| ︽2022 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠢ | ᠪᠡᠯᠭᠡᠯᠡᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠠᠴᠠ ︽ᠬᠥᠳᠡᠭᠡ ᠠᠵᠤ | ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠷᠭᠡᠨ ᠤᠯᠠᠨ | ᠲᠠᠷᠢᠶᠠᠴᠢᠳ ᠢ ᠳᠣᠲᠣᠨᠣ ᠪᠠᠷ ᠬᠠᠯᠠᠮᠵᠢᠯᠠᠵᠤ᠂ ᠪᠦᠬᠦ ᠨᠡᠶᠢᠭᠡᠮ ᠳᠤ ᠬᠥᠳᠡᠭᠡ ᠠᠵᠤ ᠠᠬᠤᠢ ᠶᠢ ᠴᠢᠬᠤᠯᠠᠴᠢᠯᠠᠵᠤ | ᠬᠥᠳᠡᠭᠡ ᠠᠵᠤ ᠠᠬᠤᠢ ᠶᠢ ᠡᠷᠬᠢᠮᠯᠡᠬᠦ ᠦᠷᠳᠡᠭ ᠤᠨ ᠬᠠᠨᠳᠤᠰᠢ ᠶᠢ ᠳᠠᠮᠵᠢᠭᠤᠯᠵᠤ᠂ ᠮᠠᠨ ᠤ ᠬᠤᠳᠠ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠭᠦᠢᠴᠡᠳ ᠬᠠᠷᠠᠭᠤᠯᠬᠤ ᠶᠢᠨ ᠲᠥᠯᠥᠭᠡ᠂ | ᠣᠨᠴᠠᠭᠠᠶᠢᠯᠠᠨ ᠲᠤᠰ ᠲᠥᠰᠦᠯ ᠢ ᠲᠣᠭᠲᠠᠭᠠᠪᠠ᠃ | ᠨᠢᠭᠡ᠂ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠶᠢᠨ ᠲᠦᠢᠮᠣ ᠪᠠᠶᠢᠳᠠᠯ | 1.ᠠᠵᠢᠯᠯᠠᠭ᠎ᠠ ᠶᠢᠨ ᠨᠡᠷᠡᠶᠢᠳᠦᠯ᠄ ︽2022 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ | ᠬᠤᠷᠢᠶᠠᠯᠲᠠ ᠶᠢᠨ ᠪᠠᠶᠠᠷ︾ ᠵᠢᠴᠢ ᠠᠯᠲᠠᠨ ᠨᠠᠮᠤᠷ ᠤᠨ ᠬᠡᠷᠡᠭᠯᠡᠭᠡᠨ ᠤ ᠤᠯᠠᠷᠢᠯ ᠵᠢᠴᠢ ᠹᠧᠩᠵᠧᠨ ᠬᠤᠲᠠ ᠶᠢᠨ | ᠰᠢᠷᠢᠰ ᠠᠵᠢᠯᠯᠠᠭ᠎ᠠ︔ | 2.ᠭᠤᠣᠯᠯᠠᠨ ᠡᠷᠬᠢᠯᠡᠬᠦ ᠨᠢᠬᠡᠴᠡ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠳᠠ ᠶᠢᠨ | ᠬᠤᠷᠢᠶ᠎ᠠ᠂ ᠹᠧᠩᠵᠧᠨ ᠬᠤᠳᠠ ᠶᠢᠨ ᠠᠷᠠᠳ ᠤᠨ ᠵᠠᠰᠠᠭ ᠤᠨ ᠣᠷᠳᠣᠨ︔ | 3.ᠳᠠᠭᠠᠭᠠᠨ ᠬᠦᠢᠴᠡᠳᠭᠡᠭᠦ ᠨᠢᠭᠡᠴᠡ᠄ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠥᠪᠥᠷ ᠮᠣᠩᠭᠤᠯ ᠤᠨ ᠹᠧᠩᠴᠤᠸᠠᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠶ ᠶᠢᠨ ᠬᠥᠭᠵᠢᠯᠲᠡ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︔ | 4. ᠬᠠᠮᠵᠢᠨ ᠭᠦᠢᠴᠡᠳᠬᠡᠬᠦ ᠨᠢᠬᠡᠴᠡ᠄ ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨ᠎ᠡ ᠲᠣᠭᠤᠷᠢᠭ ᠤᠨ | ᠬᠡᠷᠡᠭ ᠡᠷᠬᠢᠯᠡᠬᠦ ᠭᠠᠵᠠᠷ︔ | 5. ᠠᠵᠢᠯᠯᠠᠭᠠᠨ ᠤ ᠴᠠᠭ᠄ 2022 ᠣᠨ ᠤ 9 ᠳ᠋ᠦᠭᠡᠷ ᠰᠠᠷ᠎ᠠ ᠶᠢᠨ 23 ᠤ ᠡᠳᠦᠷ᠃ | ᠬᠤᠶᠠᠷ᠂ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠶᠢᠨ ᠶᠠᠪᠤᠴᠠ ᠵᠢᠴᠢ ᠭᠤᠤᠯ ᠠᠭᠤᠯᠭ᠎ᠠ | ᠲᠣᠰ ᠤᠳᠠᠭᠠᠨ ᠤ ᠡᠯᠪᠡᠭ ᠬᠤᠷᠢᠶᠠᠯᠲᠠ ᠶᠢᠨ ᠪᠠᠶᠠᠷ ᠤᠨ ᠠᠵᠢᠯᠯᠠᠭ᠎ᠠ ᠨᠢ ᠡᠬᠢᠯᠡᠯᠲᠡ ᠶᠢᠨ ᠶᠣᠰᠣᠯᠠᠯ᠂ | ᠤᠷᠠᠨ ᠰᠠᠶᠢᠬᠠᠨ ᠤ ᠲᠣᠭᠯᠠᠯᠲᠠ᠂ ᠡᠯ᠎ᠡ ᠰᠢᠶᠠᠩ ᠪᠠᠯᠭᠠᠰᠤ ︵ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ | ᠭᠠᠵᠠᠷ︶ ᠶᠢᠨ ᠲᠠᠷᠢᠶᠠᠯᠠᠩ ᠤᠨ ᠣᠨᠴᠠ ᠭᠠᠷᠤᠯᠲᠠ ᠶᠢᠨ ᠦᠵᠡᠭᠦᠯᠦᠯᠭᠡ᠂ ᠹᠧᠩᠵᠧᠨ ᠬᠤᠲᠠ ᠶᠢᠨ ᠬᠡᠷᠡᠭᠯᠡᠭᠡᠨ ᠤ | ᠶᠠᠳᠠᠭᠤ ᠶᠢ ᠲᠡᠳᠬᠦᠬᠦ ᠦᠢᠯᠡᠳᠬᠦᠨ ᠢ ᠲᠥᠪᠯᠡᠷᠡᠭᠦᠯᠦᠨ ᠬᠤᠳᠠᠯᠳᠤᠨ ᠠᠪᠬᠤ ᠲᠥᠪ ᠢ ᠲᠣᠭᠤᠷᠢᠨ ᠦᠵᠡᠬᠦ ᠶᠢᠨ | ᠬᠠᠮᠲᠤ ᠲᠠᠷᠢᠶᠠᠯᠠᠩ ᠤᠨ ᠣᠨᠴᠠ ᠭᠠᠷᠤᠯᠲᠠ ᠶᠢᠨ ᠵᠠᠬᠢᠶᠠᠯᠠᠭ᠎ᠠ ᠶᠢᠨ ᠭᠡᠷ᠎ᠡ ᠲᠣᠭᠲᠠᠬᠤ ᠠᠵᠢᠯᠯᠠᠭ᠎ᠠ ᠵᠡᠷᠭᠡ 4 | ᠵᠦᠢᠯ ᠢᠶᠠᠷ ᠪᠦᠷᠢᠯᠳᠦᠵᠡᠶ᠃ | ︵ᠨᠢᠭᠡ︶ ᠡᠬᠢᠯᠡᠯᠲᠡ ᠶᠢᠨ ᠶᠣᠰᠣᠯᠠᠯ | ᠴᠠᠭ᠄ 2021 ᠣᠨ ᠤ 9 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨᠡᠬᠢ 9᠄ 00 | ᠭᠠᠵᠠᠷ᠄ ᠥᠪᠥᠷ ᠮᠣᠩᠭᠤᠯ ᠤᠨ ᠯᠢᠦᠶ ᠺᠠᠩ ᠶᠤᠸᠠᠨ ᠠᠮᠢ ᠠᠬᠤᠶ ᠶᠢᠨ ᠲᠠᠷᠢᠶᠠᠯᠠᠩ ᠤᠨ ᠬᠢᠵᠠᠭᠠᠷᠲᠤ | ᠺᠣᠮᠫᠠᠨᠢ ᠶᠢᠨ ᠰᠤᠳᠤᠯᠤᠨ ᠰᠤᠷᠤᠯᠴᠠᠬᠤ ᠲᠠᠯᠠᠪᠠᠶ | ᠣᠷᠣᠯᠴᠠᠭᠰᠠᠳ᠄ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠤᠯᠭ᠎ᠠ᠂ ᠡᠯ᠎ᠡ ᠰᠢᠶᠠᠩ | ᠪᠠᠯᠭᠠᠰᠤ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ | ᠵᠢᠴᠢ ᠲᠠᠷᠢᠶᠠᠴᠢᠨ ᠣᠯᠠᠨ ᠲᠦᠮᠡᠨ᠂ ᠲᠠᠷᠢᠶᠠᠯᠠᠩ ᠮᠠᠯ ᠠᠵᠤ ᠠᠬᠤᠶ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ | ᠭᠤᠤᠯ ᠴᠣᠭᠴᠠ ᠶᠢᠨ ᠲᠥᠯᠥᠭᠡᠯᠡᠭᠴᠢ᠃ | ᠭᠤᠣᠯ ᠠᠭᠤᠯᠭ᠎ᠠ᠄ ᠡᠬᠢᠯᠡᠯᠲᠡ ᠶᠢᠨ ᠶᠣᠰᠣᠯᠠᠯ ᠢ ᠬᠥᠳᠡᠭᠡ ᠠᠵᠤ ᠠᠬᠤᠢ ᠶᠢᠨ ᠪᠡᠯᠡ ᠣᠷᠣᠭᠤᠯᠤᠯᠲᠠ ᠶᠢᠨ | ᠺᠣᠮᠫᠠᠨᠢ ᠶᠢᠨ ᠭᠤᠣᠯ ᠬᠠᠷᠢᠭᠤᠴᠠᠯᠭᠠᠲᠠᠨ ᠠᠴᠠ ᠡᠷᠬᠢᠯᠡᠵᠦ᠂ ᠠᠵᠤ ᠠᠬᠤᠶᠢᠯᠠᠯ ᠤᠨ ᠲᠥᠯᠥᠭᠡᠯᠡᠭᠴᠢ ᠦᠭᠡ ᠬᠡᠯᠡᠵᠦ᠂ | ᠰᠢᠶᠠᠩ ᠪᠠᠯᠭᠠᠰᠤ ᠶᠢᠨ ᠲᠥᠯᠥᠭᠡᠯᠡᠭᠴᠢ ᠦᠭᠡ ᠬᠡᠯᠡᠵᠦ᠂ ᠲᠠᠷᠢᠶᠠᠴᠢᠨ ᠤ ᠲᠥᠯᠥᠭᠡᠯᠡᠭᠴᠢ ᠦᠭᠡ ᠬᠡᠯᠡᠵᠦ᠂ | ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠶᠢᠨ ᠭᠤᠣᠯ ᠤᠳᠤᠷᠢᠳᠤᠯᠭ᠎ᠠ | ᠶᠠᠷᠢᠶ᠎ᠠ ᠲᠠᠯᠪᠢᠵᠦ᠂ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠶᠤᠰᠤᠯᠠᠯ ᠡᠬᠢᠯᠡᠭᠰᠡᠨ ᠢ ᠵᠠᠷᠯᠠᠨ᠎ᠠ᠃ | ︵ᠬᠤᠶᠠᠷ︶ ᠤᠷᠠᠨ ᠰᠠᠶᠢᠬᠠᠨ ᠤ ᠲᠣᠭᠯᠠᠯᠲᠠ | ᠴᠠᠭ᠄ 2021 ᠣᠨ ᠤ 9 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨᠡᠬᠢ 9᠄ 30 — 10 | ᠄ 00 | ᠭᠠᠵᠠᠷ᠄ ᠥᠪᠥᠷ ᠮᠣᠩᠭᠤᠯ ᠤᠨ ᠯᠢᠦᠶ ᠺᠠᠩ ᠶᠤᠸᠠᠨ ᠠᠮᠢ ᠠᠬᠤᠶ ᠶᠢᠨ ᠲᠠᠷᠢᠶᠠᠯᠠᠩ ᠤᠨ ᠬᠢᠵᠠᠭᠠᠷᠲᠤ | ᠺᠣᠮᠫᠠᠨᠢ ᠶᠢᠨ ᠰᠤᠳᠤᠯᠤᠨ ᠰᠤᠷᠤᠯᠴᠠᠬᠤ ᠲᠠᠯᠠᠪᠠᠶ | ᠭᠤᠤᠯ ᠠᠭᠤᠯᠭ᠎ᠠ ᠨᠢ᠄ ᠡᠬᠢᠯᠡᠯᠲᠡ ᠶᠢᠨ ᠶᠣᠰᠣᠯᠠᠯ ᠤᠨ ᠳᠠᠷᠠᠭ᠎ᠠ᠂ ᠹᠧᠩᠵᠧᠨ ᠬᠤᠲᠠ ᠶᠢᠨ | ᠤᠯᠠᠭᠠᠨᠮᠥ᠋ᠴᠢᠷ ᠠᠴᠠ ᠤᠷᠠᠨ ᠰᠠᠶᠢᠬᠠᠨ ᠤ ᠲᠣᠭᠯᠠᠯᠲᠠ ᠭᠠᠷᠭᠠᠨ᠎ᠠ᠃ | ︵ᠭᠤᠷᠪᠠ︶ ᠲᠠᠷᠢᠶᠠᠯᠠᠩ ᠤᠨ ᠣᠨᠴᠠ ᠭᠠᠷᠤᠯᠲᠠ ᠶᠢᠨ ᠦᠵᠡᠭᠦᠯᠦᠯᠭᠡ | ᠴᠠᠭ᠄ 2021 ᠣᠨ ᠤ 9 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨᠡᠬᠢ 10᠄ 00 — | 10᠄ 30 | ᠭᠠᠵᠠᠷ᠄ ᠥᠪᠥᠷ ᠮᠣᠩᠭᠤᠯ ᠤᠨ ᠯᠢᠦᠶ ᠺᠠᠩ ᠶᠤᠸᠠᠨ ᠠᠮᠢ ᠠᠬᠤᠶ ᠶᠢᠨ ᠲᠠᠷᠢᠶᠠᠯᠠᠩ ᠤᠨ ᠬᠢᠵᠠᠭᠠᠷᠲᠤ | ᠺᠣᠮᠫᠠᠨᠢ ᠶᠢᠨ ᠰᠤᠳᠤᠯᠤᠨ ᠰᠤᠷᠤᠯᠴᠠᠬᠤ ᠲᠠᠯᠠᠪᠠᠶ | ᠭᠤᠣᠯ ᠠᠭᠤᠯᠭ᠎ᠠ ᠨᠢ᠄ ᠤᠷᠠᠨ ᠰᠠᠶᠢᠬᠠᠨ ᠤ ᠲᠣᠭᠯᠠᠯᠲᠠ ᠳᠠᠭᠤᠰᠤᠭᠰᠠᠨ ᠤ ᠳᠠᠷᠠᠭ᠎ᠠ᠂ ᠯᠢᠦᠶ ᠺᠠᠩ | ᠶᠤᠸᠠᠨ ᠰᠤᠳᠤᠯᠭᠠᠨ ᠤ ᠲᠠᠯᠠᠪᠠᠶ ᠳᠤ ᠡᠯ᠎ᠡ ᠰᠢᠶᠠᠩ ᠪᠠᠯᠭᠠᠰᠤᠨ ᠤ ᠤᠨᠴᠠᠯᠢᠬᠳᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠳᠡᠯᠭᠡᠨ ᠦᠵᠡᠭᠦᠯᠦᠨ᠎ᠡ᠃ | ︵ᠳᠥᠷᠪᠡ︶ ᠹᠧᠩᠵᠧᠨ ᠬᠤᠲᠠ ᠶᠢᠨ ᠬᠡᠷᠡᠭᠯᠡᠭᠡᠨ ᠤ ᠶᠠᠳᠠᠭᠤ ᠶᠢ ᠲᠡᠳᠬᠦᠬᠦ ᠪᠦᠲᠦᠭᠡᠭᠳᠡᠬᠦᠨ ᠢ | ᠲᠥᠪᠯᠡᠷᠡᠭᠦᠯᠦᠨ ᠬᠤᠳᠠᠯᠳᠤᠨ ᠠᠪᠬᠤ ᠲᠥᠪ ᠢ ᠲᠣᠭᠤᠷᠢᠨ ᠦᠵᠡᠬᠦ ᠶᠢᠨ ᠬᠠᠮᠲᠤ ᠲᠠᠷᠢᠶᠠᠯᠠᠩ ᠤᠨ ᠣᠨᠴᠠ | ᠭᠠᠷᠤᠯᠲᠠ ᠶᠢᠨ ᠵᠠᠬᠢᠶᠠᠯᠠᠭ᠎ᠠ ᠶᠢᠨ ᠭᠡᠷ᠎ᠡ ᠲᠣᠭᠲᠠᠬᠤ ᠠᠵᠢᠯᠯᠠᠭ᠎ᠠ ᠶᠢ ᠶᠠᠪᠤᠭᠳᠠᠭᠤᠯᠤᠨ᠎ᠠ | ᠴᠠᠭ᠄ 2021 ᠣᠨ ᠤ 9 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨᠡᠬᠢ 10᠄ 30 — | 12᠄ 00 | ᠭᠠᠵᠠᠷ᠄ ᠥᠪᠥᠷ ᠮᠣᠩᠭᠤᠯ ᠤᠨ ᠹᠧᠩᠴᠤᠸᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠶᠢᠨ ᠪᠠᠯᠠ ᠣᠷᠣᠭᠤᠯᠤᠯᠲᠠ ᠶᠢᠨ | ᠭᠤᠣᠯ ᠠᠭᠤᠯᠭ᠎ᠠ᠄ ᠬᠤᠳᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠵᠢᠴᠢ ᠡᠯ᠎ᠡ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠲᠥᠯᠥᠭᠡᠯᠡᠭᠴᠢ ᠹᠧᠩᠵᠧᠨ ᠬᠤᠳᠠ ᠶᠢᠨ ᠲᠠᠷᠢᠶᠠᠯᠠᠩ ᠤᠨ ᠣᠨᠴᠠ | ᠭᠠᠷᠤᠯᠲᠠ ᠶᠢᠨ ᠪᠣᠷᠣᠯᠠᠭᠤᠯᠭ᠎ᠠ ᠶᠢᠨ ᠲᠥᠪ᠂ ᠬᠡᠷᠡᠭᠯᠡᠭᠡᠨ ᠤ ᠶᠠᠳᠠᠭᠤ ᠶᠢ ᠲᠡᠳᠬᠦᠬᠦ ᠦᠢᠯᠡᠳᠬᠦᠨ ᠢ ᠲᠥᠪᠯᠡᠷᠡᠭᠦᠯᠦᠨ | ᠬᠤᠳᠠᠯᠳᠤᠨ ᠠᠪᠬᠤ ᠲᠥᠪ ᠢᠶᠠᠷ ᠲᠣᠭᠤᠷᠢᠨ ᠦᠵᠡᠬᠦ ᠶᠢᠨ ᠬᠠᠮᠲᠤ ᠲᠠᠷᠢᠶᠠᠯᠠᠩ ᠤᠨ ᠣᠨᠴᠠ ᠭᠠᠷᠤᠯᠲᠠ ᠶᠢ | ᠵᠠᠬᠢᠶᠠᠯᠠᠨ ᠬᠤᠳᠠᠯᠳᠤᠨ ᠠᠪᠬᠤ ᠵᠥᠪᠯᠡᠯᠴᠡᠭᠡᠷ ᠲᠣᠭᠲᠠᠵᠠᠢ᠃ | ᠭᠤᠷᠪᠠ᠂ ᠰᠠᠯᠠᠭ᠎ᠠ ᠮᠥᠴᠢᠷ ᠤᠨᠡᠭᠦᠷᠭᠡ ᠬᠠᠷᠢᠭᠤᠴᠠᠯᠭ᠎ᠠ | 1.ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ︽2022 | ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠤᠨ ᠪᠡᠯᠡᠳᠬᠡᠯ ᠠᠵᠢᠯ ᠢ | ᠵᠣᠬᠢᠶᠠᠨ ᠪᠠᠶᠢᠭᠤᠯᠬᠤ ᠠᠵᠢᠯ ᠢ ᠲᠦᠷᠦᠭᠦᠯᠡᠨ ᠬᠠᠷᠢᠭᠤᠴᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ | ᠵᠣᠯᠭᠠᠭᠤᠯᠬᠤ ᠠᠵᠢᠯ ᠪᠠ ︽ᠡᠯᠪᠡᠭ ᠬᠤᠷᠢᠶᠠᠯᠲᠠ ᠶᠢᠨ ᠪᠠᠶᠠᠷ︾ ᠤᠨ ᠮᠠᠲ᠋ᠧᠷᠢᠶᠠᠯ ᠢ ᠴᠤᠭᠯᠠᠭᠤᠯᠵᠤ ᠳᠡᠭᠡᠭᠰᠢ | ᠮᠡᠳᠡᠭᠦᠯᠬᠦ ᠶᠢ ᠬᠠᠷᠢᠭᠤᠴᠠᠨ᠎ᠠ᠃ | 2.ᠥᠪᠥᠷ ᠮᠣᠩᠭᠤᠯ ᠤᠨ ᠹᠤᠩᠴᠤᠸᠠᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠄ ᠡᠯᠪᠡᠭ ᠬᠤᠷᠢᠶᠠᠯᠲᠠ ᠶᠢᠨ | ᠪᠠᠶᠠᠷ ᠤᠨ ᠡᠬᠢᠯᠡᠯᠲᠡ ᠶᠢᠨ ᠶᠣᠰᠣᠯᠠᠯ ᠢ ᠵᠣᠬᠢᠶᠠᠨ ᠪᠠᠶᠢᠭᠤᠯᠬᠤ ᠵᠢᠴᠢ ᠲᠠᠷᠢᠶᠠᠯᠠᠩ ᠤᠨ ᠣᠨᠴᠠ ᠭᠠᠷᠤᠯᠲᠠ ᠶᠢᠨ | ᠦᠵᠡᠭᠦᠯᠦᠯᠭᠡ ᠶᠢᠨ ᠲᠣᠭᠤᠷᠢᠭ ᠤᠨ ᠳᠡᠯᠭᠡᠨ ᠦᠵᠡᠭᠦᠯᠬᠦ ᠠᠵᠢᠯ ᠢ ᠬᠠᠷᠢᠭᠤᠴᠠᠨ᠎ᠠ | 3.ᠡᠯ᠎ᠡ ᠰᠢᠶᠠᠩ ᠪᠠᠯᠭᠠᠰᠤ ︵ᠨᠠᠨᠴᠤᠩ ᠲᠣᠭᠤᠷᠢᠭ ᠤᠨ ᠬᠡᠷᠡᠭ ᠡᠷᠬᠢᠯᠡᠬᠦ ᠭᠠᠵᠠᠷ︶᠄ ᠲᠣᠰ ᠲᠣᠰ ᠤᠨ | ᠤᠨᠴᠠᠯᠢᠭᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠷᠢᠶᠠᠨ ᠴᠤᠭᠯᠠᠭᠤᠯᠬᠤ ᠠᠵᠢᠯ ᠢ | ᠬᠠᠷᠢᠭᠤᠴᠠᠵᠤ᠂ ᠥᠪᠥᠷ ᠮᠣᠩᠭᠤᠯ ᠤᠨ ᠹᠤᠩᠴᠤᠸᠠᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠴᠠᠭ ᠲᠤᠬᠠᠶ ᠳᠤᠨᠢ | ᠵᠣᠯᠭᠠᠭᠤᠯᠵᠤ᠂ ᠲᠣᠰ ᠲᠣᠰ ᠤᠨ ᠤᠨᠴᠠᠯᠢᠭᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠳᠡᠯᠭᠡᠨ ᠦᠵᠡᠭᠦᠯᠬᠦ ᠠᠵᠢᠯ ᠢ ᠰᠠᠶᠢᠲᠤᠷ ᠪᠡᠶᠡᠯᠡᠭᠦᠯᠦᠨ᠎ᠡ︔ ᠠᠵᠢᠯᠯᠠᠭ᠎ᠠ ᠶᠢᠨ ᠬᠤᠭᠤᠴᠠᠭᠠᠨ ᠳᠠᠬᠢ ᠪᠠᠴᠢᠮ | ᠪᠠᠶᠢᠳᠠᠯ ᠢ ᠠᠷᠭᠠᠴᠠᠭᠠᠬᠤ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠠᠮᠵᠢᠯᠴᠠᠨ ᠲᠣᠬᠢᠷᠠᠭᠤᠯᠤᠨ᠎ᠠ᠃ | | 4.ᠤᠯᠠᠭᠠᠨᠮᠥ᠋ᠴᠢᠷ᠄ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠶᠢ ᠲᠥᠯᠥᠪᠯᠡᠬᠦ᠂ | ᠲᠣᠭᠯᠠᠯᠲᠠ ᠶᠢᠨ ᠫᠷᠤᠭ᠍ᠷᠠᠮ ᠢ ᠬᠢᠨᠠᠨ ᠲᠣᠭᠲᠠᠭᠠᠬᠤ᠂ ᠵᠢᠭᠠᠨ ᠵᠢᠯᠣᠭᠤᠳᠬᠤ᠂ ᠰᠣᠷᠢᠯᠲᠠ ᠶᠢᠨ ᠠᠵᠢᠯ ᠢ ᠰᠠᠶᠢᠲᠤᠷ | ᠬᠢᠬᠦ ᠶᠢ ᠬᠠᠷᠢᠭᠤᠴᠠᠨ᠎ᠠ᠃ | ᠳᠥᠷᠪᠡ᠂ ᠠᠵᠢᠯ ᠤᠨ ᠱᠠᠭᠠᠷᠳᠠᠯᠭ᠎ᠠ | 1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠹᠧᠩᠵᠧᠨ ᠬᠤᠲᠠ ᠶᠢᠨ ︽ | 2022 ᠣᠨ ᠤ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠵᠢᠴᠢ ᠠᠯᠲᠠᠨ | ᠨᠠᠮᠤᠷ ᠤᠨ ᠬᠡᠷᠡᠭᠯᠡᠭᠡᠨ ᠤ ᠤᠯᠠᠷᠢᠯ ᠤᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ | ᠤᠳᠤᠷᠢᠳᠬᠤ ᠳᠤᠭᠤᠶᠢᠯᠠᠩ ᠨᠢ ᠪᠠᠶᠠᠷ ᠤᠨ ᠡᠳᠦᠷ ᠤᠨ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ | ᠬᠠᠷᠢᠭᠤᠴᠠᠵᠤ᠂ ᠪᠠᠶᠠᠷ ᠤᠨ ᠡᠳᠦᠷ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠠᠶᠢᠲᠤᠷ | ᠬᠢᠵᠦ᠂ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠰᠢᠷᠢᠰ ᠠᠵᠢᠯᠯᠠᠭ᠎ᠠ ᠥᠷᠨᠢᠭᠦᠯᠬᠦ ᠶᠢ | ᠵᠢᠯᠣᠭᠤᠳᠤᠨ᠎ᠠ᠃ | 2. ᠰᠣᠨᠢᠨ ᠮᠡᠳᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠡᠯ᠎ᠡ ᠵᠦᠢᠯ ᠤᠨ ᠵᠠᠭᠤᠴᠢᠯᠠᠭᠤᠷ ᠤᠨ | ᠦᠢᠯᠡᠳᠦᠯ ᠢ ᠪᠠᠳᠠᠷᠠᠭᠤᠯᠵᠤ᠂ ᠨᠠᠮ ᠤᠨ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ | ᠲᠠᠷᠢᠶᠠᠴᠢᠳ ᠢ ᠪᠠᠶᠠᠵᠢᠭᠤᠯᠬᠤ ᠲᠦᠷᠦ ᠶᠢᠨ ᠪᠤᠳᠤᠯᠭ᠎ᠠ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠶᠢᠨ | ᠠᠮᠵᠢᠯᠲᠠ ᠪᠦᠲᠦᠮᠵᠢ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠯᠤᠲᠤ ᠶᠡᠭᠡ ᠬᠤᠪᠢᠷᠠᠯᠲᠠ ᠵᠡᠷᠭᠡ | ᠤᠯᠠᠨ ᠲᠠᠯ᠎ᠠ ᠠᠴᠠ ᠭᠠᠷᠳᠠᠨ ᠬᠢᠵᠦ᠂ ᠪᠦᠬᠦ ᠲᠠᠯ᠎ᠠ ᠶᠢᠨ᠂ ᠪᠣᠰᠤᠭ᠎ᠠ ᠴᠣᠭᠴᠠᠲᠤ ᠮᠠᠶ᠋ᠢᠭ ᠤᠨ᠂ ᠦᠷᠭᠦᠯᠵᠢᠯᠡᠭᠰᠡᠨ | ᠴᠢᠨᠠᠷᠲᠠᠶ ᠤᠬᠠᠭᠤᠯᠭ᠎ᠠ ᠮᠡᠳᠡᠭᠡᠯᠡᠯ ᠢ ᠥᠷᠨᠢᠭᠦᠯᠦᠨ᠎ᠡ᠃ | 3. ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ ᠪᠡᠯᠭᠡᠯᠡᠬᠦ | ᠠᠵᠢᠯᠯᠠᠭ᠎ᠠ ᠳᠤ ᠰᠢᠨ᠎ᠡ ᠲᠢᠳᠢᠮᠯᠢᠭᠳᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ᠂ ᠤᠨᠢᠨ | ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ | ᠠᠮᠤᠷ ᠲᠦᠪᠰᠢᠨ ᠤ ᠰᠡᠷᠭᠡᠶᠢᠯᠡᠯᠲᠡ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠬᠦᠨᠳᠦ ᠶᠡᠭᠡ ᠠᠮᠤᠷ | ᠲᠦᠪᠰᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ | 4. ᠰᠠᠬᠢᠯᠭ᠎ᠠ ᠪᠠᠲᠤ ᠶᠢᠨ ᠲᠣᠭᠲᠠᠭᠠᠯ ᠢ ᠴᠢᠩᠭ᠎ᠠ ᠰᠠᠬᠢᠨ᠎ᠠ᠃ ᠪᠡᠯᠭᠡᠯᠡᠬᠦ ᠠᠵᠢᠯᠯᠠᠭ᠎ᠠ ᠶᠢᠨ ᠬᠠᠮᠢᠶᠠᠷᠤᠯᠲᠠ | ᠵᠢᠯᠣᠭᠤᠳᠣᠯᠭ᠎ᠠ ᠶᠢ ᠴᠢᠩᠭᠠᠳᠬᠠᠵᠤ᠂ ᠠᠵᠢᠯᠯᠠᠭ᠎ᠠ ᠶᠢᠨ ᠬᠡᠯᠪᠠᠶᠢᠬᠦ ᠥᠬᠡᠶ᠂ ᠠᠮᠲᠠ ᠰᠢᠮᠲᠡ ᠪᠠᠨ ᠬᠤᠪᠢᠷᠠᠭᠤᠯᠬᠤ | ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠡᠯᠭᠡᠯᠡᠬᠦ ᠠᠵᠢᠯᠯᠠᠭ᠎ᠠ ᠶᠢᠨ ᠲᠤᠬᠠᠶ ᠲᠥᠪ ᠬᠤᠷᠢᠶᠠᠨ ᠤ ᠬᠤᠯᠪᠣᠭᠳᠠᠯ | ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠶᠠᠷ ᠤᠨ ᠶᠣᠰᠣᠯᠠᠯ ᠬᠢᠬᠦ ᠪᠠ ᠲᠠᠷᠢᠶᠠᠴᠢᠳ ᠤᠨ | ᠳᠠᠷᠤᠭᠠᠰᠤ ᠶᠢ ᠨᠡᠮᠡᠭᠳᠡᠭᠦᠯᠬᠦ ᠶᠢ ᠴᠢᠩᠭ᠎ᠠ ᠰᠡᠷᠭᠡᠶᠢᠯᠡᠨ᠎ᠡ᠃ | | | ᠤᠷᠴᠢᠭᠤᠯᠤᠬᠴᠢ᠄ ᠼᠦᠢ ᠶᠢᠩ |