᠥᠯᠦᠨ ᠵᠢᠯᠣᠭᠤᠳᠴᠤ ᠠᠮᠢᠳᠤᠯᠢᠭ ᠪᠣᠯᠭᠠᠨ᠎ᠠ᠃ ᠪᠡᠯᠡ ᠮᠥᠩᠭᠦ | ᠳᠤᠲᠠᠭᠳᠠᠭᠰᠠᠨ ᠠᠴᠠ ᠪᠣᠯᠣᠭᠠᠳ ᠦᠨᠡᠨᠬᠦ ᠦᠷᠭᠦᠯᠵᠢᠯᠡᠨ ᠪᠠᠶᠢᠭᠤᠯᠬᠤ ᠴᠢᠳᠠᠯ ᠥᠭᠡᠢ ᠪᠠᠷᠢᠯᠭ᠎ᠠ ᠳᠤ ᠪᠣᠯ ᠥᠷᠢ | ᠥᠭᠴᠡᠭᠡ ᠶᠢ ᠲᠠᠬᠢᠨ ᠵᠣᠬᠢᠶᠠᠨ ᠪᠠᠶᠢᠭᠤᠯᠬᠤ᠂ ᠳᠠᠮᠫᠤᠷᠠᠭᠤᠯᠵᠤ ᠢᠯᠭᠠᠷᠠᠭᠤᠯᠤᠨ ᠪᠤᠳᠤᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠥᠷᠢ ᠥᠭᠴᠡᠭᠡ ᠶᠢᠨ ᠵᠢᠭᠤᠷᠠᠯᠳᠤᠭᠠᠨ ᠢ ᠰᠢᠢᠳᠪᠦᠷᠢᠯᠡᠵᠦ᠂ ᠨᠡᠶᠢᠭᠡᠮ ᠤᠨ ᠬᠥᠷᠥᠩᠭᠡ ᠶᠢᠨ | ᠬᠤᠷᠰᠢᠯᠴᠠᠭ᠎ᠠ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠨᠥᠬᠦᠴᠡᠯ ᠲᠠᠢ ᠨᠡᠭᠡᠭᠡᠨ ᠬᠥᠭᠵᠢᠭᠦᠯᠬᠦ ᠠᠵᠤ | ᠠᠬᠤᠶᠢᠯᠠᠯ ᠤᠨ ᠬᠤᠳᠠᠯᠳᠤᠨ ᠠᠪᠬᠤ᠂ ᠦᠷᠭᠦᠯᠵᠢᠯᠡᠨ ᠪᠠᠶᠢᠭᠤᠯᠬᠤ᠂ ᠨᠡᠭᠡᠭᠡᠨ ᠬᠥᠭᠵᠢᠭᠦᠯᠬᠦ ᠶᠢ | ᠵᠣᠷᠢᠭᠵᠢᠭᠤᠯᠬᠤ ᠶᠢᠨ ᠬᠠᠮᠲᠤ ᠲᠥᠷᠥ ᠶᠢᠨ ᠪᠤᠳᠤᠯᠭ᠎ᠠ ᠶᠢᠨ ᠴᠢᠨᠠᠷᠲᠠᠶ ᠨᠡᠭᠡᠭᠡᠨ ᠬᠥᠭᠵᠢᠭᠦᠯᠬᠦ ᠴᠢᠨᠠᠷᠲᠠᠶ ᠲᠥᠷᠥ ᠶᠢᠨ | ᠪᠤᠳᠤᠯᠭ᠎ᠠ ᠶᠢᠨ ᠮᠥᠩᠭᠦᠨ ᠭᠦᠢᠯᠭᠡᠭᠡᠨ ᠤ ᠪᠠᠭᠠᠵᠢ ᠶᠢ ᠵᠦᠢ ᠵᠣᠬᠢᠰᠲᠠᠶ ᠠᠰᠢᠭᠯᠠᠨ ︽ᠬᠠᠭᠠᠰ ᠳᠤᠲᠠᠭᠤ︾ | ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠭᠤᠣᠯ ᠴᠣᠭᠴᠠ ᠳᠤ ᠪᠡᠯᠡ ᠮᠥᠩᠭᠦ ᠶᠢᠨ ᠳᠡᠮᠵᠢᠯᠭᠡ ᠦᠵᠡᠭᠦᠯᠬᠦ | ᠬᠡᠷᠡᠭᠲᠡᠶ᠃ | 4.ᠬᠠᠤᠯᠢ ᠴᠠᠭᠠᠵᠠ ᠶᠢᠨ ᠰᠢᠢᠳᠪᠦᠷᠢᠯᠡᠯᠳᠡ ᠶᠢ ᠲᠦᠷᠭᠡᠳᠬᠡᠨ᠎ᠡ᠃ ᠠᠪᠴᠠᠭ᠎ᠠ ᠥᠭᠴᠡᠭᠡ ᠨᠢ ᠪᠤᠳᠤᠯᠢᠶᠠᠨᠲᠠᠶ | ᠂ ᠵᠣᠬᠢᠴᠠᠭᠤᠯᠬᠤ ᠳᠤ ᠪᠡᠷᠬᠡᠲᠡᠶ ᠢᠨᠵᠧᠨᠧᠷᠢᠩ ᠢ ᠬᠠᠤᠯᠢ ᠴᠠᠭᠠᠵᠠ ᠶᠢᠨ ᠠᠷᠭ᠎ᠠ ᠵᠠᠮ ᠢᠶᠠᠷ ᠳᠠᠮᠵᠢᠭᠤᠯᠤᠨ ᠰᠢᠭᠦᠬᠦ | ᠬᠤᠷᠢᠶ᠎ᠠ ᠵᠡᠷᠭᠡ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠰᠢᠢᠳᠪᠦᠷᠢᠯᠡᠨ᠎ᠡ᠃ ᠰᠢᠭᠦᠬᠦ ᠬᠤᠷᠢᠶᠠᠨ ᠤ | ᠲᠠᠰᠤᠯᠤᠯᠲᠠ ᠪᠠᠷ ᠳᠠᠮᠵᠢᠨ ᠠᠪᠴᠠᠭ᠎ᠠ ᠥᠭᠴᠡᠭᠡ ᠶᠢᠨ ᠬᠠᠷᠢᠴᠠᠭ᠎ᠠ ᠶᠢ ᠨᠤᠲᠠᠯᠠᠭᠰᠠᠨ ᠪᠠᠶᠢᠪᠠᠯ᠂ ᠰᠢᠭᠦᠬᠦ | ᠬᠤᠷᠢᠶᠠᠨ ᠤ ᠲᠠᠰᠤᠯᠤᠯᠲᠠ ᠶᠢ ᠦᠨᠳᠦᠰᠦᠯᠡᠨ ᠬᠤᠯᠪᠣᠭᠳᠠᠯ ᠪᠦᠬᠦᠢ ᠭᠠᠷ ᠭᠦᠢᠴᠡᠳᠬᠡᠯ ᠢ ᠲᠦᠷᠭᠡᠪᠴᠢᠯᠡᠨ | ᠭᠦᠢᠴᠡᠳᠬᠡᠵᠦ᠂ ᠪᠡᠯᠡ ᠣᠷᠣᠭᠤᠯᠤᠯᠲᠠ ᠶᠢᠨ ᠪᠡᠶᠡᠴᠢ ᠴᠣᠭᠴᠠ ᠶᠢ ᠲᠣᠳᠣᠷᠬᠠᠶᠢᠯᠠᠵᠤ᠂ ᠵᠦᠢᠯᠡᠰ ᠤᠨ | ᠬᠡᠷᠡᠭᠵᠢᠭᠦᠯᠦᠯᠲᠡ ᠶᠢ ᠲᠦᠯᠬᠢᠨ ᠠᠬᠢᠭᠤᠯᠪᠠ︔ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠤᠭᠰᠠᠨ ᠨᠢᠭᠡᠴᠡ ᠶᠢᠨ | ᠭᠤᠤᠯ ᠴᠣᠭᠴᠠ ᠨᠢ ᠤᠰᠠᠳᠤᠭᠰᠠᠨ ᠪᠠᠶᠢᠪᠠᠯ᠂ ᠠᠪᠴᠠᠭ᠎ᠠ ᠥᠭᠴᠡᠭᠡ ᠵᠡᠷᠭᠡ ᠡᠳ᠋ ᠬᠥᠷᠥᠩᠭᠡ ᠨᠢ ᠲᠣᠳᠣᠷᠬᠠᠶ | ᠪᠠᠶᠢᠬᠤ ᠤᠷᠢᠲᠠᠯ ᠳᠣᠤᠷ᠎ᠠ᠂ ᠬᠠᠤᠯᠢ ᠶᠣᠰᠣᠭᠠᠷ ︽ᠳᠤᠲᠠᠭᠤ ᠲᠤᠷᠭᠤᠨ︾ ᠪᠠᠷᠢᠯᠭ᠎ᠠ ᠶᠢᠨ ᠲᠥᠷᠥᠯ ᠵᠦᠢᠯ ᠤᠨ | ᠡᠳ᠋ ᠬᠥᠷᠥᠩᠭᠡ ᠶᠢ ᠦᠨ᠎ᠡ ᠬᠠᠶᠠᠨ ᠬᠤᠳᠠᠯᠳᠤᠵᠤ᠂ ᠦᠨ᠎ᠡ ᠬᠠᠶᠠᠨ ᠬᠤᠳᠠᠯᠳᠤᠭᠠᠳ ᠣᠯᠤᠭᠰᠠᠨ ᠪᠠᠯᠠ ᠮᠥᠩᠭᠦ ᠶᠢ | ᠲᠣᠰ ᠲᠥᠷᠥᠯ ᠵᠦᠢᠯ ᠤᠨ ᠨᠢᠭᠡᠨᠲᠡ ᠡᠭᠦᠰᠦᠭᠰᠡᠨ ᠥᠷᠢ ᠥᠭᠴᠡᠭᠡ ᠶᠢ ᠰᠢᠢᠳᠪᠦᠷᠢᠯᠡᠬᠦ ᠳᠤ ᠬᠡᠷᠡᠭᠯᠡᠨ᠎ᠡ︔ | ᠠᠪᠴᠠᠭ᠎ᠠ ᠥᠭᠴᠡᠭᠡ ᠨᠢ ᠨᠠᠷᠢᠨ ᠪᠤᠳᠤᠯᠢᠶᠠᠨᠲᠠᠶ᠂ ᠵᠣᠬᠢᠴᠠᠭᠤᠯᠤᠨ ᠵᠠᠯᠭᠠᠬᠤ ᠳᠤ ᠪᠡᠷᠬᠡᠲᠡᠶ ︽ᠬᠠᠭᠠᠰ ᠳᠤᠲᠠᠭᠤ | ᠪᠠᠷᠢᠯᠭ᠎ᠠ︾ ᠶᠢᠨ ᠢᠨᠵᠧᠨᠧᠷᠢᠩ ᠤᠨ ᠵᠦᠢᠯᠡᠰ ᠢ ︽ᠠᠷᠠᠳ ᠤᠨ ᠡᠶᠡᠳᠡᠭᠦᠯᠭᠡ + ᠬᠠᠤᠯᠢ ᠴᠠᠭᠠᠵᠠ ᠶᠢᠨ | ᠨᠤᠲᠠᠯᠠᠯᠲᠠ︾ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠣᠬᠢᠲᠠᠶ ᠰᠢᠢᠳᠪᠦᠷᠢᠯᠡᠨ᠎ᠡ᠃ | 5.ᠬᠠᠤᠯᠢ ᠲᠣᠭᠲᠠᠭᠠᠯ ᠶᠣᠰᠣᠭᠠᠷ ᠨᠤᠷᠠᠭᠠᠨ᠎ᠠ᠃ ᠨᠤᠷᠠᠭᠠᠵᠤ ᠨᠡᠭᠦᠯᠭᠡᠵᠦ ᠲᠥᠪᠬᠢᠨᠡᠭᠦᠯᠬᠦ ᠳᠤ | ᠬᠤᠯᠪᠣᠭᠳᠠᠬᠤ ᠥᠭᠡᠢ᠂ ᠬᠤᠳᠠ ᠶᠢᠨ ᠦᠵᠡᠮᠵᠢ ᠶᠢ ᠬᠦᠨᠳᠦ ᠨᠣᠴᠢᠲᠠᠶ ᠨᠥᠯᠥᠭᠡᠯᠡᠭᠰᠡᠨ᠂ ᠪᠥᠳᠥᠭᠡᠨ ᠪᠠᠶᠢᠭᠤᠯᠬᠤ | ᠭᠠᠷᠳᠠᠮ ᠢ ᠨᠥᠬᠦᠪᠥᠷᠢᠯᠡᠬᠦ ᠶᠢᠨ ᠠᠷᠭ᠎ᠠ ᠥᠭᠡᠢ᠂ ᠤᠳᠤ ᠶᠢᠨ ᠬᠡᠷᠡᠭᠵᠢᠭᠦᠯᠵᠦ ᠪᠠᠶᠢᠭ᠎ᠠ ᠲᠥᠯᠥᠪᠵᠢᠭᠦᠯᠭᠡ᠂ | ᠪᠠᠷᠢᠯᠭ᠎ᠠ ᠶᠢᠨ ᠠᠮᠤᠷ ᠲᠦᠪᠰᠢᠨ ᠬᠢᠭᠡᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠥᠭᠡᠢ ︽ | ᠳᠤᠲᠠᠭᠤ ᠲᠤᠷᠭᠤᠨ︾ ᠪᠠᠷᠢᠯᠭ᠎ᠠ ᠶᠢ ᠬᠠᠤᠯᠢ ᠲᠣᠭᠲᠠᠭᠠᠯ ᠶᠣᠰᠣᠭᠠᠷ ᠴᠡᠭᠴᠡᠯᠡᠨ ᠵᠠᠰᠠᠬᠤ ᠪᠤᠶᠤ ᠨᠤᠷᠠᠭᠠᠬᠤ ᠬᠡᠷᠡᠭᠲᠡᠶ | ᠃ | ︵ᠭᠤᠷᠪᠠ︶ ᠲᠦᠷᠢᠮ ᠲᠣᠭᠲᠠᠭᠠᠯ ᠲᠣᠭᠲᠠᠭᠠᠬᠤ᠃ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ | ᠲᠥᠷᠢᠮ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠴᠢᠬᠤᠯᠠ ᠶᠡᠭᠡ ᠲᠥᠷᠥᠯ ᠵᠦᠢᠯ ᠤᠨ | ᠪᠣᠯᠤᠮᠵᠢᠲᠤ ᠰᠤᠳᠤᠯᠤᠯ ᠢ ᠴᠢᠩᠭᠠᠳᠬᠠᠨ᠂ ᠪᠡᠯᠡ ᠮᠥᠩᠭᠦ ᠶᠢᠨ ᠢᠷᠡᠯᠳᠡ ᠶᠢ ᠦᠨᠡᠨᠬᠦ ᠪᠠᠲᠤᠯᠠᠵᠤ᠂ ᠲᠥᠷᠥᠯ | ᠵᠦᠢᠯ ᠤᠨ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠶᠢ ᠤᠷᠢᠳᠴᠢᠯᠠᠨ ᠥᠷᠨᠢᠭᠦᠯᠬᠦ ᠬᠡᠷᠡᠭᠲᠡᠶ᠃ ᠡᠯ᠎ᠡ ᠠᠵᠢᠯ | ᠲᠥᠷᠥᠯ ᠤᠨ ᠰᠠᠯᠠᠭ᠎ᠠ ᠮᠥᠴᠢᠷ ᠤᠳ ᠲᠥᠷᠥᠯ ᠵᠦᠶ᠋ᠯ ᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠬᠠᠮᠢᠶ᠎ᠠ ᠪᠥᠬᠦᠶ | ᠲᠦᠷᠢᠮ ᠢ ᠲᠣᠭᠲᠠᠭᠠᠨ ᠵᠢᠷᠤᠮᠵᠢᠭᠤᠯᠵᠤ᠂ ᠲᠥᠷᠥᠯ ᠵᠦᠢᠯ ᠤᠨ ᠡᠳᠦᠷ ᠲᠤᠲᠤᠮ ᠤᠨ ᠬᠢᠨᠠᠨ ᠬᠠᠮᠢᠶᠠᠷᠤᠭᠴᠢ ᠨᠢ | ᠦᠨᠡᠨᠬᠦ ᠬᠢᠨᠠᠨ ᠵᠥᠪᠰᠢᠶᠡᠷᠡᠭᠰᠡᠨ ᠪᠠᠶᠢᠳᠠᠯ ᠤᠨ ᠶᠣᠰᠣᠭᠠᠷ ᠪᠠᠷᠢᠯᠭ᠎ᠠ ᠶᠢᠨ ᠠᠵᠢᠯ ᠤᠨ ᠬᠠᠮᠢᠶᠠᠷᠤᠯᠲᠠ ᠬᠢᠵᠦ᠂ | ᠰᠢᠢᠳᠪᠦᠷᠢᠳᠤ ᠪᠣᠳᠣᠯᠭ᠎ᠠ ᠲᠣᠭᠲᠠᠭᠠᠬᠤ ᠰᠠᠯᠠᠭ᠎ᠠ ᠮᠥᠴᠢᠷ ᠨᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠳᠤ | ᠪᠣᠳᠣᠯᠭ᠎ᠠ ᠲᠣᠭᠲᠠᠭᠠᠵᠤ᠂ ᠲᠣᠭᠲᠠᠭᠠᠭᠰᠠᠨ ᠤ ᠳᠠᠷᠠᠭᠠᠬᠢ ᠢᠨᠵᠧᠨᠧᠷᠢᠩ ᠤᠨ ᠲᠥᠷᠥᠯ ᠵᠦᠢᠯ ᠢ ᠳᠤᠷ᠎ᠠ ᠪᠠᠷ ᠢᠶᠠᠨ | ᠥᠭᠡᠷᠡᠴᠢᠯᠡᠵᠦ ᠳᠣᠭᠢᠷᠠᠭᠤᠯᠵᠤ ᠪᠣᠯᠬᠤ ᠥᠬᠡᠶ ᠪᠥᠭᠡᠳ ︽ᠳᠤᠲᠠᠭᠤ ᠲᠤᠷᠭᠤᠨ︾ ᠢᠨᠵᠧᠨᠧᠷᠢᠩ ᠤᠨ | ᠦᠷᠭᠦᠯᠵᠢᠯᠡᠨ ᠠᠬᠢᠭᠤᠯᠵᠤ ᠪᠠᠶᠢᠭ᠎ᠠ ᠪᠠᠶᠢᠳᠠᠯ ᠳᠤ ᠴᠠᠭ ᠲᠤᠬᠠᠶ ᠳᠤᠨᠢ ︽ᠡᠷᠭᠢᠵᠦ ᠦᠵᠡᠬᠦ︾ ᠶᠢ ᠥᠷᠨᠢᠭᠦᠯᠬᠦ | ᠬᠡᠷᠡᠭᠲᠡᠶ᠃ | ︵ᠳᠥᠷᠪᠡ︶ ᠵᠠᠭᠠᠯᠳᠤᠵᠤ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠶᠢ ᠳᠣᠭᠢᠷᠠᠭᠤᠯᠤᠨ᠎ᠠ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ 12345 ᠬᠠᠯᠠᠭᠤᠨ ᠤᠲᠠᠰᠤᠨ ᠳᠤ | ︽ᠳᠤᠲᠠᠭᠤ ᠲᠤᠷᠭᠤᠨ︾ ᠢᠨᠵᠧᠨᠧᠷᠢᠩ ᠤᠨ ᠠᠰᠠᠭᠤᠳᠠᠯ ᠢ ᠭᠥᠯᠢᠶᠡᠨ ᠠᠪᠴᠤ ᠰᠢᠢᠳᠪᠦᠷᠢᠯᠡᠬᠦ ᠵᠦᠢᠯᠡᠰ ᠢ ᠨᠡᠮᠡᠨ | ᠪᠠᠶᠢᠭᠤᠯᠵᠤ᠂ ᠠᠷᠠᠳ ᠣᠯᠠᠨ ᠤ ᠲᠤᠰᠬᠠᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠡᠯ᠎ᠡ ᠠᠵᠢᠯ | ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠢᠶᠠᠨ ᠬᠠᠷᠢᠭᠤᠴᠠᠨ | ᠰᠢᠢᠳᠪᠦᠷᠢᠯᠡᠬᠦ ᠵᠦᠢᠯᠡᠰ ᠢ ᠳᠠᠭᠠᠭᠤᠯᠤᠨ ᠬᠦᠢᠴᠡᠳᠭᠡᠨ᠎ᠡ᠃ | ᠲᠠᠪᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ︽ᠳᠤᠲᠠᠭᠤ ᠲᠤᠷᠭᠤᠨ︾ ᠢᠨᠵᠧᠨᠧᠷᠢᠩ ᠤᠨ ᠶᠡᠭᠡ ᠡᠬᠢᠯᠡᠯᠲᠡ ᠶᠢᠨ ᠠᠵᠢᠯᠯᠠᠭ᠎ᠠ ᠶᠢᠨ ᠪᠣᠳᠠᠲᠤ ᠦᠷ᠎ᠡ | ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ᠂ ᠮᠠᠨ ᠤ ᠬᠤᠲᠠ ᠶᠢᠨ ︽ᠳᠤᠲᠠᠭᠤ ᠲᠤᠷᠭᠤᠨ︾ | ᠢᠨᠵᠧᠨᠧᠷᠢᠩ ᠤᠨ ᠶᠡᠭᠡ ᠡᠬᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ | ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠪᠠ᠃ | ᠳᠤᠭᠤᠶᠢᠯᠠᠩ ᠤᠨ ᠳᠠᠷᠤᠭ᠎ᠠ᠄ | ᠵᠠᠩ ᠵᠢᠶᠦ᠋ᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ | ᠪᠠᠶᠢᠩᠭᠤ ᠶᠢᠨ ᠲᠡᠳ᠋ ᠬᠤᠳᠠ ᠶᠢᠨ ᠲᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ | ᠵᠠᠩ ᠰᠢᠤᠸᠠᠢ ᠹᠸᠢ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ | ᠨᠢᠶᠧ ᠬᠠᠢ ᠵᠢᠶᠦ᠋ᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠲᠠᠨ ᠵᠢᠶᠦ᠋ᠨ ᠹᠧᠩ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶᠠᠨ ᠤ ᠲᠣᠪᠴᠢᠶᠠᠨ ᠳᠠᠷᠤᠭ᠎ᠠ | ᠪᠦᠷᠢᠯᠳᠦᠬᠦᠨ᠄ | ᠯᠢ ᠬᠤᠸᠠ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠣᠪᠴᠢᠶ᠎ᠠ ᠶᠢᠨ ᠲᠣᠪᠴᠢᠶᠠᠨ | ᠳᠠᠷᠤᠭ᠎ᠠ | ᠯᠢ ᠱᠦᠨ ᠢ ᠡᠳ᠋ ᠤᠨ ᠵᠠᠰᠠᠭ ᠤᠨ ᠲᠣᠪᠴᠢᠶᠠᠨ ᠤ ᠲᠣᠪᠴᠢᠶᠠᠨ ᠳᠠᠷᠤᠭ᠎ᠠ | ᠸᠠᠩ ᠵᠢᠶᠠᠨ ᠰᠢ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠣᠪᠴᠢᠶᠠᠨ ᠳᠠᠷᠤᠭ᠎ᠠ | ᠵᠠᠩ ᠶᠤᠸᠠᠢ ᠬᠤᠩ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠲᠣᠪᠴᠢᠶᠠᠨ ᠳᠠᠷᠤᠭ᠎ᠠ | ᠯᠢ ᠵᠧᠨ ᠯᠢᠨ ᠠᠷᠠᠳ ᠤᠨ ᠶᠠᠪᠤᠳᠠᠯ ᠤᠨ ᠲᠣᠪᠴᠢᠶᠠᠨ ᠤ ᠲᠣᠪᠴᠢᠶᠠᠨ ᠳᠠᠷᠤᠭ᠎ᠠ | ᠸᠠᠩ ᠶᠤᠸᠠᠢ ᠺᠦᠢ ᠬᠠᠤᠯᠢ ᠴᠠᠭᠠᠵᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ | ᠴᠠᠩ ᠰᠢᠶᠠᠩ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠺᠣᠮᠢᠰᠰᠠᠷ | ᠳ᠋ᠦ᠋ ᠷᠦᠢ ᠮᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶᠠᠨ | ᠤ ᠲᠤᠪᠴᠢᠶᠠᠨ ᠲᠠᠷᠤᠭ᠎ᠠ | ᠱᠢ ᠴᠢᠶᠠᠩ ᠵᠠᠮ ᠲᠡᠭᠡᠭᠡᠪᠦᠷᠢ ᠶᠢᠨ ᠲᠣᠪᠴᠢᠶᠠᠨ ᠤ ᠲᠣᠪᠴᠢᠶᠠᠨ ᠳᠠᠷᠤᠭ᠎ᠠ | ᠸᠠᠩ ᠶᠦᠩ ᠱᠦᠨ ᠤᠰᠤᠨ ᠠᠰᠢᠭᠯᠠᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ | ᠸᠠᠩ ᠢᠦᠶ ᠴᠧᠩ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶᠠᠨ ᠤ ᠲᠣᠪᠴᠢᠶᠠᠨ ᠳᠠᠷᠤᠭ᠎ᠠ | ᠱᠢ ᠰᠢᠤ ᠹᠠᠩ ᠰᠣᠶᠣᠯ ᠵᠢᠭᠤᠯᠴᠢᠯᠠᠯ ᠤᠨ ᠲᠣᠪᠴᠢᠶᠠᠨ ᠤ ᠲᠣᠪᠴᠢᠶᠠᠨ ᠳᠠᠷᠤᠭ᠎ᠠ | ᠭᠤᠤ ᠵᠢᠶᠠᠨ ᠹᠧᠩ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠺᠣᠮᠢᠰ ᠤᠨ ᠡᠷᠬᠢᠯᠡᠭᠴᠢ | ᠵᠧᠦ ᠵᠢᠶᠠᠨ ᠫᠢᠩ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠢᠨᠲ᠋ᠣᠪᠴᠢᠶᠠᠨ ᠤ ᠲᠣᠪᠴᠢᠶᠠᠨ | ᠳᠠᠷᠤᠭ᠎ᠠ | ᠴᠧᠩ ᡁᠢ ᠢᠦᠶ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠲᠣᠪᠴᠢᠶᠠᠨ ᠳᠠᠷᠤᠭ᠎ᠠ | ᠶᠤᠸᠠᠨ ᠵᠢᠶᠦ᠋ᠨ ᠭᠠᠩ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠲᠣᠪᠴᠢᠶᠠᠨ | ᠳᠠᠷᠤᠭ᠎ᠠ | ᠴᠧᠩ ᡁᠢ ᠢᠦᠢ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠲᠣᠪᠴᠢᠶᠠᠨ ᠳᠠᠷᠤᠭ᠎ᠠ | ᠵᠢᠶᠠ ᠵᠥᠩ ᠹᠸᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠲᠣᠪᠴᠢᠶᠠᠨ | ᠳᠠᠷᠤᠭ᠎ᠠ | ᠾᠧ ᠯᠢ ᠵᠢᠶᠦ᠋ᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠡᠷᠬᠢᠯᠡᠭᠴᠢ | ᠨᠢᠩ ᡁᠢ ᠵᠥᠩ ᠪᠠᠯᠠ ᠣᠷᠣᠭᠤᠯᠤᠯᠲᠠ ᠶᠢ ᠠᠬᠢᠭᠤᠯᠬᠤ ᠲᠥᠪ ᠤᠨ ᠡᠷᠬᠢᠯᠡᠭᠴᠢ | ᠯᠢᠦᠶ ᠼᠦᠨ ᠪᠦ᠋ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠠᠯᠠ | ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ | ᠶᠢᠨ ᠯᠢ ᠹᠧᠩᠵᠧᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠳᠠᠭᠠᠭᠠᠮᠠᠯ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠳᠤ ᠳᠣᠭᠢᠷᠠᠭᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠲᠤᠬᠠᠶᠢᠯᠠᠭᠰᠠᠨ ᠠᠵᠢᠯ ᠤᠨ | ᠭᠤᠤᠯᠯᠠᠭᠴᠢ ᠬᠦᠴᠦᠨ ᠢ ᠰᠢᠯᠵᠢᠭᠦᠯᠦᠨ ᠠᠵᠢᠯ ᠤᠨ ᠲᠤᠰᠬᠠᠶ ᠠᠩᠭᠢ ᠪᠠᠶᠢᠭᠤᠯᠵᠤ᠂ ︽ᠳᠤᠲᠠᠭᠤ ᠲᠤᠷᠭᠤᠨ︾ | ᠢᠨᠵᠧᠨᠧᠷᠢᠩ ᠤᠨ ᠡᠳᠦᠷ ᠲᠤᠲᠤᠮ ᠤᠨ ᠲᠣᠬᠢᠷᠠᠭᠤᠯᠤᠯᠲᠠ ᠬᠢᠬᠦ᠂ ᠬᠢᠨᠠᠨ ᠵᠢᠯᠣᠭᠤᠳᠴᠤ ᠮᠡᠳᠡᠭᠡᠯᠡᠬᠦ᠂ | ᠨᠠᠶᠢᠳᠠᠪᠤᠷᠢᠵᠢᠭᠤᠯᠬᠤ ᠶᠢ ᠠᠬᠢᠭᠤᠯᠬᠤ ᠵᠡᠷᠭᠡ ᠠᠵᠢᠯ ᠢ ᠬᠠᠷᠢᠭᠤᠴᠠᠭᠤᠯᠤᠨ᠎ᠠ᠃ | ᠡᠷᠬᠢᠯᠡᠭᠴᠢ᠄ | ᠨᠢᠶᠧ ᠬᠠᠢ ᠵᠢᠶᠦ᠋ᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠳᠡᠳ᠋ ᠡᠷᠬᠢᠯᠡᠭᠴᠢ᠄ | ᠸᠠᠩᠮᠧᠩ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠪᠦᠷᠢᠯᠳᠦᠬᠦᠨ᠄ | ᠵᠢᠶ ᠯᠢ ᠵᠢᠶᠦ᠋ᠨ ᠤᠯᠠᠭᠠᠨᠴᠠᠪ ᠬᠤᠲᠠ ᠶᠢᠨ ᠠᠮᠢ ᠠᠬᠤᠶ ᠶᠢᠨ ᠣᠷᠴᠢᠨ ᠨᠥᠬᠦᠴᠡᠯ ᠤᠨ ᠲᠣᠪᠴᠢᠶ᠎ᠠ ᠶᠢᠨ | ᠹᠧᠩᠵᠧᠨ ᠬᠤᠲᠠ ᠶᠢᠨ ᠬᠤᠪᠢᠶᠠᠷᠢ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ | ᠵᠣᠣ ᠰᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠠᠰᠤᠭ ᠤᠨ ᠬᠠᠷᠢᠭᠤᠴᠠᠯᠭᠠᠲᠠᠨ | ᠰᠢᠶᠤᠤ ᠶᠦᠩ ᠵᠢᠶᠠ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠪᠡᠯᠡ | ᠣᠷᠣᠭᠤᠯᠤᠯᠲᠠ ᠶᠢᠨ ᠲᠠᠰᠤᠭ ᠤᠨ ᠳᠡᠳ᠋ ᠳᠠᠷᠤᠭ᠎ᠠ | ᠵᠠᠩ ᠬᠠᠶ ᠹᠧᠩ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠰᠢᠷᠣᠶ ᠨᠥᠭᠡᠴᠡᠯᠡᠬᠦ ᠲᠥᠪ ᠤᠨ | ᠡᠷᠬᠢᠯᠡᠭᠴᠢ | ᠶᠠᠩ ᠰᠢᠶᠤᠤ ᠲᠢᠩ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ ᠤᠨ ᠬᠠᠷᠢᠭᠤᠴᠠᠯᠭᠠᠲᠠᠨ | ᠸᠠᠩ ᠶᠦᠩ ᠬᠤᠩ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤᠨ ᠤ ᠶᠠᠪᠤᠳᠠᠯ ᠤᠨ ᠡᠬᠢ | ᠪᠠᠶᠠᠯᠢᠭ ᠤᠨ ᠲᠠᠰᠤᠭ ᠤᠨ ᠳᠠᠷᠤᠭ᠎ᠠ | ᠷᠧᠨ ᠴᠢᠦᠸᠠᠨ ᠯᠢ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠡᠳ᠋ ᠤᠨ ᠶᠠᠪᠤᠳᠠᠯ ᠤᠨ | ᠲᠠᠰᠤᠭ ᠤᠨ ᠬᠠᠷᠢᠭᠤᠴᠠᠯᠭᠠᠲᠠᠨ | ᠵᠢᠷᠭᠤᠭ᠎ᠠ᠂ ᠴᠠᠭ ᠤᠨ ᠲᠣᠬᠢᠷᠠᠭᠤᠯᠤᠯᠲᠠ | ︵ᠨᠢᠭᠡ︶ ᠪᠠᠶᠢᠷᠢᠯᠠᠭᠤᠯᠬᠤ ᠱᠠᠲᠤ ᠦᠶ᠎ᠡ ︵2022 ᠣᠨ ᠤ 8 ᠳ᠋ᠤᠭᠠᠷ ᠰᠠᠷ᠎ᠠ ᠶᠢᠨ 17 ᠤ ᠡᠳᠦᠷ ᠠᠴᠠ | ᠡᠮᠦᠨ᠎ᠡ︶᠃ ᠬᠤᠲᠠ ᠶᠢᠨ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠳ ᠪᠣᠳᠠᠲᠠᠶ ᠠᠵᠢᠯ ᠤᠨ ᠲᠥᠰᠦᠯ ᠲᠣᠭᠲᠠᠭᠠᠵᠤ᠂ ᠲᠣᠰ ᠠᠵᠢᠯ ᠲᠥᠷᠥᠯ ᠤᠨ ᠢᠶᠠᠨ ︽ᠳᠤᠲᠠᠭᠤ | ᠲᠤᠷᠭᠤᠨ︾ ᠢᠨᠵᠧᠨᠧᠷᠢᠩ ᠢ ᠢᠯᠭᠠᠷᠠᠭᠤᠯᠬᠤ ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠶ᠃ | ︵ᠬᠤᠶᠠᠷ︶ ᠪᠠᠶᠢᠳᠠᠯ ᠢ ᠣᠶᠢᠯᠠᠭᠠᠬᠤ ᠱᠠᠲᠤ ︵2022 ᠣᠨ ᠤ 8 ᠰᠠᠷ᠎ᠠ ᠶᠢᠨ 18 ᠤ ᠡᠳᠦᠷ ᠠᠴᠠ | 26 ᠤ ᠡᠳᠦᠷ ᠪᠣᠯᠲᠠᠯ᠎ᠠ︶᠃ ︽ᠳᠤᠲᠠᠭᠤ ᠲᠤᠷᠭᠤᠨ︾ ᠢᠨᠵᠧᠨᠧᠷᠢᠩ ᠤᠨ ᠪᠠᠶᠢᠳᠠᠯ ᠢ ᠪᠥᠬᠦ ᠲᠠᠯ᠎ᠠ ᠪᠠᠷ | ᠣᠶᠢᠯᠠᠭᠠᠵᠤ᠂ 8 ᠰᠠᠷ᠎ᠠ ᠶᠢᠨ 26 ᠤ ᠡᠳᠦᠷ ᠠᠴᠠ ᠡᠮᠦᠨ᠎ᠡ᠂ ᠬᠤᠲᠠ ᠶᠢᠨ ᠰᠢᠭᠤᠳ ᠬᠠᠷᠢᠶ᠎ᠠ ᠡᠯ᠎ᠡ ᠠᠵᠢᠯ | ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ | ᠬᠤᠲᠠ ᠶᠢᠨ ᠲᠣᠰ ᠱᠠᠲᠤᠨ ᠤ ︽ᠬᠠᠭᠠᠰ ᠳᠤᠲᠠᠭᠤ︾ ᠢᠨᠵᠧᠨᠧᠷᠢᠩ ᠤᠨ ᠡᠬᠡ ᠲᠠᠩᠰᠠ ᠶᠢ ᠮᠡᠳᠡᠭᠦᠯᠦᠨ ᠬᠦᠷᠭᠡᠬᠦ | ᠬᠡᠷᠡᠭᠲᠡᠶ᠃ | ︵ᠭᠤᠷᠪᠠ︶ ᠰᠢᠢᠳᠪᠦᠷᠢᠯᠡᠬᠦ ᠲᠥᠰᠦᠯ ᠪᠠ ᠰᠠᠨᠠᠯ ᠳᠤᠷᠠᠳᠤᠨ᠎ᠠ ︵2022 ᠣᠨ ᠤ 8 ᠰᠠᠷ᠎ᠠ ᠶᠢᠨ | 27 ᠤ ᠡᠳᠦᠷ ᠠᠴᠠ 10 ᠰᠠᠷ᠎ᠠ ᠶᠢᠨ 15 ᠤ ᠡᠳᠦᠷ ᠪᠣᠯᠲᠠᠯ᠎ᠠ︶᠃ ︽ᠨᠢᠭᠡ ᠲᠥᠷᠥᠯ ᠵᠦᠢᠯ ᠨᠢᠭᠡ ᠲᠥᠰᠦᠯ︾ | ᠤᠨ ᠱᠠᠭᠠᠷᠳᠠᠯᠭ᠎ᠠ ᠶᠣᠰᠣᠭᠠᠷ᠂ ᠰᠢᠢᠳᠪᠦᠷᠢᠯᠡᠬᠦ ᠲᠥᠰᠦᠯ ᠪᠠ ᠰᠠᠨᠠᠯ ᠢ ᠨᠢᠭᠡᠳ ᠨᠢᠭᠡ ᠪᠠᠷ ᠳᠤᠷᠠᠳᠴᠤ᠂ | ᠰᠢᠢᠳᠪᠦᠷᠢᠯᠡᠬᠦ ᠠᠷᠭ᠎ᠠ ᠬᠡᠮᠵᠢᠶ᠎ᠡ᠂ ᠪᠡᠶᠡᠯᠡᠭᠦᠯᠬᠦ ᠴᠠᠭ ᠬᠤᠭᠤᠴᠠᠭ᠎ᠠ᠂ ᠬᠠᠷᠢᠭᠤᠴᠠᠬᠤ ᠨᠢᠭᠡᠴᠡ ᠪᠠ | ᠬᠠᠷᠢᠭᠤᠴᠠᠯᠭᠠᠲᠠᠨ ᠢ ᠲᠣᠳᠣᠷᠬᠠᠶᠢᠯᠠᠬᠤ ᠬᠡᠷᠡᠭᠲᠡᠶ᠃ | ︵ᠳᠥᠷᠪᠡ︶ ᠲᠥᠪᠯᠡᠷᠡᠭᠦᠯᠦᠨ ᠰᠢᠢᠳᠪᠦᠷᠢᠯᠡᠬᠦ ᠱᠠᠲᠤ ︵2022 ᠣᠨ ᠤ 10 ᠰᠠᠷ᠎ᠠ ᠶᠢᠨ 16 ᠤ | ᠡᠳᠦᠷ ᠠᠴᠠ 2023 ᠣᠨ ᠤ 12 ᠰᠠᠷ᠎ᠠ ᠶᠢᠨ 15 ᠤ ᠡᠳᠦᠷ ᠪᠣᠯᠲᠠᠯ᠎ᠠ︶᠃ ᠬᠤᠲᠠ ᠶᠢᠨ ᠰᠢᠭᠤᠳ ᠬᠠᠷᠢᠶ᠎ᠠ | ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ︽ᠳᠤᠲᠠᠭᠤ ᠲᠤᠷᠭᠤᠨ︾ ᠢᠨᠵᠧᠨᠧᠷᠢᠩ ᠢ ᠲᠥᠪᠯᠡᠷᠡᠭᠦᠯᠦᠨ | ᠰᠢᠢᠳᠪᠦᠷᠢᠯᠡᠵᠦ᠂ ᠪᠡᠷᠬᠡ ᠰᠡᠳᠦᠪ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ ᠡᠯ᠎ᠡ ᠲᠠᠯ᠎ᠠ ᠶᠢᠨ ᠡᠬᠢ | ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠳᠤᠲᠠᠭᠤ ᠲᠤᠷᠭᠤᠨ︾ ᠢᠨᠵᠧᠨᠧᠷᠢᠩ ᠢ ᠠᠮᠢᠳᠤᠯᠢᠭ ᠪᠣᠯᠭᠠᠬᠤ ᠶᠢ ᠳᠥᠯᠭᠢᠨ | ᠠᠬᠢᠭᠤᠯᠪᠠ᠃ ᠬᠤᠲᠠ ᠶᠢᠨ ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ ᠲᠣᠰ ᠠᠵᠢᠯ | ᠲᠥᠷᠥᠯ ᠤᠨ ᠢᠶᠠᠨ ︽ᠳᠤᠲᠠᠭᠤ ᠲᠤᠷᠭᠤᠨ︾ ᠢᠨᠵᠧᠨᠧᠷᠢᠩ ᠤᠨ ᠳ᠋ᠤᠭᠠᠷᠯᠠᠯ ᠢ ᠬᠠᠰᠤᠬᠤ ᠠᠵᠢᠯ ᠢ ᠬᠠᠷᠢᠭᠤᠴᠠᠵᠤ᠂ | ᠨᠢᠭᠡ ᠶᠢ ᠠᠮᠢᠳᠤᠯᠢᠭ ᠪᠣᠯᠭᠠᠵᠤ ᠨᠢᠭᠡ ᠶᠢ ᠬᠠᠰᠤᠬᠤ ᠶᠢᠨ ᠬᠠᠮᠲᠤ ︽ᠳᠤᠲᠠᠭᠤ ᠲᠤᠷᠭᠤᠨ︾ ᠢᠨᠵᠧᠨᠧᠷᠢᠩ ᠢ | ᠠᠬᠢᠭᠤᠯᠬᠤ ᠠᠵᠢᠯ ᠤᠨ ᠲᠤᠷᠰᠢᠯᠭ᠎ᠠ ᠶᠢ ᠳ᠋ᠦᠩᠨᠡᠨ᠎ᠡ᠃ | ᠳᠣᠯᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠠᠯᠠᠭ᠎ᠠ | ᠮᠥᠴᠢᠷ ᠤᠳ ︽ᠳᠤᠲᠠᠭᠤ ᠲᠤᠷᠭᠤᠨ︾ ᠢᠨᠵᠧᠨᠧᠷᠢᠩ ᠢ ᠢᠯᠭᠠᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠵᠢᠯ ᠤᠨ ᠲᠣᠭᠲᠠᠴᠠ ᠶᠢ ᠪᠠᠶᠢᠭᠤᠯᠤᠨ᠂ ᠡᠭᠦᠷᠭᠡ ᠶᠢ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢ | ᠲᠣᠳᠣᠷᠬᠠᠶᠢᠯᠠᠨ᠂ ᠲᠥᠷᠥᠯ ᠬᠤᠪᠢᠶᠠᠨ ᠬᠦᠢᠴᠡᠳᠭᠡᠵᠦ᠂ ᠴᠠᠭ ᠲᠤᠬᠠᠶ ᠳᠤᠨᠢ ᠳᠠᠭᠠᠵᠤ᠂ ᠲᠣᠭᠲᠠᠭᠰᠠᠨ | ᠬᠤᠭᠤᠴᠠᠭᠠᠨ ᠳᠠᠭᠠᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠲᠠ ᠶᠢᠨ | ᠰᠢᠭᠤᠳ ᠬᠠᠷᠢᠶ᠎ᠠ ᠡᠯ᠎ᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠭᠠᠰ ᠰᠠᠷ᠎ᠠ | ᠪᠦᠷᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠰᠢᠢᠳᠪᠦᠷᠢᠯᠡᠭᠰᠡᠨ ᠠᠬᠢᠴᠠ᠂ ᠣᠷᠣᠰᠢᠵᠤ ᠪᠠᠶᠢᠭ᠎ᠠ | ᠠᠰᠠᠭᠤᠳᠠᠯ ᠵᠢᠴᠢ ᠠᠵᠢᠯ ᠤᠨ ᠰᠠᠨᠠᠭᠤᠯᠭ᠎ᠠ ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠬᠤᠲᠠ ᠶᠢᠨ ᠵᠠᠬᠢᠳᠠᠯ | ᠰᠤᠷᠪᠤᠯᠵᠢᠯᠠᠭ᠎ᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠬᠢᠳᠠᠯ | ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠪᠡᠯᠡᠳᠬᠡᠯ ᠲᠥᠰᠦᠯ ᠢ ᠲᠣᠭᠲᠠᠭᠠᠬᠤ ᠠᠵᠢᠯ ᠢ ᠰᠠᠶᠢᠲᠤᠷ | ᠬᠢᠵᠦ᠂ ᠡᠯ᠎ᠡ ᠰᠠᠯᠠᠭ᠎ᠠ ᠮᠥᠴᠢᠷ ᠢ ᠵᠢᠯᠣᠭᠤᠳᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ | ᠠᠵᠢᠯ ᠢ ᠰᠠᠶᠢᠲᠤᠷ ᠬᠢᠬᠦ ᠬᠡᠷᠡᠭᠲᠡᠶ᠃ | ︵ᠬᠤᠶᠠᠷ︶ ᠰᠠᠭᠠᠳ ᠥᠬᠡᠶ ᠨᠡᠪᠲᠡᠷᠡᠬᠦ ᠵᠠᠮ ᠢ ᠪᠠᠶᠢᠭᠤᠯᠬᠤ ᠬᠡᠷᠡᠭᠲᠡᠶ᠃ ︽ᠳᠤᠲᠠᠭᠤ ᠲᠤᠷᠭᠤᠨ︾ | ᠢᠨᠵᠧᠨᠧᠷᠢᠩ ᠤᠨ ᠬᠠᠮᠢᠶ᠎ᠠ ᠪᠥᠬᠦᠶ ᠭᠠᠷᠳᠠᠮ ᠢ ᠭᠦᠶ᠋ᠴᠡᠳᠬᠡᠬᠦ ᠶᠢᠨ ᠰᠠᠭᠠᠳ ᠥᠬᠡᠶ ᠨᠡᠪᠲᠡᠷᠡᠬᠦ ᠵᠠᠮ ᠢ ᠪᠠᠶᠢᠭᠤᠯᠤᠨ | ᠲᠡᠭᠦᠯᠳᠡᠷᠵᠢᠭᠦᠯᠵᠦ᠂ ᠡᠯ᠎ᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠶ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠤᠷᠢᠳᠠᠪᠠᠷ ᠬᠦᠢᠴᠡᠳᠭᠡᠭᠦ᠂ ᠤᠨᠴᠠᠭᠠᠢ ᠶᠠᠪᠤᠳᠠᠯ ᠢ ᠤᠨᠴᠠᠭᠠᠶᠢᠯᠠᠨ | ᠭᠦᠢᠴᠡᠳᠭᠡᠭᠦ᠂ ᠬᠠᠮᠲᠤᠷᠠᠨ ᠬᠢᠨᠠᠵᠤ ᠬᠠᠮᠲᠤᠷᠠᠨ ᠬᠦᠢᠴᠡᠳᠭᠡᠭᠦ ᠵᠠᠷᠴᠢᠮ ᠶᠣᠰᠣᠭᠠᠷ᠂ ᠰᠢᠭᠤᠳ ᠰᠢᠯᠤᠭᠤᠨ᠂ | ᠪᠤᠰᠢᠭᠤ ᠲᠦᠷᠭᠡᠨ ᠬᠠᠮᠲᠤᠷᠠᠨ ᠬᠥᠳᠡᠯᠦᠯᠴᠡᠬᠦ ᠬᠢᠨᠠᠨ ᠵᠥᠪᠰᠢᠶᠡᠷᠡᠬᠦ ᠲᠣᠭᠲᠠᠴᠠ ᠶᠢ ᠪᠠᠶᠢᠭᠤᠯᠵᠤ᠂ | ᠢᠨᠵᠧᠨᠧᠷᠢᠩ ᠤᠨ ᠭᠠᠷᠳᠠᠮ ᠢ ᠲᠦᠷᠭᠡᠳᠬᠡᠨ ᠲᠡᠭᠦᠯᠳᠡᠷᠵᠢᠭᠦᠯᠵᠦ᠂ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠠᠬᠢᠭᠤᠯᠬᠤ ᠬᠡᠷᠡᠭᠲᠡᠶ᠃ | ︵ᠭᠤᠷᠪᠠ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ | ᠦᠨᠳᠦᠰᠦᠨ ᠱᠠᠲᠤᠨ ᠤ ᠠᠵᠢᠯ ᠤᠨ ᠠᠬᠢᠴᠠ ᠶᠢ ᠦᠨᠳᠦᠰᠦᠯᠡᠨ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ | ᠴᠠᠭ ᠲᠤᠬᠠᠶ ᠳᠤᠨᠢ ︽ᠳᠤᠲᠠᠭᠤ ᠲᠤᠷᠭᠤᠨ︾ ᠢᠨᠵᠧᠨᠧᠷᠢᠩ ᠤᠨ ᠰᠢᠢᠳᠪᠦᠷᠢᠯᠡᠯᠳᠡ ᠶᠢᠨ ︽ᠡᠷᠬᠢᠨ ᠬᠠᠷᠠᠬᠤ︾ ᠶᠢ | ᠥᠷᠨᠢᠭᠦᠯᠵᠦ᠂ ᠠᠵᠢᠯ ᠢᠶᠠᠨ ᠠᠬᠢᠭᠤᠯᠬᠤ ᠪᠠᠷ ᠤᠳᠠᠭᠠᠨ ᠪᠠᠶᠢᠭ᠎ᠠ ᠰᠠᠯᠠᠭ᠎ᠠ ᠮᠥᠴᠢᠷ ᠲᠤ ᠲᠣᠭᠲᠠᠮᠠᠯ | ᠬᠤᠭᠤᠴᠠᠭ᠎ᠠ ᠲᠠᠢ ᠪᠠᠷ ᠮᠡᠳᠡᠭᠡᠯᠡᠬᠦ ᠬᠡᠷᠡᠭᠲᠡᠶ᠃ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠰᠢᠪᠠᠳᠠᠨ ᠪᠠᠶᠢᠴᠠᠭᠠᠬᠤ ᠲᠠᠰᠤᠭ ᠤᠨ ᠬᠢᠨ ᠴᠠᠭ ᠲᠤᠨᠢ ᠲᠣᠬᠢᠷᠠᠭᠤᠯᠤᠨ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠲᠠᠢ ᠬᠠᠮᠲᠤᠷᠠᠨ ︽ᠳᠤᠲᠠᠭᠤ ᠲᠤᠷᠭᠤᠨ︾ ᠢᠨᠵᠧᠨᠧᠷᠢᠩ ᠢ ᠰᠢᠢᠳᠪᠦᠷᠢᠯᠡᠬᠦ ᠠᠵᠢᠯ ᠤᠨ ᠲᠤᠰᠬᠠᠶ ᠰᠢᠪᠠᠳᠠᠨ | ᠪᠠᠶᠢᠴᠠᠭᠠᠯᠲᠠ ᠶᠢ ᠥᠷᠨᠢᠭᠦᠯᠪᠡ᠃ | | | ᠤᠷᠴᠢᠭᠤᠯᠤᠬᠴᠢ᠄ ᠼᠦᠢ ᠶᠢᠩ |