ᠹᠧᠩᠵᠧᠨ ᠬᠤᠲᠠ ᠶᠢᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠦᠨᠳᠦᠰᠦᠨ ᠱᠠᠲᠤᠨ ᠤ ᠠᠵᠢᠯ ᠤᠨ ᠲᠥᠰᠦᠯ
ᠨᠡᠶᠢᠲᠡᠯᠡᠭᠰᠡᠨ ᠴᠠᠭ᠄
2022/12/21
        ︽ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠰᠠᠭᠤᠷᠢ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2022 ︺ 54 ᠳ᠋ᠦᠭᠡᠷ ᠲᠣᠭᠠᠲᠤ︶ ᠪᠣᠯᠤᠨ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠹᠧᠩᠵᠧᠨ ᠬᠤᠲᠠ ᠪᠥᠬᠦ ᠬᠤᠲᠠ ᠶᠢᠨ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠰᠠᠭᠤᠷᠢ ᠠᠵᠢᠯ ᠢ ᠶᠡᠭᠡ ᠪᠠᠷ ᠡᠬᠢᠯᠡᠭᠦᠯᠬᠦ ᠠᠵᠢᠯᠯᠠᠭ᠎ᠠ ᠥᠷᠨᠢᠭᠦᠯᠬᠦ ᠪᠠᠷ ᠲᠣᠭᠲᠠᠪᠠ᠃ ᠦᠨᠳᠦᠰᠦᠨ ᠠᠵᠢᠯᠯᠠᠭ᠎ᠠ ᠶᠢ ᠤᠷᠤᠭᠰᠢᠲᠠᠶ ᠥᠷᠨᠢᠭᠦᠯᠵᠦ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠹᠧᠩᠵᠧᠨ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠨᠢᠭᠡ᠂ ᠶᠡᠷᠦᠩᠬᠡᠶ ᠱᠠᠭᠠᠷᠳᠠᠯᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠪᠥᠬᠦ ᠲᠠᠯ᠎ᠠ ᠪᠠᠷ ᠡᠬᠢᠯᠡᠭᠦᠯᠵᠦ᠂ ᠡᠬᠡ ᠲᠠᠩᠰᠠ ᠪᠠᠶᠢᠭᠤᠯᠤᠨ᠂ ᠬᠤᠭᠤᠴᠠᠭ᠎ᠠ ᠠᠴᠠ ᠬᠡᠲᠦᠷᠡᠲᠡᠯ᠎ᠡ ᠬᠢᠨᠠᠨ ᠵᠥᠪᠰᠢᠶᠡᠷᠡᠭᠦᠯᠦᠭᠰᠡᠨ ᠥᠬᠡᠶ ᠲᠥᠷᠥᠯ ᠵᠦᠢᠯ ᠢ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠨ᠎ᠡ᠃ ᠰᠠᠭᠤᠵᠤ ᠪᠠᠶᠢᠭᠠᠳ ᠬᠢᠨᠠᠨ ᠵᠥᠪᠰᠢᠶᠡᠷᠡᠬᠦ ᠶᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠣᠯᠭᠠᠨ ᠬᠤᠪᠢᠷᠠᠭᠤᠯᠵᠤ᠂ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠡᠮᠬᠢᠯᠡᠨ ᠰᠢᠯᠢᠳᠡᠭᠵᠢᠭᠦᠯᠵᠦ᠂ ᠴᠠᠭ ᠬᠤᠭᠤᠴᠠᠭ᠎ᠠ ᠶᠢ ᠪᠣᠭᠤᠨᠢᠰᠬᠠᠨ᠂ ᠬᠢᠨᠠᠯᠲᠠ ᠲᠠᠯᠪᠢᠵᠤ ᠬᠢᠨᠠᠨ ᠵᠥᠪᠰᠢᠶᠡᠷᠡᠬᠦ ᠠᠵᠢᠯ ᠢ ᠪᠦᠬᠦ ᠶᠠᠪᠤᠴᠠ ᠳᠤ ᠮᠥᠷᠳᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ ᠠᠵᠢᠯ ᠶᠠᠪᠤᠳᠠᠯ ᠬᠢᠬᠦ ᠳᠡᠭᠡᠨ ᠶᠣᠰᠣ ᠵᠢᠷᠤᠮ ᠲᠠᠢ᠂ ᠤᠳᠠᠭᠠᠰᠢᠷᠠᠭᠤᠯᠬᠤ ᠦᠭᠡᠢ ᠪᠠᠶᠢᠬᠤ ᠲᠦᠷᠢ ᠲᠥᠷᠬᠦ ᠶᠢ ᠦᠨᠡᠨ ᠬᠦ ᠪᠤᠢ ᠪᠣᠯᠭᠠᠨ᠎ᠠ᠃     ᠬᠤᠶᠠᠷ᠂ ᠠᠵᠢᠯ ᠤᠨ ᠬᠠᠷᠠᠯᠲᠠ     ᠲᠣᠰ ᠤᠳᠠᠭᠠᠨ ᠤ ᠵᠥᠪᠰᠢᠶᠡᠷᠡᠭᠦᠯᠬᠦ ᠪᠠᠷ ᠪᠠᠶᠢᠭ᠎ᠠ ᠵᠦᠢᠯᠡᠰ ᠤᠨ ᠦᠨᠳᠦᠰᠦᠨ ᠠᠵᠢᠯᠯᠠᠭ᠎ᠠ ᠶᠢ 2022 ᠣᠨ ᠤ 8 ᠰᠠᠷ᠎ᠠ ᠠᠴᠠ ᠡᠬᠢᠯᠡᠵᠦ᠂ 2022 ᠣᠨ ᠤ 12 ᠰᠠᠷ᠎ᠠ ᠶᠢᠨ ᠰᠡᠭᠦᠯᠴᠢ ᠪᠠᠷ ᠳᠠᠭᠤᠰᠬᠠᠨ᠎ᠠ᠂ ᠨᠥᠬᠦᠴᠡᠯ ᠳᠤ ᠨᠡᠶᠢᠴᠡᠬᠦ ᠵᠥᠪᠰᠢᠶᠡᠷᠡᠭᠦᠯᠬᠦ ᠪᠠᠷ ᠪᠠᠶᠢᠭ᠎ᠠ ᠵᠦᠢᠯᠡᠰ ᠢ ᠪᠦᠬᠦᠨ ᠢ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ ᠲᠣᠭᠲᠠᠭᠠᠯ ᠳᠤ ᠨᠡᠶᠢᠴᠡᠬᠦ ᠥᠬᠡᠶ ᠵᠥᠪᠰᠢᠶᠡᠷᠡᠭᠦᠯᠬᠦ ᠪᠠᠷ ᠪᠠᠶᠢᠭ᠎ᠠ ᠵᠦᠢᠯᠡᠰ ᠢ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠲᠠᠪᠴᠠᠩ ᠠᠴᠠ ᠰᠢᠯᠵᠢᠭᠦᠯᠦᠨ ᠭᠠᠷᠭᠠᠬᠤ ᠶᠢᠨ ᠬᠠᠮᠲᠤ ᠡᠷᠭᠢᠵᠦ ᠦᠵᠡᠬᠦ ᠠᠵᠢᠯ ᠢ ᠵᠡᠷᠭᠡ ᠪᠠᠷ ᠥᠷᠨᠢᠭᠦᠯᠦᠨ᠎ᠡ᠃ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠦᠨᠳᠦᠰᠦᠨ ᠠᠵᠢᠯᠯᠠᠭ᠎ᠠ ᠶᠢ ᠶᠡᠭᠡ ᠪᠠᠷ ᠥᠷᠨᠢᠭᠦᠯᠬᠦ ᠪᠠᠷ ᠳᠠᠮᠵᠢᠭᠤᠯᠤᠨ᠂ ᠲᠤᠷᠰᠢᠯᠭ᠎ᠠ ᠪᠠᠨ ᠳ᠋ᠦᠩᠨᠡᠵᠦ᠂ ᠲᠦᠷᠢᠮ ᠢᠶᠠᠨ ᠲᠡᠭᠦᠯᠳᠡᠷᠵᠢᠭᠦᠯᠦᠨ᠂ ᠥᠨᠳᠥᠷ ᠪᠦᠲᠦᠮᠵᠢᠲᠡᠶ ᠬᠢᠨᠠᠨ ᠵᠥᠪᠰᠢᠶᠡᠷᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠬᠢᠨᠠᠯᠲᠠ ᠶᠢ ᠪᠥᠬᠦ ᠲᠠᠯ᠎ᠠ ᠪᠠᠷ ᠬᠦᠯᠢᠶᠡᠬᠦ ᠬᠡᠷᠡᠭᠲᠡᠶ᠃     ᠭᠤᠷᠪᠠ᠂ ᠰᠠᠭᠤᠷᠢ ᠲᠠᠯᠪᠢᠬᠤ ᠬᠡᠪᠴᠢᠶ᠎ᠡ     ︵ᠨᠢᠭᠡ︶ ᠪᠥᠬᠦ ᠬᠤᠲᠠ ᠶᠢᠨ 2016 ᠣᠨ ᠠᠴᠠ ᠣᠲᠣ ᠪᠣᠯᠲᠠᠯ᠎ᠠ ᠲᠣᠭᠲᠠᠭᠠᠭᠰᠠᠨ 916 ᠲᠥᠷᠥᠯ  ᠵᠦᠢᠯ ᠢ ᠭᠤᠤᠯᠳᠠᠯᠭ᠎ᠠ ᠲᠠᠢ ᠡᠮᠬᠢᠯᠡᠨ ᠳᠢᠭᠯᠡᠵᠦ᠂ ᠠᠵᠢᠯ ᠡᠬᠢᠯᠡᠭᠦᠯᠦᠭᠡᠳᠦᠶ ᠲᠥᠷᠥᠯ ᠵᠦᠢᠯ ᠤᠨ ᠵᠥᠪᠰᠢᠶᠡᠷᠡᠭᠦᠯᠬᠦ ᠪᠠᠷ ᠪᠠᠶᠢᠭ᠎ᠠ ᠵᠦᠢᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠭᠠᠷᠳᠠᠮ ᠪᠦᠷᠢᠨ ᠪᠤᠰᠤ ᠶᠢ ᠨᠢ ᠬᠠᠮᠲᠤ ᠳᠤᠨᠢ ᠰᠠᠭᠤᠷᠢ ᠪᠣᠯᠭᠠᠨ᠎ᠠ᠃ ᠪᠤᠰᠤᠳ ᠵᠢᠯ ᠳᠤ ᠬᠡᠷᠪᠡ ᠵᠥᠪᠰᠢᠶᠡᠷᠡᠭᠦᠯᠬᠦ ᠪᠠᠷ ᠪᠠᠶᠢᠭ᠎ᠠ ᠵᠦᠢᠯᠡᠰ ᠢ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠥᠪᠡᠰᠦᠪᠡᠨ ᠡᠮᠬᠢᠯᠡᠨ ᠳᠢᠭᠯᠡᠵᠦ᠂ ᠲᠣᠰ ᠲᠥᠰᠦᠯ ᠤᠨ ᠱᠠᠭᠠᠷᠳᠠᠯᠭ᠎ᠠ ᠲᠠᠢ ᠬᠠᠷᠢᠴᠠᠭᠤᠯᠤᠨ ᠬᠦᠢᠴᠡᠳᠭᠡᠨ᠎ᠡ᠃     ︵ᠬᠤᠶᠠᠷ︶ ᠡᠬᠢᠯᠡᠯᠲᠡ ᠶᠢᠨ ᠬᠢᠨᠠᠨ ᠵᠥᠪᠰᠢᠶᠡᠷᠡᠬᠦ ᠵᠦᠢᠯᠡᠰ ᠲᠤ ᠭᠠᠵᠠᠷ ᠰᠢᠷᠣᠶ ᠶᠢ ᠤᠷᠢᠳᠴᠢᠯᠠᠨ ᠬᠢᠨᠠᠬᠤ᠂ ᠡᠨᠧᠷᠭᠢ ᠶᠢ ᠦᠨᠡᠯᠡᠬᠦ᠂ ᠣᠷᠴᠢᠨ ᠲᠣᠭᠤᠷᠢᠨ ᠤ ᠦᠨᠡᠯᠡᠯᠲᠡ ᠶᠢ ᠦᠨᠡᠯᠡᠬᠦ᠂ ᠤᠰᠤ ᠲᠠᠲᠠᠬᠤ᠂ ᠬᠥᠷᠥᠰᠥ ᠰᠢᠷᠣᠶ ᠶᠢ ᠬᠠᠮᠠᠭᠠᠯᠠᠬᠤ᠂ ᠣᠶᠢᠲᠤ ᠭᠠᠵᠠᠷ ᠢ ᠲᠠᠲᠠᠪᠤᠷᠢᠯᠠᠨ ᠡᠵᠡᠯᠡᠬᠦ᠂ ᠡᠪᠡᠰᠦᠲᠦ ᠭᠠᠵᠠᠷ ᠢ ᠲᠠᠲᠠᠪᠤᠷᠢᠯᠠᠨ ᠡᠵᠡᠯᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠵᠡᠷᠭᠡ ᠠᠵᠢᠯ ᠡᠬᠢᠯᠡᠭᠦᠯᠬᠦ ᠠᠴᠠ ᠡᠮᠦᠨ᠎ᠡ ᠬᠦᠢᠴᠡᠳᠭᠡᠭᠰᠡᠨ ᠪᠣᠶ ᠪᠥᠬᠦᠶ ᠵᠦᠢᠯᠡᠰ ᠢ ᠪᠠᠭᠲᠠᠭᠠᠨ᠎ᠠ᠃     ᠳᠥᠷᠪᠡ᠂ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ     ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠲᠠᠯ᠎ᠠ ᠶᠢᠨ ᠭᠥᠯᠢᠶᠡᠨ ᠠᠪᠴᠤ ᠰᠢᠢᠳᠪᠦᠷᠢᠯᠡᠬᠦ ᠬᠢᠨᠠᠨ ᠵᠥᠪᠰᠢᠶᠡᠷᠡᠬᠦ᠂ ᠬᠢᠨᠠᠨ ᠵᠥᠪᠰᠢᠶᠡᠷᠡᠬᠦ ᠪᠤᠶᠤ ᠳᠠᠩᠰᠠᠯᠠᠭᠤᠯᠬᠤ ᠲᠥᠷᠥᠯ ᠵᠦᠢᠯ ᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠠᠵᠢᠯ ᠢ ᠬᠠᠷᠢᠭᠤᠴᠠᠨ᠎ᠠ︔ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠣᠪᠴᠢᠶ᠎ᠠ ᠨᠢ ᠠᠵᠤ  ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠰᠠᠯᠠᠭ᠎ᠠ ᠮᠥᠴᠢᠷ ᠤᠨ ᠭᠥᠯᠢᠶᠡᠨ ᠠᠪᠴᠤ ᠰᠢᠢᠳᠪᠦᠷᠢᠯᠡᠬᠦ ᠶᠢᠨ ᠬᠢᠨᠠᠨ ᠵᠥᠪᠰᠢᠶᠡᠷᠡᠬᠦ᠂ ᠬᠢᠨᠠᠨ ᠵᠥᠪᠰᠢᠶᠡᠷᠡᠬᠦ ᠪᠠ ᠳᠠᠩᠰᠠᠯᠠᠭᠤᠯᠬᠤ ᠲᠥᠷᠥᠯ ᠵᠦᠢᠯ ᠤᠨ ᠶᠡᠭᠡ ᠡᠬᠢᠯᠡᠯᠲᠡ ᠶᠢᠨ ᠠᠵᠢᠯ ᠢ ᠬᠠᠷᠢᠭᠤᠴᠠᠨ᠎ᠠ︔ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠵᠠᠩᠭᠢᠯᠠᠭ᠎ᠠ ᠶᠢᠨ ᠲᠥᠷᠥᠯ ᠵᠦᠢᠯ ᠤᠨ ᠰᠠᠭᠤᠷᠢ ᠠᠵᠢᠯ ᠢ ᠬᠠᠷᠢᠭᠤᠴᠠᠨ᠎ᠠ︔ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠬᠦ ᠵᠠᠩᠭᠢᠯᠠᠭ᠎ᠠ ᠶᠢᠨ ᠲᠥᠷᠥᠯ ᠵᠦᠢᠯ ᠤᠨ ᠰᠠᠭᠤᠷᠢ ᠠᠵᠢᠯ ᠢ ᠬᠠᠷᠢᠭᠤᠴᠠᠨ᠎ᠠ︔ ᠤᠯᠠᠭᠠᠨᠴᠠᠪ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠹᠧᠩᠵᠧᠨ ᠬᠤᠲᠠ ᠶᠢᠨ ᠬᠤᠪᠢᠶᠠᠷᠢ ᠲᠣᠪᠴᠢᠶ᠎ᠠ ᠨᠢ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠵᠦ ᠬᠢᠨᠠᠨ ᠵᠥᠪᠰᠢᠶᠡᠷᠡᠬᠦ ᠭᠤᠭᠴᠤᠭ᠎ᠠ ᠶᠢᠨ ᠶᠡᠭᠡ ᠡᠬᠢᠯᠡᠯᠲᠡ ᠶᠢᠨ ᠠᠵᠢᠯ ᠢ ᠬᠠᠷᠢᠭᠤᠴᠠᠨ᠎ᠠ︔ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠣᠶᠢᠲᠤ ᠭᠠᠵᠠᠷ ᠪᠠ ᠪᠡᠯᠴᠢᠭᠡᠷ ᠢ ᠲᠠᠲᠠᠪᠤᠷᠢᠯᠠᠨ ᠡᠵᠡᠯᠡᠬᠦ ᠭᠠᠷᠳᠠᠮ ᠢ ᠬᠢᠨᠠᠨ ᠵᠥᠪᠰᠢᠶᠡᠷᠡᠬᠦ ᠵᠠᠩᠭᠢᠯᠠᠭ᠎ᠠ ᠶᠢᠨ ᠶᠡᠭᠡ ᠡᠬᠢᠯᠡᠯᠲᠡ ᠶᠢᠨ ᠠᠵᠢᠯ ᠢ ᠬᠠᠷᠢᠭᠤᠴᠠᠨ᠎ᠠ︔ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠨᠢ ᠤᠰᠤ ᠲᠠᠲᠠᠬᠤ ᠪᠠ ᠬᠥᠷᠥᠰᠥ ᠰᠢᠷᠣᠶ ᠶᠢ ᠬᠠᠮᠠᠭᠠᠯᠠᠬᠤ ᠭᠠᠷᠳᠠᠮ ᠢ ᠬᠢᠨᠠᠨ ᠵᠥᠪᠰᠢᠶᠡᠷᠡᠬᠦ ᠵᠠᠩᠭᠢᠯᠠᠭ᠎ᠠ ᠶᠢᠨ ᠶᠡᠭᠡ ᠡᠬᠢᠯᠡᠯᠲᠡ ᠶᠢᠨ ᠠᠵᠢᠯ ᠢ ᠬᠠᠷᠢᠭᠤᠴᠠᠨ᠎ᠠ︔ ᠪᠤᠰᠤᠳ ᠬᠢᠨᠠᠨ ᠵᠥᠪᠰᠢᠶᠡᠷᠡᠬᠦ ᠡᠭᠦᠷᠭᠡ ᠴᠢᠳᠠᠮᠵᠢᠳᠤ ᠰᠠᠯᠠᠭ᠎ᠠ ᠮᠥᠴᠢᠷ ᠤᠳ ᠲᠣᠰ ᠰᠢᠰᠲ᠋ᠧᠮ ᠤᠨ ᠢᠶᠠᠨ ᠳᠣᠲᠣᠷᠠᠬᠢ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠤᠨ ᠶᠡᠭᠡ ᠰᠠᠭᠤᠷᠢ ᠠᠵᠢᠯ ᠢ ᠬᠠᠷᠢᠭᠤᠴᠠᠨ᠎ᠠ᠃     ︽ᠬᠡᠨ ᠡᠷᠭᠢᠯᠡᠨ ᠬᠠᠮᠢᠶᠠᠷᠪᠠᠯ ᠲᠡᠷᠡ ᠬᠠᠷᠢᠭᠤᠴᠠᠬᠤ︾ ︽ᠬᠡᠨ ᠭᠥᠯᠢᠶᠡᠨ ᠠᠪᠴᠤ ᠰᠢᠢᠳᠪᠦᠷᠢᠯᠡᠪᠡᠯ ᠲᠡᠷᠡ ᠢᠯᠭᠠᠷᠠᠭᠤᠯᠬᠤ︾ ᠵᠠᠷᠴᠢᠮ ᠶᠣᠰᠣᠭᠠᠷ᠂ ᠪᠥᠬᠦ ᠬᠤᠲᠠ ᠶᠢᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠨᠢᠭᠡᠨᠲᠡ ᠭᠥᠯᠢᠶᠡᠨ ᠠᠪᠴᠤ ᠰᠢᠢᠳᠪᠦᠷᠢᠯᠡᠭᠰᠡᠨ ᠪᠣᠯᠪᠠᠴᠤ ᠰᠢᠢᠳᠪᠦᠷᠢᠯᠡᠵᠦ ᠳᠠᠭᠤᠰᠬᠠᠭᠠᠳᠤᠶ ᠲᠥᠷᠥᠯ ᠵᠦᠢᠯ ᠤᠨ ᠬᠢᠨᠠᠨ ᠵᠥᠪᠰᠢᠶᠡᠷᠡᠬᠦ ᠵᠦᠢᠯᠡᠰ ᠲᠤ ᠶᠡᠭᠡ ᠡᠬᠢᠯᠡᠯᠲᠡ ᠲᠠᠢ ᠪᠣᠯᠭᠠᠨ᠎ᠠ᠃ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠪᠥᠬᠦ ᠬᠤᠲᠠ ᠶᠢᠨ ︽ᠡᠯ᠎ᠡ ᠲᠥᠷᠥᠯ ᠤᠨ ᠲᠥᠷᠥᠯ ᠵᠦᠢᠯ ᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠦᠨᠳᠦᠰᠦᠨ ᠪᠠᠶᠢᠳᠠᠯ ᠢ ᠬᠤᠷᠢᠶᠠᠩᠭᠤᠶᠢᠯᠠᠬᠤ ᠶᠢ ᠬᠠᠷᠢᠭᠤᠴᠠᠵᠤ᠂ ᠬᠤᠷᠢᠶᠠᠩᠭᠤᠶᠢᠯᠠᠭᠰᠠᠨ ᠤ ᠳᠠᠷᠠᠭ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃     ᠲᠠᠪᠤ᠂ ᠠᠵᠢᠯ ᠤᠨ ᠱᠠᠭᠠᠷᠳᠠᠯᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠬᠢᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠤᠨ ᠦᠨᠳᠦᠰᠦᠨ ᠱᠠᠲᠤᠨ ᠤ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠤᠤᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠬᠠᠷᠢᠭᠤᠴᠠᠵᠤ᠂ ᠠᠵᠢᠯ ᠤᠨ ᠲᠤᠰᠬᠠᠶ ᠠᠩᠭᠢ ᠪᠠᠶᠢᠭᠤᠯᠤᠨ᠂ ᠥᠪᠡᠰᠦᠪᠡᠨ ᠡᠮᠬᠢᠯᠡᠨ ᠳᠢᠭᠯᠡᠵᠦ᠂ ᠬᠢᠨᠠᠨ ᠵᠥᠪᠰᠢᠶᠡᠷᠡᠬᠦ ᠶᠢᠨ ᠰᠠᠭᠠᠳ ᠥᠬᠡᠶ ᠨᠡᠪᠲᠡᠷᠡᠬᠦ ᠵᠠᠮ ᠢ ᠪᠠᠶᠢᠭᠤᠯᠤᠨ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠵᠥᠪᠰᠢᠶᠡᠷᠡᠬᠦ ᠶᠣᠰᠣᠲᠠᠶ ᠶᠢ ᠨᠢ ᠪᠦᠬᠦᠨ ᠢ ᠵᠥᠪᠰᠢᠶᠡᠷᠡᠵᠦ᠂ ᠴᠠᠭ ᠲᠤᠬᠠᠶ ᠳᠤᠨᠢ ᠳ᠋ᠤᠭᠠᠷ ᠢ ᠨᠢ ᠬᠦᠴᠦᠨ ᠥᠬᠡᠶ ᠪᠣᠯᠭᠠᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠲᠤᠰᠬᠠᠭᠰᠠᠨ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠬᠦ ᠪᠠ ᠰᠢᠢᠳᠪᠦᠷᠢᠯᠡᠵᠦ᠂ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃     ︵ᠬᠤᠶᠠᠷ︶ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠬᠤ ᠬᠡᠷᠡᠭᠲᠡᠶ᠃ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠲᠣᠰ ᠲᠣᠰ ᠤᠨ ᠬᠢᠨᠠᠨ ᠵᠥᠪᠰᠢᠶᠡᠷᠡᠬᠦ ᠬᠦᠷᠢᠶ᠎ᠡ ᠴᠠᠷᠠᠭ᠎ᠠ ᠶᠢᠨ ᠦᠨᠳᠦᠰᠦᠨ ᠠᠵᠢᠯ ᠤᠨ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠬᠦ ᠶᠢ ᠬᠠᠷᠢᠭᠤᠴᠠᠬᠤ ᠬᠡᠷᠡᠭᠲᠡᠶ᠃     ︵ᠭᠤᠷᠪᠠ︶ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠴᠢᠩᠭᠠᠳᠬᠠᠨ᠎ᠠ᠃ 2022 ᠣᠨ ᠤ 10 ᠰᠠᠷ᠎ᠠ ᠠᠴᠠ ᠡᠬᠢᠯᠡᠨ᠂ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠴᠥᠮ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ ᠪᠡᠶᠡᠯᠡᠭᠦᠯᠬᠦ ᠬᠡᠷᠡᠭᠲᠡᠶ᠃     ︵ᠳᠥᠷᠪᠡ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ ᠠᠵᠢᠯ ᠤᠨ ᠠᠬᠢᠴᠠ ᠶᠢ ᠦᠨᠳᠦᠰᠦᠯᠡᠨ᠂ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠴᠠᠭ ᠲᠤᠬᠠᠶ ᠳᠤᠨᠢ ᠭᠦᠢᠴᠡᠳᠬᠡᠵᠦ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠵᠥᠪᠰᠢᠶᠡᠷᠡᠭᠦᠯᠬᠦ ᠪᠠᠷ ᠪᠠᠶᠢᠭ᠎ᠠ ᠵᠦᠢᠯᠡᠰ ᠤᠨ ︽ᠡᠷᠭᠢᠵᠦ ᠬᠠᠷᠠᠬᠤ︾ ᠠᠵᠢᠯ ᠢ ᠴᠠᠭ ᠲᠤᠬᠠᠶ ᠳᠤᠨᠢ ᠥᠷᠨᠢᠭᠦᠯᠪᠡ᠃ ᠠᠵᠢᠯ ᠤᠨ ᠠᠬᠢᠴᠠ ᠨᠢ ᠤᠳᠠᠭᠠᠨ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠪᠡᠶᠡᠯᠡᠭᠦᠯᠦᠭᠰᠡᠨ ᠥᠬᠡᠶ ᠰᠠᠯᠠᠭ᠎ᠠ ᠮᠥᠴᠢᠷ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠬᠡᠷᠡᠭᠲᠡᠶ᠃     ︵ᠲᠠᠪᠤ︶ ᠤᠬᠠᠭᠤᠯᠤᠨ ᠮᠡᠳᠡᠭᠡᠯᠡᠬᠦ ᠶᠢ ᠦᠷᠭᠦᠯᠵᠢᠯᠡᠨ ᠥᠷᠨᠢᠭᠦᠯᠦᠨ᠎ᠡ᠃ ᠰᠢᠨ᠎ᠡ ᠵᠠᠭᠤᠴᠢᠯᠠᠭᠤᠷ ᠵᠡᠷᠭᠡ ᠡᠯ᠎ᠡ ᠵᠦᠢᠯ ᠤᠨ ᠤᠬᠠᠭᠤᠯᠭ᠎ᠠ ᠶᠢᠨ ᠵᠠᠭᠤᠴᠢᠯᠠᠭᠤᠷ ᠢᠶᠠᠷ ᠳᠠᠮᠵᠢᠭᠤᠯᠤᠨ ᠬᠢᠨᠠᠨ ᠵᠥᠪᠰᠢᠶᠡᠷᠡᠬᠦ ᠶᠢ ᠳᠥᠭᠦᠮᠴᠢᠯᠡᠬᠦ᠂ ᠥᠨᠳᠥᠷ ᠦᠷ᠎ᠡ ᠪᠦᠲᠦᠮᠵᠢᠲᠡᠶ ᠪᠣᠯᠭᠠᠬᠤ ᠶᠢ ᠶᠡᠭᠡ ᠪᠠᠷ ᠠᠬᠢᠭᠤᠯᠬᠤ ᠲᠤᠬᠠᠶ ᠦᠷᠭᠦᠯᠵᠢᠯᠡᠨ ᠤᠬᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠭᠰᠠᠨ 3.0 ᠬᠡᠪ ᠤᠨ ᠪᠠᠶᠢᠳᠠᠯ ᠢ ᠪᠣᠶ ᠪᠣᠯᠭᠠᠵᠤ᠂ ᠥᠪᠥᠷ ᠮᠣᠩᠭᠤᠯ ᠤᠨ ᠦᠨᠡᠨᠴᠢ ᠢᠲᠡᠭᠡᠮᠵᠢᠲᠡᠶ ᠵᠥᠪ ᠲᠠᠯ᠎ᠠ ᠶᠢᠨ ᠳᠦᠷᠢ ᠲᠥᠷᠬᠦ ᠶᠢ ᠪᠣᠶ ᠪᠣᠯᠭᠠᠨ᠎ᠠ᠃                     ᠤᠷᠴᠢᠭᠤᠯᠤᠬᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3