2022 ᠣᠨ ᠳᠤ  ᠹᠧᠩᠵᠧᠨ ᠬᠤᠲᠠ ᠶᠢᠨ ᠲᠠᠷᠢᠶᠠᠯᠠᠩ ᠤᠨ ᠮᠠᠰᠢᠨ ᠢ ᠭᠦᠨ ᠰᠤᠯᠠᠷᠠᠭᠤᠯᠵᠤ ᠭᠠᠵᠠᠷ ᠲᠡᠭᠰᠢᠯᠡᠨ ᠠᠵᠢᠯᠯᠠᠭᠤᠯᠬᠤ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2022/12/21
      ︽2022 ᠣᠨ ᠤ ᠤᠯᠠᠭᠠᠨᠴᠠᠪ ᠬᠤᠲᠠ ᠶᠢᠨ ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ︵ᠤᠯᠠᠭᠠᠨᠴᠠᠪ ᠲᠠᠷᠢᠶᠠᠯᠠᠩ ᠮᠠᠯ ᠠᠵᠤ ᠠᠬᠤᠶ ᠠᠯᠪᠠᠨ ᠲᠠᠷᠬᠠᠭᠠᠭᠰᠠᠨ ︹ 2022 ︺ 441 ᠳ᠋ᠦᠭᠡᠷ ᠲᠣᠭᠠᠲᠤ︶ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃    ᠨᠢᠭᠡ᠂ ᠡᠭᠦᠷᠭᠡ ᠶᠢᠨ ᠲᠣᠬᠢᠷᠠᠭᠤᠯᠤᠯᠲᠠ    2022 ᠣᠨ ᠤ ᠹᠧᠩᠵᠧᠨ ᠬᠤᠲᠠ ᠶᠢᠨ ᠭᠦᠨ ᠨᠠᠷᠠᠰᠤᠨ ᠤ ᠲᠠᠷᠢᠶᠠᠨ ᠭᠠᠵᠠᠷ ᠢ ᠲᠡᠭᠰᠢᠯᠡᠭᠰᠡᠨ ᠲᠠᠯᠠᠪᠠᠶ ᠶᠢᠨ ᠡᠭᠦᠷᠭᠡ ᠨᠢ 3.35 ᠲᠦᠮᠡᠨ ᠮᠥ ᠪᠠᠶᠢᠵᠤ᠂ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠳᠡᠭᠡᠳᠦ ᠱᠠᠲᠤᠨ ᠠᠴᠠ ᠬᠤᠪᠢᠶᠠᠷᠢᠯᠠᠨ ᠰᠠᠯᠭᠠᠵᠤ ᠥᠭᠭᠦᠭᠰᠡᠨ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠡᠬᠢ ᠪᠠᠶᠠᠯᠢᠭ ᠵᠢᠴᠢ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠠᠯᠠ ᠮᠥᠩᠭᠦ ᠶᠢ 48 ᠲᠦᠮᠡᠨ ᠲᠥᠭᠦᠷᠢᠭ ᠳᠣᠭᠢᠷᠠᠭᠤᠯᠵᠤ᠂ ᠭᠠᠵᠠᠷ ᠰᠢᠷᠣᠶ ᠶᠢ ᠭᠦᠨ ᠰᠤᠯᠠᠷᠠᠭᠤᠯᠤᠨ ᠲᠡᠭᠰᠢᠯᠡᠬᠦ ᠲᠤᠷᠰᠢᠯᠲᠠ ᠶᠢᠨ ᠴᠢᠭ᠋ ᠤᠨ ᠨᠥᠬᠦᠪᠥᠷᠢ ᠥᠭᠬᠦ ᠲᠠᠯᠠᠪᠠᠶ ᠶᠢ 1.92 ᠲᠦᠮᠡᠨ ᠮᠥ ᠬᠡᠷᠡᠭᠵᠢᠭᠦᠯᠵᠦ᠂ ᠨᠥᠬᠦᠪᠥᠷᠢ ᠥᠭᠬᠦ ᠡᠭᠦᠷᠭᠡ ᠶᠢ ᠰᠢᠷ᠎ᠠ ᠪᠤᠷᠴᠠᠭ ᠳᠠᠷᠢᠬᠤ ᠡᠭᠦᠷᠭᠡ ᠬᠦᠨᠳᠦ ᠭᠠᠵᠠᠷ ᠣᠷᠣᠨ ᠳᠠᠰᠢ ᠬᠡᠯᠪᠠᠶᠢᠯᠭᠡᠬᠦ ᠶᠢᠨ ᠬᠠᠮᠲᠤ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠪᠣᠬᠢᠷᠲᠤᠯ ᠥᠬᠡᠶ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠣᠷᠣᠨ ᠪᠦᠰᠡ ᠳᠠᠰᠢ ᠬᠡᠯᠪᠠᠶᠢᠯᠭᠡᠬᠦ ᠶᠢ ᠡᠭᠦᠷᠭᠡᠯᠡᠨ᠎ᠡ᠃    ᠬᠤᠶᠠᠷ᠂ ᠠᠵᠢᠯᠯᠠᠬᠤ ᠵᠠᠭᠪᠤᠷ᠂ ᠠᠵᠢᠯᠯᠠᠬᠤ ᠮᠧᠬᠠᠨᠢᠭ ᠵᠢᠴᠢ ᠠᠵᠢᠯᠯᠠᠬᠤ ᠶᠠᠰᠤ ᠴᠢᠨᠠᠷ ᠤᠨ ᠱᠠᠭᠠᠷᠳᠠᠯᠭ᠎ᠠ    ︵ᠨᠢᠭᠡ︶ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠵᠠᠭᠪᠤᠷ     ᠲᠤᠬᠠᠶ ᠶᠢᠨ ᠭᠠᠵᠠᠷ ᠤᠨ ᠬᠥᠷᠥᠰᠥ ᠰᠢᠷᠣᠶ ᠶᠢᠨ ᠲᠥᠷᠥᠯ ᠬᠡᠯᠪᠡᠷᠢ᠂ ᠲᠠᠷᠢᠶᠠᠯᠠᠬᠤ ᠲᠦᠷᠢᠮ ᠪᠠ ᠮᠠᠰᠢᠨ ᠪᠠᠭᠠᠵᠢ ᠶᠢᠨ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠵᠠᠭᠪᠤᠷ ᠢ ᠰᠣᠩᠭᠤᠨ᠎ᠠ᠂ ᠡᠭᠦᠨ ᠳᠤ ᠲᠠᠩ ᠭᠠᠭᠴᠠ ᠭᠦᠨ ᠰᠤᠯᠠᠷᠠᠭᠤᠯᠬᠤ ᠠᠵᠢᠯ᠂ ᠭᠦᠨ ᠰᠤᠯᠠᠷᠠᠭᠤᠯᠬᠤ ᠬᠠᠮᠲᠤᠷᠠᠭᠰᠠᠨ ᠠᠵᠢᠯ ︵ᠭᠦᠨ ᠰᠤᠯᠠᠷᠠᠭᠤᠯᠬᠤ + ᠡᠷᠭᠢᠯᠳᠦᠭᠦᠯᠦᠨ ᠬᠠᠭᠠᠯᠪᠤᠷᠢᠯᠠᠬᠤ ᠠᠵᠢᠯ᠂ ᠭᠦᠨ ᠰᠤᠯᠠᠷᠠᠭᠤᠯᠬᠤ + ᠭᠤᠤᠷᠰᠤ ᠠᠷᠢᠯᠭᠠᠬᠤ + ᠡᠷᠭᠢᠯᠳᠦᠭᠦᠯᠦᠨ ᠬᠠᠭᠠᠯᠪᠤᠷᠢᠯᠠᠬᠤ ᠠᠵᠢᠯ᠂ ᠭᠦᠨ ᠰᠤᠯᠠᠷᠠᠭᠤᠯᠬᠤ + ᠪᠤᠰᠤᠳ ᠣᠯᠠᠨ ᠵᠦᠶ᠋ᠯ ᠤᠨ ᠳᠠᠪᠬᠤᠷ ᠮᠠᠶ᠋ᠢᠭ ᠤᠨ ᠠᠵᠢᠯ ᠵᠡᠷᠭᠡ︶ ᠪᠠᠭᠲᠠᠨ᠎ᠠ᠃ ᠲᠣᠬᠢᠷᠠᠮᠵᠢᠲᠠᠶ ᠭᠠᠵᠠᠷ ᠲᠤ ᠭᠦᠨ ᠰᠤᠯᠠᠷᠠᠭᠤᠯᠬᠤ ᠬᠠᠮᠲᠤᠷᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ᠃ ᠨᠢᠭᠡ ᠬᠡᠰᠡᠭ ᠭᠠᠵᠠᠷ ᠢ ᠬᠤᠶᠠᠷ ᠵᠢᠯ ᠠᠯᠤᠰᠯᠠᠭᠠᠳ ᠨᠢᠭᠡ ᠤᠳᠠᠭ᠎ᠠ ᠰᠤᠯᠠᠷᠠᠭᠤᠯᠤᠨ᠎ᠠ᠃      ︵ᠬᠤᠶᠠᠷ︶ ᠠᠵᠢᠯᠯᠠᠬᠤ ᠮᠧᠬᠠᠨᠢᠭ      ᠭᠦᠨ ᠰᠤᠯᠠᠷᠠᠭᠤᠯᠬᠤ ᠮᠧᠬᠠᠨᠢᠭ ᠤᠨ ᠲᠦᠷᠦᠯ ᠵᠦᠢᠯ ᠤᠯᠠᠨ ᠶᠠᠩᠵᠤ ᠶᠢᠨ ᠪᠠᠶᠢᠳᠠᠭ᠂ ᠠᠵᠢᠯᠯᠠᠬᠤ ᠬᠡᠯᠪᠡᠷᠢ ᠪᠠᠷ ᠨᠢ ᠠᠯᠤᠰᠯᠠᠵᠤ ᠭᠦᠨ ᠰᠤᠯᠠᠷᠠᠭᠤᠯᠬᠤ ᠮᠠᠰᠢᠨ ᠪᠠ ᠪᠦᠬᠦ ᠲᠠᠯ᠎ᠠ ᠪᠠᠷ ᠭᠦᠨ ᠰᠤᠯᠠᠷᠠᠭᠤᠯᠬᠤ ᠮᠠᠰᠢᠨ ᠭᠡᠵᠦ ᠬᠤᠪᠢᠶᠠᠳᠠᠭ᠂ ᠠᠵᠢᠯᠯᠠᠬᠤ ᠴᠢᠳᠠᠪᠤᠷᠢ ᠪᠠᠷ ᠨᠢ ᠲᠠᠩ ᠭᠠᠭᠴᠠ ᠭᠦᠨ ᠰᠤᠯᠠᠷᠠᠭᠤᠯᠬᠤ ᠮᠠᠰᠢᠨ ᠪᠠ ᠬᠠᠮ ᠮᠠᠶ᠋ᠢᠭ ᠤᠨ ᠬᠠᠮ ᠠᠵᠢᠯᠯᠠᠭᠠᠨ ᠤ ᠮᠠᠰᠢᠨ ᠭᠡᠵᠦ ᠬᠤᠪᠢᠶᠠᠳᠠᠭ᠃ ᠡᠯ᠎ᠡ ᠭᠠᠵᠠᠷ ᠤᠳ ᠲᠤᠬᠠᠶ ᠶᠢᠨ ᠭᠠᠵᠠᠷ ᠤᠨ ᠬᠥᠷᠥᠰᠥ ᠰᠢᠷᠣᠶ ᠶᠢᠨ ᠲᠥᠷᠥᠯ ᠬᠡᠯᠪᠡᠷᠢ᠂ ᠠᠵᠢᠯᠯᠠᠬᠤ ᠵᠠᠭᠪᠤᠷ ᠵᠡᠷᠭᠡ ᠱᠠᠭᠠᠷᠳᠠᠯᠭ᠎ᠠ ᠶᠢ ᠦᠨᠳᠦᠰᠦᠯᠡᠨ᠂ ᠲᠠᠷᠢᠶᠠᠯᠠᠩ ᠤᠨ ᠮᠠᠰᠢᠨ ᠤ ᠠᠵᠢᠯᠯᠠᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ  ᠤ ᠡᠷᠥᠭᠡ ᠶᠢ ᠬᠥᠲᠥᠯᠥᠨ ᠵᠢᠯᠣᠭᠤᠳᠴᠤ ᠪᠠᠶᠢᠭᠠᠳ ᠭᠦᠨ ᠰᠤᠯᠠᠷᠠᠭᠤᠯᠬᠤ ᠮᠠᠰᠢᠨ ᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠡᠷᠡᠭᠯᠡᠭᠦᠯᠬᠦ ᠬᠡᠷᠡᠭᠲᠡᠶ᠃ ᠬᠡᠷᠪᠡ ᠤᠬᠤᠬᠤ ᠮᠠᠶ᠋ᠢᠭ ᠤᠨ ᠭᠦᠨ ᠰᠤᠯᠠᠷᠠᠭᠤᠯᠬᠤ ᠮᠠᠰᠢᠨ ᠢ ᠰᠣᠩᠭᠤᠨ ᠬᠡᠷᠡᠭᠯᠡᠪᠡᠯ᠂ ᠵᠡᠷᠭᠡᠯᠡᠳᠡᠭᠡ ᠬᠤᠶᠠᠷ ᠤᠬᠤᠬᠤ ︵ᠤᠬᠤᠬᠤ︶ ᠵᠠᠶ ᠨᠢ 2 ᠳᠠᠬᠢᠨ ᠭᠦᠨ ᠰᠤᠯᠠᠷᠠᠭᠤᠯᠬᠤ ᠭᠦᠨ ᠤ ᠬᠡᠮᠵᠢᠶ᠎ᠡ ᠠᠴᠠ ᠶᠡᠭᠡ ᠪᠠᠶᠢᠵᠤ ᠪᠣᠯᠬᠤ ᠦᠭᠡᠢ᠃      ︵ᠭᠤᠷᠪᠠ︶ ᠠᠵᠢᠯ ᠤᠨ ᠶᠠᠰᠤ ᠴᠢᠨᠠᠷ ᠤᠨ ᠱᠠᠭᠠᠷᠳᠠᠯᠭ᠎ᠠ  ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠭᠦᠨᠴᠡ ᠶᠢᠨ ᠱᠠᠭᠠᠷᠳᠠᠯᠭ᠎ᠠ ᠶᠢ 25 ᠰᠠᠨᠲ᠋ᠢᠮᠧᠲᠷ ᠠᠴᠠ ᠳᠡᠭᠡᠭᠰᠢ ᠳᠤ ᠬᠦᠷᠦᠭᠦᠯᠵᠦ᠂ ᠡᠭᠦᠨ ᠳᠤ᠂ ᠲᠠᠷᠢᠶᠠᠨ ᠭᠠᠵᠠᠷ ᠢ ᠭᠦᠨ ᠰᠤᠯᠠᠷᠠᠭᠤᠯᠬᠤ ᠨᠥᠬᠦᠪᠥᠷᠢ ᠶᠢᠨ ᠠᠵᠢᠯ ᠤᠨ ᠭᠦᠨᠴᠡ ᠶᠢ 30 ᠰᠠᠨᠲ᠋ᠢᠮᠧᠲᠷ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ ᠪᠥᠭᠡᠳ ᠠᠵᠢᠯᠯᠠᠭᠰᠠᠨ ᠤ ᠳᠠᠷᠠᠭᠠᠬᠢ ᠬᠡᠰᠡᠭ ᠭᠠᠵᠠᠷ ᠢ ᠲᠠᠷᠢᠶᠠᠨ ᠭᠠᠵᠠᠷ ᠤᠨ ᠭᠠᠳᠠᠷᠭᠤ ᠶᠢ ᠲᠡᠭᠰᠢᠬᠡᠨ᠂ ᠭᠦᠨ  ᠬᠦᠢᠭᠡᠨ ᠢ ᠨᠢᠭᠡᠳᠦᠯᠲᠡᠶ ᠪᠠᠶᠢᠯᠭᠠᠬᠤ ᠳᠤ ᠬᠦᠷᠦᠭᠦᠯᠬᠦ ᠬᠡᠷᠡᠭᠲᠡᠶ᠃     ᠭᠤᠷᠪᠠ᠂ ᠲᠤᠰᠠᠯᠠᠬᠤ ᠡᠲᠡᠭᠡᠳ ᠬᠢᠭᠡᠳ ᠲᠤᠰᠠᠯᠠᠬᠤ ᠪᠠᠷᠢᠮᠵᠢᠶ᠎ᠠ     ︵ᠨᠢᠭᠡ︶ ᠲᠤᠰᠠᠯᠠᠬᠤ ᠡᠲᠡᠭᠡᠳ     ᠨᠥᠬᠦᠪᠥᠷᠢ ᠥᠭᠬᠦ ᠠᠵᠢᠯ ᠤᠨ ᠣᠷᠣᠨ ᠪᠦᠰᠡ ᠶᠢᠨ ᠳᠣᠲᠣᠷ᠎ᠠ ᠭᠠᠵᠠᠷ ᠰᠢᠷᠣᠶ ᠶᠢ ᠪᠣᠳᠠᠲᠠᠶ ᠡᠵᠡᠩᠨᠡᠵᠦ ᠪᠠᠶᠢᠬᠤ ᠪᠥᠭᠡᠳ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠢ ᠰᠠᠶᠢᠨ ᠳᠤᠷ᠎ᠠ ᠠᠴᠠ ᠪᠠᠨ ᠬᠢᠵᠦ ᠪᠠᠶᠢᠭ᠎ᠠ ᠬᠤᠪᠢ ᠬᠥᠮᠦᠨ ᠪᠠ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ︵ᠳᠣᠷᠣᠭᠰᠢ ︽ᠭᠠᠵᠠᠷ ᠰᠢᠷᠣᠶ ᠡᠵᠡᠩᠨᠡᠭᠴᠢ︾ ᠭᠡᠵᠦ ᠲᠣᠪᠴᠢᠯᠠᠨ᠎ᠠ︶᠃ ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠭ ᠠᠴᠠ ᠠᠰᠠᠷᠠᠨ ᠲᠡᠵᠢᠭᠡᠵᠦ ᠪᠠᠶᠢᠭ᠎ᠠ ᠠᠵᠢᠯᠲᠠᠨ᠂ ᠲᠤᠬᠠᠶᠢᠯᠠᠪᠠᠯ ᠤᠯᠤᠰ ᠤᠨ ᠠᠯᠪᠠᠲᠠᠨ ᠢ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ  ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ︵ᠤᠷᠢᠵᠤ ᠬᠡᠷᠡᠭᠯᠡᠬᠦ ᠳᠦᠷᠢᠮᠲᠦ ᠠᠵᠢᠯᠲᠠᠨ ᠠᠵᠢᠯᠴᠢᠨ ᠪᠠᠭᠲᠠᠨ᠎ᠠ︶ ᠢ ᠨᠥᠬᠦᠪᠥᠷᠢ ᠣᠯᠭᠤᠬᠤ ᠡᠲᠡᠭᠡᠳ ᠤᠨ ᠬᠡᠪᠴᠢᠶᠡᠨ ᠳᠤ ᠣᠷᠣᠭᠤᠯᠬᠤ ᠥᠬᠡᠶ᠃ ︽ᠬᠡᠨ ᠭᠠᠵᠠᠷ ᠰᠢᠷᠣᠶ ᠶᠢ ᠪᠣᠳᠠᠲᠠᠶ ᠪᠠᠷ ᠡᠵᠡᠩᠨᠡᠪᠡᠯ᠂ ᠬᠡᠨ ᠪᠣᠳᠠᠲᠠᠶ ᠪᠠᠷ ᠰᠤᠯᠠ ᠲᠠᠯᠪᠢᠪᠠᠯ ᠂ ᠲᠡᠷᠡ ᠨᠥᠬᠦᠪᠥᠷᠢ ᠶᠢ ᠪᠣᠳᠠᠲᠠᠶ ᠪᠠᠷ ᠬᠦᠷᠳᠡᠬᠦ︾ ᠵᠠᠷᠴᠢᠮ ᠢ ᠪᠠᠷᠢᠮᠲᠠᠯᠠᠨ᠎ᠠ᠃      ︵ᠬᠤᠶᠠᠷ︶ ᠲᠤᠰᠠᠯᠠᠮᠵᠢ ᠶᠢᠨ ᠪᠠᠷᠢᠮᠵᠢᠶ᠎ᠠ      ᠨᠥᠬᠦᠪᠥᠷᠢ ᠥᠭᠬᠦ ᠠᠵᠢᠯ ᠳᠤ ᠲᠣᠭᠲᠠᠭᠰᠠᠨ ᠲᠣᠭᠠᠨ ᠤ ᠨᠥᠬᠦᠪᠥᠷᠢ ᠶᠢ ᠬᠡᠷᠡᠭᠵᠢᠭᠦᠯᠵᠦ᠂ ᠲᠥᠪ ᠤᠨ ᠡᠳ᠋ ᠤᠨ ᠵᠠᠰᠠᠭ ᠤᠨ ᠨᠥᠬᠦᠪᠥᠷᠢ ᠶᠢᠨ ᠪᠠᠷᠢᠮᠵᠢᠶ᠎ᠠ ᠶᠢ ᠬᠠᠮᠤᠭ ᠥᠨᠳᠥᠷ ᠲᠡᠭᠡᠨ 25 ᠲᠥᠭᠦᠷᠢᠭ / ᠮᠤ ᠪᠣᠯᠭᠠᠨ᠎ᠠ᠃     ︵ᠭᠤᠷᠪᠠ︶ ᠲᠤᠰᠠᠯᠠᠮᠵᠢ ᠶᠢᠨ ᠪᠡᠯᠡ ᠮᠥᠩᠭᠦ ᠶᠢᠨ ᠢᠷᠡᠯᠳᠡ     ᠨᠥᠬᠦᠪᠥᠷᠢ ᠶᠢᠨ ᠪᠠᠯᠠ ᠮᠥᠩᠭᠦ ᠶᠢ ᠬᠤᠲᠠ ᠶᠢᠨ ᠡᠳ᠋ ᠤᠨ ᠵᠠᠰᠠᠭ ᠠᠴᠠ 2022 ᠣᠨ ᠤ ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠡᠬᠢ ᠪᠠᠶᠠᠯᠢᠭ ᠵᠢᠴᠢ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢᠨ ᠳᠣᠲᠣᠷ᠎ᠠ ᠠᠴᠠ ᠳᠣᠭᠢᠷᠠᠭᠤᠯᠤᠨ ᠪᠠᠭᠤᠯᠭᠠᠵᠤ᠂ ᠬᠠᠮᠢᠶ᠎ᠠ ᠪᠥᠬᠦᠶ ᠱᠠᠭᠠᠷᠳᠠᠯᠭ᠎ᠠ ᠶᠢ ᠲᠣᠰ ᠲᠥᠰᠦᠯ ᠤᠨ ᠶᠣᠰᠣᠭᠠᠷ ᠬᠡᠷᠡᠭᠵᠢᠭᠦᠯᠦᠨ᠎ᠡ᠃      ᠳᠥᠷᠪᠡ᠂ ᠠᠵᠢᠯ ᠤᠨ ᠠᠬᠢᠴᠠ ᠶᠢᠨ ᠱᠠᠭᠠᠷᠳᠠᠯᠭ᠎ᠠ      ᠤᠯᠠᠭᠠᠨᠴᠠᠪ ᠬᠤᠲᠠ ᠶᠢᠨ ᠭᠠᠵᠠᠷ ᠰᠢᠷᠣᠶ ᠶᠢ ᠭᠦᠨ ᠰᠤᠯᠠᠷᠠᠭᠤᠯᠬᠤ ᠲᠥᠰᠦᠯ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠵᠠᠰᠠᠭ ᠤᠨ ᠣᠷᠳᠣᠨ ᠤ ᠨᠡᠷ᠎ᠡ ᠪᠠᠷ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠠᠵᠢᠯᠯᠠᠬᠤ ᠮᠠᠰᠢᠨ ᠴᠣᠭᠴᠠᠯᠠᠪᠤᠷᠢ ᠶᠢ ᠪᠠᠶᠢᠴᠠᠭᠠᠨ ᠵᠠᠰᠠᠵᠤ ᠳᠣᠭᠢᠷᠠᠭᠤᠯᠤᠨ ᠲᠤᠷᠰᠢᠬᠤ᠂ ᠠᠵᠢᠯᠯᠠᠬᠤ ᠮᠠᠰᠢᠨ ᠴᠣᠭᠴᠠᠯᠠᠪᠤᠷᠢ ᠶᠢᠨ ᠠᠯᠤᠰ ᠠᠴᠠ ᠬᠢᠨᠠᠨ ᠬᠡᠮᠵᠢᠬᠦ ᠦᠵᠦᠭᠦᠷ ᠤᠨ ᠲᠥᠬᠦᠭᠡᠷᠦᠮᠵᠢ ᠶᠢ ᠰᠣᠩᠭᠤᠨ ᠬᠤᠳᠠᠯᠳᠤᠨ ᠠᠪᠴᠤ ᠤᠭᠰᠠᠷᠠᠬᠤ ᠪᠠ ᠳᠣᠭᠢᠷᠠᠭᠤᠯᠤᠨ ᠲᠤᠷᠰᠢᠬᠤ ᠶᠢ ᠬᠠᠷᠭᠤᠭᠤᠯᠬᠤ ᠪᠠ ᠠᠵᠢᠯᠲᠠᠨ ᠢ ᠪᠣᠯᠪᠠᠰᠤᠷᠠᠭᠤᠯᠬᠤ ᠵᠡᠷᠭᠡ ᠠᠵᠢᠯ ᠢ ᠥᠷᠨᠢᠭᠦᠯᠬᠦ ᠬᠡᠷᠡᠭᠲᠡᠶ᠃      2022 ᠣᠨ ᠤ 12 ᠰᠠᠷ᠎ᠠ ᠶᠢᠨ 10 ᠤ ᠡᠳᠦᠷ ᠠᠴᠠ ᠡᠮᠦᠨ᠎ᠡ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠬᠠᠮᠲᠤᠷᠠᠨ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠳᠤ ᠠᠯᠪᠠᠨ ᠶᠣᠰᠣᠨ ᠤ ᠪᠢᠴᠢᠭ ᠮᠠᠲ᠋ᠧᠷᠢᠶᠠᠯ ᠢᠶᠠᠷ ᠪᠥᠬᠦ ᠵᠢᠯ ᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠳ᠋ᠦᠩᠨᠡᠯᠲᠡ ᠪᠠ ᠠᠵᠢᠯ ᠤᠨ ᠠᠮᠵᠢᠯᠲᠠ ᠪᠦᠲᠦᠮᠵᠢ ᠶᠢᠨ ᠥᠪᠡᠷ ᠤᠨ ᠦᠨᠡᠯᠡᠯᠲᠡ ᠶᠢᠨ ᠮᠡᠳᠡᠭᠦᠯᠦᠯᠲᠡ ᠶᠢ ᠮᠡᠳᠡᠭᠦᠯᠦᠨ ᠬᠦᠷᠭᠡᠨ᠎ᠡ᠃      2022 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ᠂ ᠨᠥᠬᠦᠪᠥᠷᠢ ᠶᠢᠨ ᠪᠠᠯᠠ ᠮᠥᠩᠭᠦ ᠶᠢ ᠰᠣᠯᠢᠵᠤ ᠥᠭᠬᠦ ᠠᠵᠢᠯ ᠢ ᠳᠠᠭᠤᠰᠬᠠᠨ᠎ᠠ᠃      ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠲᠠᠷᠢᠶᠠᠨ ᠭᠠᠵᠠᠷ ᠢ ᠭᠦᠨ ᠰᠤᠯᠠᠷᠠᠭᠤᠯᠬᠤ ᠨᠢ ᠬᠥᠷᠥᠰᠥ ᠰᠢᠷᠣᠶ ᠶᠢᠨ ᠤᠰᠤ ᠨᠡᠪᠲᠡᠷᠡᠬᠦ᠂ ᠠᠭᠠᠷ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠬᠦ᠂ ᠬᠥᠷᠥᠰᠥ ᠰᠢᠷᠣᠶ ᠶᠢᠨ ᠤᠰᠤ ᠬᠠᠳᠠᠭᠠᠯᠠᠵᠤ ᠴᠢᠬᠢᠭ ᠢ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠪᠠᠶᠢᠬᠤ ᠶᠢ ᠬᠦᠢᠴᠡᠳ ᠲᠠᠨᠢᠵᠤ᠂ ᠨᠥᠬᠦᠴᠡᠯ ᠪᠥᠷᠢᠳᠦᠭᠰᠡᠨ ᠣᠷᠣᠨ ᠪᠦᠰᠡ ᠶᠢ ᠰᠣᠩᠭᠤᠨ ᠬᠠᠷᠢᠴᠠᠭᠤᠯᠬᠤ ᠲᠤᠷᠰᠢᠯᠲᠠ ᠬᠢᠵᠦ᠂ ᠦᠢᠯᠡᠳᠪᠦᠷᠢᠯᠡᠯ ᠤᠨ ᠥᠪᠡᠷ ᠤᠨ ᠥᠷᠲᠡᠭ᠂ ᠲᠠᠷᠢᠮᠠᠯ ᠤᠨ ᠭᠠᠷᠤᠯᠲᠠ ᠶᠢᠨ ᠬᠤᠪᠢᠷᠠᠯᠲᠠ ᠶᠢ ᠬᠢᠨᠠᠨ ᠬᠡᠮᠵᠢᠬᠦ ᠶᠢ ᠭᠤᠤᠯᠳᠠᠯᠭ᠎ᠠ ᠲᠠᠢ ᠥᠷᠨᠢᠭᠦᠯᠬᠦ ᠶᠢᠨ ᠬᠠᠮᠲᠤ ︽ᠲᠠᠷᠢᠶᠠᠨ ᠭᠠᠵᠠᠷ ᠢ ᠭᠦᠨ ᠰᠤᠯᠠᠷᠠᠭᠤᠯᠬᠤ ᠦᠷ᠎ᠡ ᠪᠦᠲᠦᠮᠵᠢ ᠶᠢ ᠬᠢᠨᠠᠨ ᠬᠡᠮᠵᠢᠭᠰᠡᠨ ᠪᠠᠶᠢᠳᠠᠯ ᠤᠨ ᠬᠦᠰᠦᠨᠦᠭᠲᠦ︾ ᠶᠢ ᠲᠠᠭᠯᠠᠬᠤ ᠬᠡᠷᠡᠭᠲᠡᠶ᠃      ︵ᠲᠤᠯᠤᠭ᠎ᠠ︶ ᠳᠠᠩᠰᠠ ᠡᠪᠬᠡᠮᠡᠯ ᠤᠨ ᠪᠠᠶᠢᠭᠤᠯᠤᠯᠲᠠ ᠶᠢ ᠵᠢᠷᠤᠮᠵᠢᠭᠤᠯᠬᠤ ᠬᠡᠷᠡᠭᠲᠡᠶ      ᠲᠠᠷᠢᠶᠠᠨ ᠭᠠᠵᠠᠷ ᠢ ᠰᠤᠯᠠᠷᠠᠭᠤᠯᠬᠤ ᠨᠥᠬᠦᠪᠥᠷᠢ ᠶᠢᠨ ᠠᠵᠢᠯ ᠤᠨ ᠳᠠᠩᠰᠠ ᠡᠪᠬᠡᠮᠡᠯ ᠳᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠪᠠᠭᠲᠠᠨ᠎ᠠ᠂ ᠬᠡᠷᠡᠭᠵᠢᠭᠦᠯᠬᠦ ᠲᠥᠰᠦᠯ᠂ ᠤᠬᠠᠭᠤᠯᠭ᠎ᠠ ᠶᠢᠨ ᠮᠠᠲ᠋ᠧᠷᠢᠶᠠᠯ᠂ ᠮᠡᠷᠭᠡᠵᠢᠯ ᠤᠨ ᠪᠣᠯᠪᠠᠰᠤᠷᠠᠭᠤᠯᠤᠯ ᠬᠢᠭᠡᠳ ᠬᠤᠷᠠᠯ ᠤᠨ ᠲᠡᠮᠳᠡᠭᠯᠡᠯ᠂ ᠠᠵᠢᠯ ᠤᠨ ᠮᠠᠰᠢᠨ ᠴᠣᠭᠴᠠᠯᠠᠪᠤᠷᠢ ᠶᠢᠨ ᠳᠡᠩᠰᠡᠯᠡᠨ ᠲᠡᠮᠳᠡᠭᠯᠡᠬᠦ ᠬᠦᠰᠦᠨᠦᠭᠲᠦ᠂ ᠬᠢᠨᠠᠨ ᠬᠡᠮᠵᠢᠬᠦ ᠲᠥᠬᠦᠭᠡᠷᠦᠮᠵᠢ ᠶᠢᠨ ᠠᠵᠤ ᠠᠬᠤᠶᠢᠯᠠᠯ ᠤᠨ  ᠦᠢᠯᠡᠴᠢᠯᠡᠭᠡᠨ ᠤ ᠵᠥᠪᠯᠡᠯᠴᠡᠭᠡᠷ᠂ ᠲᠠᠷᠢᠶᠠᠯᠠᠩ ᠤᠨ ᠮᠠᠰᠢᠨ ᠤ ᠠᠵᠢᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠶᠢᠨ ᠨᠡᠷᠡᠰ᠂ ᠠᠵᠢᠯ ᠤᠨ ᠭᠡᠷ᠎ᠡ᠂ ᠬᠥᠮᠦᠨ ᠤ ᠬᠦᠴᠦ ᠪᠠᠷ ᠰᠤᠭᠤᠴᠢᠨ ᠪᠠᠶᠢᠴᠠᠭᠠᠭᠰᠠᠨ ᠲᠡᠮᠳᠡᠭᠯᠡᠯ᠂ ᠠᠵᠢᠯ ᠤᠨ ᠬᠠᠭᠤᠳᠠᠰᠤ᠂ ᠰᠢᠯᠭᠠᠨ ᠠᠪᠬᠤ ᠬᠠᠭᠤᠳᠠᠰᠤ᠂ ᠨᠥᠬᠦᠪᠥᠷᠢ ᠶᠢᠨ ᠪᠠᠯᠠ ᠮᠥᠩᠭᠦ ᠶᠢᠨ ᠨᠠᠷᠢᠨ ᠬᠦᠰᠦᠨᠦᠭᠲᠦ᠂ ᠨᠥᠬᠦᠪᠥᠷᠢ ᠶᠢᠨ ᠪᠠᠶᠢᠳᠠᠯ ᠤᠨ ᠬᠤᠷᠢᠶᠠᠩᠭᠤᠶ ᠬᠦᠰᠦᠨᠦᠭᠲᠦ᠂ ᠠᠬᠢᠴᠠ ᠶᠢᠨ ᠪᠦᠷᠢᠳᠬᠡᠯ ᠤᠨ ᠬᠦᠰᠦᠨᠦᠭᠲᠦ᠂ ᠠᠯᠤᠰ ᠠᠴᠠ ᠬᠢᠨᠠᠨ ᠬᠡᠮᠵᠢᠬᠦ ᠲᠠᠪᠴᠠᠩ ᠠᠴᠠ ᠭᠠᠷᠭᠠᠭᠰᠠᠨ ᠲᠤᠭ᠎ᠠ ᠪᠠᠷᠢᠮᠲᠠ ︵ᠬᠡᠷᠡᠯ ᠵᠢᠷᠤᠭ᠂ ᠳᠦᠷᠰᠦ ᠰᠢᠩᠭᠡᠭᠡᠯᠲᠡ᠂ ᠠᠵᠢᠯ ᠤᠨ ᠵᠠᠮ ᠮᠥᠷ ᠤᠨ ᠭᠠᠵᠠᠷ ᠤᠨ ᠵᠢᠷᠤᠭ ᠪᠠᠭᠲᠠᠨ᠎ᠠ︶ ᠵᠡᠷᠭᠡ ᠶᠢ ᠪᠠᠭᠲᠠᠭᠠᠨ᠎ᠠ᠃ ᠲᠠᠩᠰᠠ ᠡᠪᠬᠡᠮᠡᠯ ᠤᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢ ᠴᠢᠩᠭᠠᠳᠬᠠᠬᠤ ᠳᠤ᠂ ᠲᠤᠰᠬᠠᠶ ᠬᠥᠮᠦᠨ ᠳᠣᠭᠢᠷᠠᠭᠤᠯᠤᠨ ᠬᠠᠷᠢᠭᠤᠴᠠᠭᠤᠯᠵᠤ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠲᠦᠷᠢᠮ ᠤᠨ ᠱᠠᠭᠠᠷᠳᠠᠯᠭ᠎ᠠ ᠳᠤ ᠨᠡᠶᠢᠴᠡᠭᠦᠯᠦᠨ᠂ ᠪᠠᠶᠢᠴᠠᠭᠠᠨ ᠳᠣᠲᠣᠯᠠᠬᠤ ᠶᠢ ᠳᠠᠭᠠᠭᠠᠵᠤ᠂ ᠲᠤᠭ᠎ᠠ ᠪᠠᠷᠢᠮᠲᠠ ᠶᠢᠨ ᠲᠠᠩᠰᠠ ᠡᠪᠬᠡᠮᠡᠯ ᠢ ᠬᠠᠳᠠᠭᠠᠯᠠᠬᠤ ᠬᠤᠭᠤᠴᠠᠭ᠎ᠠ ᠶᠢ ᠨᠠᠭᠠᠳᠤ ᠵᠠᠬ᠎ᠠ ᠳᠠᠭᠠᠨ 5 ᠵᠢᠯ ᠠᠴᠠ ᠳᠡᠭᠡᠭᠰᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃        ︵ ᠨᠠᠢᠮᠠ︶ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠶᠢ ᠥᠷᠨᠢᠭᠦᠯᠦᠨ᠎ᠡ       ᠬᠤᠲᠠ ᠶᠢᠨ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠵᠢᠯ ᠤᠨ ᠡᠴᠦᠰ ᠲᠤ ᠲᠠᠷᠢᠶᠠᠨ ᠭᠠᠵᠠᠷ ᠢ ᠰᠤᠯᠠᠷᠠᠭᠤᠯᠬᠤ ᠲᠥᠷᠥᠯ ᠵᠦᠢᠯ ᠳᠤ ᠬᠤᠯᠪᠣᠭᠳᠠᠭᠰᠠᠨ ᠭᠦᠢᠴᠡᠳᠬᠡᠬᠦ ᠲᠤᠭ᠎ᠠ ᠳᠤ ᠥᠪᠡᠷ ᠤᠨ ᠦᠨᠡᠯᠡᠯᠲᠡ ᠬᠢᠵᠦ ᠬᠤᠪᠢ ᠥᠭᠭᠦᠨ᠎ᠡ᠂ ︽ᠥᠪᠥᠷ ᠮᠣᠩᠭᠤᠯ ᠤᠨ 2022 ᠣᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠨᠥᠬᠦᠪᠥᠷᠢ ᠶᠢᠨ ᠠᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠭᠦᠶ᠋ᠴᠡᠳᠬᠡᠯ ᠲᠤᠭ᠎ᠠ ᠶᠢᠨ ᠰᠢᠰᠲ᠋ᠧᠮᠵᠢ ᠵᠢᠴᠢ ᠬᠤᠪᠢ ᠥᠭᠬᠦ ᠬᠦᠰᠦᠨᠦᠭᠲᠦ︾᠂ ︽ᠥᠪᠥᠷ ᠮᠣᠩᠭᠤᠯ ᠤᠨ 2022 ᠣᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠨᠥᠬᠦᠪᠥᠷᠢ ᠶᠢᠨ ᠠᠵᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠦᠢᠴᠡᠳᠭᠡᠯ ᠲᠤᠭ᠎ᠠ ᠶᠢᠨ ᠰᠢᠰᠲ᠋ᠧᠮᠵᠢ ᠵᠢᠴᠢ ᠬᠤᠪᠢ ᠥᠭᠬᠦ ᠬᠦᠰᠦᠨᠦᠭᠲᠦ︾ ᠵᠢᠴᠢ ᠭᠡᠷᠡᠴᠢ ᠮᠠᠲ᠋ᠧᠷᠢᠶᠠᠯ ᠢ 2022 ᠣᠨ ᠤ 12 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠬᠠᠷᠢᠭᠤ ᠲᠤᠰᠬᠠᠬᠤ ᠬᠡᠷᠡᠭᠲᠡᠶ᠃       ︵ᠶᠢᠰᠦ︶ ᠮᠡᠳᠡᠭᠦᠯᠦᠨ ᠬᠦᠷᠭᠡᠭᠰᠡᠨ ᠠᠬᠢᠴᠠ ᠶᠢ ᠨᠠᠶᠢᠳᠠᠪᠤᠷᠢᠵᠢᠭᠤᠯᠤᠨ᠎ᠠ       ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠠᠬᠢᠴᠠ ᠶᠢ ᠮᠡᠳᠡᠭᠦᠯᠦᠨ ᠬᠦᠷᠭᠡᠬᠦ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠱᠠᠭᠠᠷᠳᠠᠯᠭ᠎ᠠ ᠶᠣᠰᠣᠭᠠᠷ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠪᠥᠬᠦ ᠤᠯᠤᠰ ᠤᠨ ᠲᠠᠷᠢᠶᠠᠯᠠᠩ ᠤᠨ ᠮᠠᠰᠢᠨᠴᠢᠯᠠᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ᠢᠶᠠᠷ ᠳᠠᠮᠵᠢᠭᠤᠯᠤᠨ ᠠᠵᠢᠯ ᠤᠨ ᠠᠬᠢᠴᠠ ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠮᠡᠳᠡᠭᠦᠯᠦᠨ ᠬᠦᠷᠭᠡᠬᠦ ᠬᠡᠷᠡᠭᠲᠡᠶ᠃ ᠨᠥᠬᠦᠪᠥᠷᠢ ᠥᠭᠬᠦ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠭᠡᠬᠦ ᠲᠦᠷᠢᠮ ᠢ ᠬᠡᠷᠡᠭᠵᠢᠭᠦᠯᠵᠦ᠂ 2022 ᠣᠨ ᠤ 6 ᠳ᠋ᠤᠭᠠᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯ᠎ᠠ᠂ ᠰᠠᠷ᠎ᠠ ᠪᠦᠷᠢ ᠶᠢᠨ 28 ᠤ ᠡᠳᠦᠷ ︽ᠥᠪᠥᠷ ᠮᠣᠩᠭᠤᠯ ᠤᠨ 2022 ᠣᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠥᠷᠢ ᠥᠭᠬᠦ ᠲᠤᠷᠰᠢᠯᠲᠠ ᠶᠢᠨ ᠠᠵᠢᠯ ᠤᠨ ᠠᠬᠢᠴᠠ ᠶᠢᠨ ᠬᠦᠰᠦᠨᠦᠭᠲᠦ︾ ᠶᠢ ᠲᠠᠭᠯᠠᠨ ᠮᠡᠳᠡᠭᠦᠯᠵᠦ᠂ ᠠᠬᠢᠴᠠ ᠥᠬᠡᠶ ᠪᠣᠯ ᠮᠡᠳᠡᠭᠦᠯᠬᠦ ᠥᠬᠡᠶ ᠪᠠᠶᠢᠬᠤ ᠬᠡᠷᠡᠭᠲᠡᠶ︔ 12 ᠰᠠᠷ᠎ᠠ ᠶᠢᠨ 10 ᠤ ᠡᠳᠦᠷ ᠠᠴᠠ ᠡᠮᠦᠨ᠎ᠡ᠂ ᠪᠥᠬᠦ ᠵᠢᠯ ᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠳ᠋ᠦᠩᠨᠡᠯᠲᠡ ᠪᠠ ︽ᠲᠠᠷᠢᠶᠠᠨ ᠭᠠᠵᠠᠷ ᠢ ᠭᠦᠨ ᠰᠤᠯᠠᠷᠠᠭᠤᠯᠬᠤ ᠦᠷ᠎ᠡ ᠪᠦᠲᠦᠮᠵᠢ ᠶᠢ ᠬᠢᠨᠠᠨ ᠬᠡᠮᠵᠢᠭᠰᠡᠨ ᠪᠠᠶᠢᠳᠠᠯ ᠤᠨ ᠬᠦᠰᠦᠨᠦᠭᠲᠦ︾ ᠶᠢ ᠮᠡᠳᠡᠭᠦᠯᠦᠨ ᠬᠦᠷᠭᠡᠬᠦ ᠴᠢᠬᠤᠯᠠᠲᠠᠶ᠃                         ᠤᠷᠴᠢᠭᠤᠯᠤᠬᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3