| ︽︿ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠥᠰᠦᠯ﹀ ᠢ | ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠮᠡᠳᠡᠭᠳᠡᠯ︾ ︵ᠤᠯᠠᠭᠠᠨᠴᠠᠪ ᠠᠯᠪᠠᠨ ᠥᠰᠥᠭ ︹ 2022 ︺ 3 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ | ᠲᠣᠰ ᠠᠵᠢᠯ ᠤᠨ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠶᠡᠷᠦᠩᠬᠡᠶ ᠱᠦᠵᠢ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠪᠠᠷ ᠦᠨᠳᠦᠰᠦᠨ ᠵᠢᠷᠤᠮᠯᠠᠯ ᠪᠣᠯᠭᠠᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠭᠡᠬᠦ ᠡᠨᠡ ᠬᠦ ᠴᠢᠬᠤᠯᠠ ᠶᠡᠭᠡ ᠤᠯᠤᠰ ᠲᠥᠷᠥ ᠶᠢᠨ | ᠡᠭᠦᠷᠭᠡ ᠶᠢ ᠡᠷᠡᠰ ᠡᠭᠦᠷᠭᠡᠯᠡᠵᠦ᠂ ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠬᠤ᠂ ᠠᠮᠤ ᠪᠤᠳᠠᠭ᠎ᠠ ᠶᠢ | ᠮᠡᠷᠭᠡᠵᠢᠯ ᠳᠤ ᠬᠠᠳᠠᠭᠠᠯᠠᠬᠤ ᠪᠠᠶᠢᠯᠳᠤᠬᠤ ᠪᠣᠳᠣᠯᠭ᠎ᠠ ᠶᠢ ᠮᠠᠨ ᠤ ᠬᠤᠲᠠ ᠳᠤ ᠪᠦᠲᠦᠮᠵᠢᠲᠡᠶ ᠨᠠᠶᠢᠳᠠᠪᠤᠷᠢᠵᠢᠭᠤᠯᠬᠤ ᠶᠢ | ᠳᠥᠯᠭᠢᠨ ᠠᠬᠢᠭᠤᠯᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ | ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠰᠢᠰᠲ᠋ᠧᠮ ᠲᠠᠢ ᠪᠠᠷ ᠵᠠᠰᠠᠬᠤ᠂ | ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠡᠶᠡᠯᠡᠭᠦᠯᠵᠦ᠂ ᠳᠠᠷᠠᠭᠠᠯᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠨᠡᠨᠬᠦ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ | ᠠᠰᠠᠭᠤᠳᠠᠯ ᠢ ᠳᠠᠷᠠᠭᠠᠯᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠬᠠᠰᠤᠬᠤ ᠠᠵᠢᠯ ᠢ ᠴᠢᠨᠠᠷ | ᠰᠠᠶᠢᠲᠠᠢ ᠪᠡᠶᠡᠯᠡᠭᠦᠯᠬᠦ ᠬᠡᠷᠡᠭᠲᠡᠢ᠃ | ᠬᠤᠶᠠᠷ᠂ ᠠᠵᠢᠯ ᠤᠨ ᠠᠭᠤᠯᠭ᠎ᠠ | ︵ᠨᠢᠭᠡ︶ ᠪᠥᠬᠦ ᠲᠠᠯ᠎ᠠ ᠪᠠᠷ ᠪᠠᠶᠢᠴᠠᠭᠠᠨ ᠵᠢᠭᠰᠠᠭᠠᠨ᠎ᠠ ︵2022 ᠣᠨ ᠤ 2 ᠰᠠᠷ᠎ᠠ ᠶᠢᠨ 16 ᠤ ᠡᠳᠦᠷ ᠠᠴᠠ | ᠡᠮᠦᠨ᠎ᠡ ᠳᠠᠭᠤᠰᠬᠠᠨ᠎ᠠ︶ | 1. ᠲᠡᠮᠲᠡᠷᠢᠨ ᠵᠢᠭᠰᠠᠭᠠᠬᠤ ᠬᠡᠪᠴᠢᠶ᠎ᠡ᠃ 2019 — 2021 ᠣᠨ ᠳᠤ ᠬᠡᠷᠡᠭᠵᠢᠭᠦᠯᠦᠭᠰᠡᠨ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠃ | 2. ᠲᠡᠮᠲᠡᠷᠢᠨ ᠵᠢᠭᠰᠠᠭᠠᠬᠤ ᠲᠠᠰ ᠳᠠᠷᠠᠭᠠᠯᠠᠯ᠃ ᠡᠩ ᠲᠡᠷᠢᠭᠦᠨ ᠳᠤ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠰᠬᠠᠶ ᠠᠩᠭᠢ ᠪᠠᠶᠢᠭᠤᠯᠵᠤ᠂ | ᠲᠣᠰ ᠠᠵᠢᠯ ᠢ ᠲᠤᠰᠬᠠᠶ ᠵᠦᠢᠯ ᠢᠶᠠᠷ ᠳᠥᠯᠭᠢᠨ ᠠᠬᠢᠭᠤᠯᠪᠠ᠃ ᠳᠠᠷᠠᠭ᠎ᠠ ᠳᠤᠨᠢ᠂ ᠲᠡᠮᠲᠡᠷᠢᠬᠦ ᠬᠡᠪᠴᠢᠶᠡᠨ ᠳᠤ | ᠬᠤᠯᠪᠣᠭᠳᠠᠬᠤ ᠲᠥᠷᠥᠯ ᠵᠦᠢᠯ ᠲᠠᠢ ᠬᠠᠷᠢᠴᠠᠭᠤᠯᠤᠨ ᠰᠦᠯᠵᠢᠶᠡᠨ ᠤ ᠬᠡᠯᠪᠡᠷᠢ ᠪᠠᠷ ᠵᠢᠭᠰᠠᠭᠠᠨ ᠪᠠᠶᠢᠴᠠᠭᠠᠵᠤ᠂ ᠪᠥᠬᠦ | ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠬᠢᠬᠦ ᠬᠡᠷᠡᠭᠲᠡᠶ᠃ ᠪᠠᠶᠢᠴᠠᠭᠠᠵᠤ ᠵᠢᠭᠰᠠᠭᠠᠬᠤ ᠳᠠᠭᠠᠨ ᠡᠮᠦᠨᠡᠬᠢ ᠬᠤᠭᠤᠴᠠᠭᠠᠨ ᠤ | ᠠᠵᠢᠯ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠬᠢᠨᠠᠨ ᠵᠥᠪᠰᠢᠶᠡᠷᠡᠵᠦ ᠳᠠᠭᠠᠭᠠᠴᠢᠯᠠᠯᠲᠠ ᠵᠠᠷᠯᠠᠬᠤ᠂ | ᠲᠥᠷᠥᠯ ᠵᠦᠢᠯ ᠤᠨ ᠪᠠᠷᠢᠯᠭ᠎ᠠ ᠪᠠᠷᠢᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠲᠠᠪᠤᠨ | ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠶ᠃ ᠡᠮᠦᠨᠡᠬᠢ ᠬᠤᠭᠤᠴᠠᠭᠠᠨ ᠤ ᠠᠵᠢᠯ ᠤᠨ | ᠭᠤᠭᠴᠤᠭ᠎ᠠ ᠳᠤ ᠲᠥᠷᠥᠯ ᠵᠦᠢᠯ ᠤᠨ ᠰᠣᠩᠭᠤᠭᠰᠠᠨ ᠭᠠᠵᠠᠷ ᠨᠢ 2011 ᠣᠨ ᠵᠢᠴᠢ ᠬᠤᠶᠢᠰᠢᠳᠠ ᠶᠢᠨ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠠᠢ ᠳᠠᠪᠬᠤᠴᠠᠭᠰᠠᠨ | ᠡᠰᠡᠬᠦ᠂ ᠡᠯ᠎ᠡ ᠰᠢᠶᠠᠩ ᠪᠠᠯᠭᠠᠰᠤ ᠵᠢᠴᠢ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ ᠵᠡᠷᠭᠡ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠤᠭᠰᠠᠨ ᠡᠰᠡᠬᠦ ᠶᠢ | ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ︔ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠭᠤᠭᠴᠤᠭ᠎ᠠ ᠳᠤ | ᠵᠢᠷᠤᠭ ᠲᠥᠯᠥᠪᠯᠡᠭᠡ ᠶᠢᠨ ᠲᠥᠰᠦᠯ ︽ᠲᠠᠷᠢᠶᠠᠨ ᠭᠠᠵᠠᠷ᠂ ᠤᠰᠤ᠂ ᠣᠶ ᠰᠢᠭᠤᠶ᠂ ᠵᠠᠮ᠂ ᠴᠠᠬᠢᠯᠭᠠᠨ᠂ ᠰᠢᠷᠣᠶ︾ | ᠶᠢ ᠶᠡᠷᠦᠩᠬᠡᠶᠢᠯᠡᠨ ᠢᠵᠢ ᠪᠦᠷᠢᠳᠦᠭᠦᠯᠬᠦ ᠵᠢᠴᠢ ᠵᠢᠷᠤᠭ ᠲᠥᠯᠥᠪᠯᠡᠭᠡ ᠶᠢᠨ ᠠᠭᠤᠯᠭ᠎ᠠ ᠶᠢᠨ ᠲᠣᠭᠲᠠᠭᠠᠯ ᠳᠤ ᠨᠡᠶᠢᠴᠡᠬᠦ | ᠴᠢᠨᠠᠷ᠂ ᠰᠢᠨᠵᠢᠯᠡᠬᠦ ᠤᠬᠠᠭᠠᠨᠴᠢ ᠴᠢᠨᠠᠷ᠂ ᠵᠦᠶ ᠵᠣᠬᠢᠰᠲᠠᠶ ᠴᠢᠨᠠᠷ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ | ᠬᠡᠷᠡᠭᠲᠡᠶ︔ ᠳᠠᠭᠠᠭᠠᠴᠢᠯᠠᠯᠲᠠ ᠵᠠᠷᠯᠠᠬᠤ ᠶᠢ ᠬᠢᠨᠠᠨ ᠵᠥᠪᠰᠢᠶᠡᠷᠡᠬᠦ ᠭᠤᠭᠴᠤᠭ᠎ᠠ ᠳᠤ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠵᠢᠭᠰᠠᠭᠠᠨ | ᠪᠠᠶᠢᠴᠠᠭᠠᠵᠤ᠂ ᠳᠠᠭᠠᠭᠠᠴᠢᠯᠠᠯᠲᠠ ᠵᠠᠷᠯᠠᠬᠤ ᠠᠴᠠ ᠵᠠᠶᠢᠯᠠᠬᠤ᠂ ᠳᠠᠭᠠᠭᠠᠴᠢᠯᠠᠯᠲᠠ ᠬᠦᠷᠢᠶᠡᠯᠡᠬᠦ᠂ ᠳᠠᠭᠠᠭᠠᠴᠢᠯᠠᠯᠲᠠ | ᠰᠦᠯᠪᠡᠭᠡᠯᠡᠬᠦ᠂ ᠲᠣᠭᠲᠠᠭᠠᠯ ᠠᠴᠠ ᠵᠥᠷᠢᠴᠡᠨ ᠬᠢᠷᠢ ᠬᠡᠮ ᠢᠶᠠᠨ ᠵᠢᠭᠡᠯᠡᠭᠦᠯᠬᠦ᠂ ᠲᠦᠰᠢᠭ ᠪᠣᠯᠭᠠᠬᠤ᠂ ᠬᠠᠤᠯᠢ ᠠᠴᠠ | ᠵᠥᠷᠢᠴᠡᠨ ᠬᠤᠪᠢᠶᠠᠨ ᠳᠠᠭᠠᠭᠠᠴᠢᠯᠠᠬᠤ ᠪᠠ ᠰᠢᠯᠵᠢᠭᠦᠯᠦᠨ ᠥᠭᠬᠦ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ︔ | ᠲᠥᠷᠥᠯ ᠵᠦᠢᠯ ᠤᠨ ᠪᠠᠷᠢᠯᠭ᠎ᠠ ᠪᠠᠷᠢᠬᠤ ᠭᠤᠭᠴᠤᠭ᠎ᠠ ᠳᠤ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠶᠠᠰᠤ | ᠴᠢᠨᠠᠷ ᠤᠨ ᠡᠵᠡᠮᠳᠡᠯ ᠢ ᠪᠣᠳᠠᠲᠠᠶᠢᠵᠢᠭᠤᠯᠤᠭᠰᠠᠨ ᠡᠰᠡᠬᠦ᠂ ᠪᠠᠷᠢᠯᠭ᠎ᠠ ᠶᠢᠨ ᠶᠠᠰᠤ ᠴᠢᠨᠠᠷ ᠢ ᠦᠨᠡᠯᠡᠨ ᠲᠣᠭᠲᠠᠭᠠᠵᠤ | ᠰᠢᠯᠭᠠᠨ ᠠᠪᠤᠭᠰᠠᠨ᠂ ᠲᠦᠭᠦᠬᠡᠶ ᠮᠠᠲ᠋ᠧᠷᠢᠶᠠᠯ ᠪᠠ ᠳᠤᠮᠳᠠᠬᠢ ᠮᠠᠲ᠋ᠧᠷᠢᠶᠠᠯ ᠤᠨ ᠭᠡᠷᠡᠴᠢᠯᠡᠯ ᠤᠨ ᠥᠯᠢᠭᠡᠷ ᠠᠪᠤᠭᠰᠠᠨ᠂ | ᠲᠣᠬᠢᠷᠠᠭᠤᠯᠤᠯᠲᠠ ᠬᠢᠵᠦ ᠬᠤᠪᠢᠷᠠᠭᠤᠯᠬᠤ ᠭᠠᠷᠳᠠᠮ ᠢ ᠬᠦᠢᠴᠡᠳᠭᠡᠭᠰᠡᠨ ᠵᠡᠷᠭᠡ ᠪᠠᠶᠢᠳᠠᠯ ᠢ ᠭᠤᠤᠯᠳᠠᠯᠭ᠎ᠠ ᠲᠠᠢ | ᠵᠢᠭᠰᠠᠭᠠᠨ ᠪᠠᠶᠢᠴᠠᠭᠠᠬᠤ ᠬᠡᠷᠡᠭᠲᠡᠶ︔ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠭᠤᠭᠴᠤᠭ᠎ᠠ ᠳᠤ ᠲᠥᠷᠥᠯ | ᠵᠦᠢᠯ ᠤᠨ ᠪᠠᠷᠢᠯᠭ᠎ᠠ ᠳᠠᠭᠤᠰᠤᠭᠰᠠᠨ᠂ ᠰᠢᠯᠭᠠᠨ ᠠᠪᠤᠭᠰᠠᠨ ᠪᠠ ᠵᠢᠷᠤᠭ ᠢ ᠬᠥᠮᠥᠷᠭᠡ ᠳᠤ ᠣᠷᠣᠭᠤᠯᠬᠤ ᠶᠢ ᠴᠠᠭ | ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠱᠠᠭᠠᠷᠳᠠᠯᠭ᠎ᠠ ᠶᠣᠰᠣᠭᠠᠷ ᠪᠡᠶᠡᠯᠡᠭᠦᠯᠦᠭᠰᠡᠨ ᠡᠰᠡᠬᠦ᠂ ᠪᠠᠷᠢᠯᠭ᠎ᠠ ᠶᠢᠨ | ᠲᠤᠭ᠎ᠠ ᠬᠡᠮᠵᠢᠶ᠎ᠡ᠂ ᠣᠷᠣᠨ ᠪᠠᠶᠢᠷᠢ ᠬᠢᠭᠡᠳ ᠵᠢᠷᠤᠭ ᠲᠥᠯᠥᠪᠯᠡᠭᠡ ᠪᠠ ᠪᠠᠷᠢᠯᠭ᠎ᠠ ᠳᠠᠭᠤᠰᠤᠭᠰᠠᠨ ᠵᠢᠷᠤᠭ ᠢ | ᠳᠣᠭᠢᠷᠠᠭᠤᠯᠤᠭᠰᠠᠨ ᠡᠰᠡᠬᠦ᠂ ᠪᠠᠷᠢᠯᠭ᠎ᠠ ᠶᠢᠨ ᠶᠠᠰᠤ ᠴᠢᠨᠠᠷ ᠪᠠᠷᠢᠮᠵᠢᠶ᠎ᠠ ᠳᠤ ᠬᠦᠷᠦᠭᠰᠡᠨ ᠡᠰᠡᠬᠦ᠂ ᠪᠠᠯᠠ ᠮᠥᠩᠭᠦ ᠶᠢ | ᠴᠠᠭ ᠲᠤᠬᠠᠶ ᠳᠤᠨᠢ ᠥᠭᠭᠦᠭᠰᠡᠨ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠬᠡᠷᠡᠭᠲᠡᠶ᠃ | ᠬᠠᠮᠤᠭ ᠤᠨ ᠰᠡᠭᠦᠯ ᠳᠤ᠂ ᠪᠠᠶᠢᠳᠠᠯ ᠢ ᠪᠥᠬᠦ ᠲᠠᠯ᠎ᠠ ᠪᠠᠷ ᠡᠮᠬᠢᠯᠡᠨ ᠪᠠᠶᠢᠴᠠᠭᠠᠵᠤ᠂ ᠪᠡᠶᠡᠯᠡᠭᠦᠯᠦᠭᠰᠡᠨ ᠡᠭᠦᠷᠭᠡ ᠶᠢᠨ | ᠲᠤᠭ᠎ᠠ ᠶᠢ ᠦᠨᠡᠨ ᠪᠣᠳᠠᠲᠠᠶ ᠮᠡᠳᠡᠭᠦᠯᠦᠭᠰᠡᠨ ᠥᠬᠡᠶ᠂ ᠲᠥᠷᠥᠯ ᠵᠦᠢᠯ ᠳᠠᠪᠬᠤᠷᠳᠠᠭᠰᠠᠨ᠂ ᠳᠠᠭᠠᠭᠠᠴᠢᠯᠠᠯᠲᠠ | ᠵᠠᠷᠯᠠᠭᠰᠠᠨ ᠨᠢ ᠵᠢᠷᠤᠮᠵᠢᠯ ᠥᠬᠡᠶ᠂ ᠲᠥᠷᠥᠯ ᠵᠦᠶ᠋ᠯ ᠤᠨ ᠠᠬᠢᠴᠠ ᠤᠳᠠᠭᠠᠨ᠂ ᠪᠠᠯᠠ ᠮᠥᠩᠭᠦ ᠥᠭᠬᠦ ᠨᠢ ᠤᠳᠠᠭᠠᠨ᠂ | ᠶᠠᠰᠤ ᠴᠢᠨᠠᠷ ᠨᠢ ᠪᠠᠷᠢᠮᠵᠢᠶ᠎ᠠ ᠳᠤ ᠬᠥᠷᠬᠦ ᠥᠬᠡᠶ ᠵᠡᠷᠭᠡ ᠠᠰᠠᠭᠤᠳᠠᠯ ᠢ ᠲᠥᠷᠥᠯ ᠬᠤᠪᠢᠶᠠᠨ ᠬᠤᠷᠢᠶᠠᠩᠭᠤᠶᠢᠯᠠᠬᠤ ᠶᠢᠨ | ᠬᠠᠮᠲᠤ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠦᠰᠦᠨᠦᠭᠲᠦ︾ ᠶᠢ ᠲᠠᠭᠯᠠᠨ | ᠪᠢᠴᠢᠬᠦ ᠬᠡᠷᠡᠭᠲᠡᠶ᠃ | 3. ᠰᠤᠳᠤᠯᠤᠨ ᠮᠠᠭᠠᠳᠯᠠᠵᠤ ᠵᠠᠳᠠᠯᠤᠨ ᠰᠢᠨᠵᠢᠯᠡᠬᠦ᠃ ᠰᠤᠳᠤᠯᠤᠨ ᠮᠠᠭᠠᠳᠯᠠᠬᠤ ᠪᠠᠷᠢᠮᠵᠢᠶ᠎ᠠ ᠶᠢ | ᠲᠣᠳᠣᠷᠬᠠᠶᠢᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠡᠷᠢᠭᠦᠨ ᠴᠢᠬᠤᠯᠠ | ᠬᠠᠷᠠᠯᠲᠠ᠂ ᠤᠰᠤᠨ ᠤ ᠬᠡᠮᠵᠢᠶ᠎ᠡ ᠶᠢ ᠦᠵᠡᠵᠦ ᠶᠠᠪᠤᠬᠤ ᠠᠵᠢᠯ ᠤᠨ ᠱᠠᠭᠠᠷᠳᠠᠯᠭ᠎ᠠ᠂ ᠲᠥᠷᠥᠯ ᠵᠦᠢᠯ ᠤᠨ | ᠲᠣᠭᠤᠷᠢᠭ ᠤᠨ ᠲᠠᠷᠢᠶᠠᠴᠢᠳ ᠤᠨ ᠪᠣᠳᠠᠲᠠᠶ ᠬᠡᠷᠡᠭᠴᠡᠭᠡ ᠪᠠ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠪᠠ ᠲᠦᠷᠢᠮ ︵ᠳᠠᠭᠠᠯᠳᠤᠭᠤᠯᠤᠯ 2 ᠢ ᠦᠵᠡ︶ ᠲᠠᠢ ᠬᠠᠷᠢᠴᠠᠭᠤᠯᠤᠨ᠂ ᠪᠥᠲᠥᠭᠡᠨ ᠪᠠᠶᠢᠭᠤᠯᠬᠤ | ᠠᠭᠤᠯᠭ᠎ᠠ ᠨᠢ ᠵᠦᠶ ᠵᠣᠬᠢᠰᠲᠠᠶ ᠡᠰᠡᠬᠦ᠂ ᠠᠵᠢᠯ ᠨᠢ ᠲᠣᠭᠲᠠᠭᠠᠯ ᠳᠤ ᠨᠡᠶᠢᠴᠡᠬᠦ ᠡᠰᠡᠬᠦ᠂ ᠶᠠᠰᠤ ᠴᠢᠨᠠᠷ ᠨᠢ ᠬᠢᠷᠢ | ᠲᠡᠩᠴᠡᠭᠰᠡᠨ ᠡᠰᠡᠬᠦ᠂ ᠠᠬᠢᠴᠠ ᠨᠢ ᠪᠠᠷᠢᠮᠵᠢᠶ᠎ᠠ ᠳᠤ ᠬᠦᠷᠦᠭᠰᠡᠨ ᠡᠰᠡᠬᠦ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠨᠢ ᠪᠣᠳᠠᠲᠠᠶᠢᠵᠢᠭᠰᠠᠨ ᠡᠰᠡᠬᠦ᠂ ᠠᠳᠠᠯᠢ ᠲᠥᠷᠥᠯ ᠤᠨ ᠠᠰᠠᠭᠤᠳᠠᠯ ᠢ ᠪᠠᠶᠢᠴᠠᠭᠠᠨ ᠳᠣᠲᠣᠯᠠᠭᠰᠠᠨ ᠡᠰᠡᠬᠦ᠂ | ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠤᠨ ᠳ᠋ᠤᠭᠠᠷ ᠢ ᠬᠠᠰᠤᠭᠰᠠᠨ ᠡᠰᠡᠬᠦ ᠶᠢ ᠰᠤᠳᠤᠯᠤᠨ ᠮᠠᠭᠠᠳᠯᠠᠨ᠎ᠠ᠃ | ᠭᠦᠨᠵᠡᠭᠡᠶ ᠡᠮᠬᠢᠯᠡᠨ ᠵᠠᠳᠠᠯᠵᠤ᠂ ᠠᠵᠢᠯ ᠤᠨ ᠲᠠᠰ ᠳᠠᠷᠠᠭᠠᠯᠠᠯ ᠠᠴᠠ ᠡᠬᠢᠯᠡᠨ ᠳᠡᠭᠡᠳᠦ ᠳᠣᠤᠷᠠᠳᠤ ᠤᠷᠤᠰᠬᠠᠯ ᠳᠠᠰᠢ | ᠥᠷᠭᠡᠳᠬᠡᠵᠦ᠂ ᠠᠰᠠᠭᠤᠳᠠᠯ ᠤᠨ ᠠᠷᠤ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ | ᠣᠷᠣᠰᠢᠵᠤ ᠪᠠᠶᠢᠬᠤ ᠡᠰᠡᠬᠦ ᠶᠢ ᠲᠣᠳᠣᠷᠬᠠᠶ ᠣᠶᠢᠯᠠᠭᠠᠬᠤ ᠬᠡᠷᠡᠭᠲᠡᠶ᠃ ᠵᠢᠷᠤᠭ ᠲᠥᠯᠥᠪᠯᠡᠭᠡ ᠬᠢᠵᠦ ᠪᠠᠷᠢᠯᠭ᠎ᠠ ᠪᠠᠷᠢᠬᠤ | ᠵᠡᠷᠭᠡ ᠰᠢᠭᠤᠳ ᠰᠢᠯᠲᠠᠭᠠᠨ ᠢ ᠡᠮᠬᠢᠯᠡᠬᠦ ᠮᠥᠷᠲᠡᠭᠡᠨ ᠵᠣᠬᠢᠶᠠᠨ ᠪᠠᠶᠢᠭᠤᠯᠵᠤ ᠬᠢᠨᠠᠯᠲᠠ ᠲᠠᠯᠪᠢᠬᠤ ᠵᠡᠷᠭᠡ | ᠬᠠᠮᠢᠶᠠᠷᠤᠯᠲᠠ ᠶᠢᠨ ᠰᠢᠯᠲᠠᠭᠠᠨ ᠢ ᠴᠤ ᠡᠮᠬᠢᠯᠡᠬᠦ ᠮᠥᠷᠲᠡᠭᠡᠨ ᠡᠩᠨᠡᠭᠡᠨ ᠤ ᠲᠦᠷᠢᠮ ᠵᠡᠷᠭᠡ ᠭᠦᠨ ᠳᠠᠪᠬᠤᠷᠭ᠎ᠠ ᠶᠢᠨ | ᠰᠢᠯᠲᠠᠭᠠᠨ ᠢ ᠴᠤ ᠡᠮᠬᠢᠯᠡᠬᠦ ᠬᠡᠷᠡᠭᠲᠡᠢ᠃ ᠡᠯ᠎ᠡ ᠨᠢᠭᠡᠴᠡ ᠡᠯ᠎ᠡ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠠᠵᠤ | ᠠᠬᠤᠶᠢᠯᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠵᠢᠷᠤᠮᠯᠠᠨ ᠬᠠᠷᠢᠭᠤᠴᠠᠯᠭ᠎ᠠ ᠶᠢ ᠬᠤᠪᠢᠶᠠᠷᠢᠯᠠᠵᠤ᠂ | ᠠᠰᠠᠭᠤᠳᠠᠯ ᠠᠴᠠ ᠪᠣᠯᠤᠭᠰᠠᠨ ᠬᠤᠬᠢᠷᠠᠯ ᠤᠨ ᠶᠡᠭᠡ ᠪᠠᠭ᠎ᠠ ᠶᠢ ᠴᠢᠩᠭ᠎ᠠ ᠵᠢᠷᠤᠮᠯᠠᠨ ᠬᠠᠷᠢᠭᠤᠴᠠᠯᠭ᠎ᠠ ᠶᠢ ᠮᠠᠭᠠᠳᠯᠠᠨ | ᠲᠣᠭᠲᠠᠭᠠᠬᠤ ᠬᠡᠷᠡᠭᠲᠡᠶ᠃ | 4.ᠮᠡᠳᠡᠭᠦᠯᠦᠯᠲᠡ ᠪᠣᠯᠭᠠᠬᠤ᠃ ᠪᠠᠶᠢᠴᠠᠭᠠᠨ ᠰᠢᠢᠳᠪᠦᠷᠢᠯᠡᠬᠦ ᠠᠵᠢᠯ ᠳᠠᠭᠤᠰᠤᠭᠰᠠᠨ ᠤ ᠳᠠᠷᠠᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠤᠨ ᠮᠡᠳᠡᠭᠦᠯᠦᠯᠲᠡ ᠬᠢᠵᠦ᠂ | ᠠᠰᠠᠭᠤᠳᠠᠯ ᠤᠨ ᠨᠠᠷᠢᠨ ᠲᠠᠩᠰᠠ ᠲᠠᠢ ᠬᠠᠮᠲᠤ ᠳᠤᠨᠢ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ | ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠪᠠ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠬᠦ ᠶᠢᠨ ᠬᠠᠮᠲᠤ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ︵ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ︶ ᠳᠤ ᠬᠠᠭᠤᠯᠤᠨ ᠬᠦᠷᠭᠡᠬᠦ ᠬᠡᠷᠡᠭᠲᠡᠶ᠃ | ︵ᠬᠤᠶᠠᠷ︶ ᠲᠥᠷᠥᠯ ᠬᠤᠪᠢᠶᠠᠨ ᠴᠡᠭᠴᠡᠯᠡᠨ ᠰᠠᠶᠢᠵᠢᠷᠠᠭᠤᠯᠬᠤ | 1. ᠪᠡᠶᠡᠯᠡᠭᠦᠯᠦᠭᠰᠡᠨ ᠡᠭᠦᠷᠭᠡ ᠶᠢᠨ ᠲᠤᠭ᠎ᠠ ᠶᠢ ᠳᠡᠭᠡᠭᠰᠢ ᠮᠡᠳᠡᠭᠦᠯᠦᠭᠰᠡᠨ ᠨᠢ ᠦᠨᠡᠨ ᠪᠣᠳᠠᠲᠠᠶ ᠪᠢᠰᠢ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ᠎ᠠ᠃ ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠤᠳᠤᠯᠲᠠ ᠶᠢᠨ | ᠬᠠᠷᠢᠭᠤ ᠲᠤᠰᠬᠠᠬᠤ ᠠᠰᠠᠭᠤᠳᠠᠯ ᠤᠨ ᠳᠤᠮᠳᠠ ᠠᠵᠢᠯ ᠳᠠᠭᠤᠰᠬᠠᠬᠤ ᠪᠠᠷ ᠳᠡᠭᠡᠭᠰᠢ ᠮᠡᠳᠡᠭᠦᠯᠦᠭᠰᠡᠨ ᠪᠣᠯᠪᠠᠴᠤ | ᠪᠣᠳᠠᠲᠠᠶ ᠪᠠᠷ ᠠᠵᠢᠯ ᠳᠠᠭᠤᠰᠬᠠᠭᠠᠳᠤᠶ ᠲᠥᠷᠥᠯ ᠵᠦᠢᠯ᠃ | ᠴᠡᠭᠴᠡᠯᠡᠨ ᠰᠠᠶᠢᠵᠢᠷᠠᠭᠤᠯᠬᠤ ᠦᠨᠳᠦᠰᠦᠯᠡᠯ᠄ ᠲᠥᠷᠥᠯ ᠵᠦᠢᠯ ᠲᠣᠭᠲᠠᠭᠠᠬᠤ ᠦᠶ᠎ᠡ ᠳᠤ ᠲᠣᠳᠣᠷᠬᠠᠶ | ᠲᠣᠭᠲᠠᠭᠠᠭᠰᠠᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠭᠰᠠᠨ | ᠮᠡᠳᠡᠭᠦᠯᠦᠯᠲᠡ ᠭᠠᠷᠭᠠᠬᠤ ᠶᠢᠨ ᠬᠠᠮᠲᠤ ᠵᠢᠷᠤᠭ ᠢ ᠬᠥᠮᠥᠷᠭᠡ ᠳᠤ ᠣᠷᠣᠭᠤᠯᠤᠨ᠎ᠠ᠃ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ | ᠮᠡᠳᠡᠭᠦᠯᠦᠯᠲᠡ ᠶᠢᠨ ᠶᠣᠰᠣᠭᠠᠷ ᠪᠥᠲᠥᠭᠡᠨ ᠪᠠᠶᠢᠭᠤᠯᠬᠤ ᠡᠭᠦᠷᠭᠡ ᠪᠠᠨ ᠲᠦᠷᠭᠡᠬᠡᠨ ᠪᠡᠶᠡᠯᠡᠭᠦᠯᠬᠦ ᠶᠢᠨ ᠬᠠᠮᠲᠤ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠪᠠ ᠵᠢᠷᠤᠭ ᠢ ᠬᠥᠮᠥᠷᠭᠡ ᠳᠤ ᠣᠷᠣᠭᠤᠯᠬᠤ ᠵᠡᠷᠭᠡ ᠠᠵᠢᠯ ᠢ ᠪᠡᠶᠡᠯᠡᠭᠦᠯᠦᠨ᠎ᠡ᠃ | 2. ᠲᠥᠷᠥᠯ ᠵᠦᠢᠯ ᠳᠠᠪᠬᠤᠷᠳᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ᠎ᠠ᠃ ᠭᠤᠣᠯᠳᠠᠭᠤ | 2019 ᠣᠨ ᠠᠴᠠ ᠬᠤᠶᠢᠰᠢᠬᠢ ᠰᠢᠨ᠎ᠡ ᠪᠠᠷ ᠪᠠᠶᠢᠭᠤᠯᠬᠤ ᠲᠦᠷᠦᠯ ᠵᠦᠢᠯ ᠪᠣᠯᠤᠨ 2011 ᠣᠨ ᠵᠢᠴᠢ | ᠲᠡᠭᠦᠨ ᠠᠴᠠ ᠬᠤᠶᠢᠰᠢᠬᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠦᠷᠦᠯ ᠵᠦᠢᠯ ᠲᠣᠭᠲᠠᠭᠠᠵᠤ ᠪᠦᠳᠦᠬᠡᠨ | ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠳᠠᠪᠬᠤᠷᠳᠠᠭᠰᠠᠨ ᠪᠤᠶᠤ ᠰᠢᠨ᠎ᠡ ᠪᠠᠷ ᠪᠠᠶᠢᠭᠤᠯᠬᠤ ᠲᠦᠷᠦᠯ | ᠵᠦᠢᠯ ᠤᠨ ᠪᠦᠳᠦᠬᠡᠨ ᠪᠠᠶᠢᠭᠤᠯᠤᠯᠲᠠ ᠶᠢᠨ ᠲᠠᠯᠠᠪᠠᠢ ᠳᠤ ᠲᠠᠷᠢᠶᠠᠨ ᠭᠠᠵᠠᠷ ᠪᠤᠰᠤ ᠵᠡᠷᠭᠡ ᠪᠠᠶᠢᠳᠠᠯ ᠣᠷᠣᠰᠢᠵᠤ ᠪᠤᠢ᠃ | | ᠴᠡᠭᠴᠡᠯᠡᠨ ᠰᠠᠶᠢᠵᠢᠷᠠᠭᠤᠯᠬᠤ ᠦᠨᠳᠦᠰᠦᠯᠡᠯ᠄ ᠲᠥᠷᠥᠯ ᠵᠦᠢᠯ ᠤᠨ ᠣᠷᠣᠨ ᠬᠢᠭᠡᠳ ︽ᠪᠥᠬᠦ ᠣᠷᠣᠨ ᠤ | 2011 — 2018 ᠣᠨ ᠳᠤ ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠠᠭᠤᠷᠢ ᠵᠢᠷᠤᠭ | ︾ ᠢ ᠳᠠᠪᠬᠤᠷᠳᠠᠭᠤᠯᠬᠤ ᠥᠬᠡᠶ᠂ ᠲᠥᠷᠥᠯ ᠵᠦᠢᠯ ᠤᠨ ᠣᠷᠣᠨ ᠤ ᠬᠡᠪᠴᠢᠶᠡᠨ ᠳᠠᠬᠢ ᠭᠤᠷᠪᠠ ᠶᠢ ᠳᠣᠭᠢᠷᠠᠭᠤᠯᠬᠤ | ᠲᠠᠷᠢᠶᠠᠨ ᠭᠠᠵᠠᠷ ᠤᠨ ᠵᠢᠷᠤᠭ ᠤᠨ ᠲᠠᠯᠠᠪᠠᠶ ᠶᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ | ᠲᠠᠯᠠᠪᠠᠶ ᠠᠴᠠ ᠪᠠᠭ᠎ᠠ ᠪᠠᠶᠢᠯᠭᠠᠵᠤ ᠪᠣᠯᠬᠤ ᠥᠬᠡᠶ᠃ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ | ︵1︶ 2019 ᠣᠨ ᠠᠴᠠ ᠰᠡᠭᠦᠯᠡᠷ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠳᠠᠪᠬᠤᠷᠳᠠᠭᠤᠯᠤᠨ | ᠪᠥᠲᠥᠭᠡᠨ ᠪᠠᠶᠢᠭᠤᠯᠤᠨ᠎ᠠ᠄ ᠱᠠᠭᠠᠷᠳᠠᠯᠭ᠎ᠠ ᠳᠤ ᠨᠡᠶᠢᠴᠡᠬᠦ ᠬᠡᠰᠡᠭ ᠭᠠᠵᠠᠷ ᠢ ᠰᠢᠨ᠎ᠡ ᠪᠠᠷ ᠰᠣᠩᠭᠤᠵᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ ᠪᠥᠲᠥᠭᠡᠨ ᠪᠠᠶᠢᠭᠤᠯᠬᠤ ᠡᠭᠦᠷᠭᠡ ᠪᠠᠨ ᠪᠡᠶᠡᠯᠡᠭᠦᠯᠦᠨ᠎ᠡ︔ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠦᠭᠡᠳᠦᠶ ᠪᠣᠯ ᠡᠬᠢᠯᠡᠭᠦᠯᠬᠦ ᠲᠥᠷᠥᠯ | ᠵᠦᠢᠯ ᠪᠠ ᠪᠠᠯᠠ ᠮᠥᠩᠭᠦ ᠶᠢ ᠡᠭᠡᠭᠦᠯᠦᠨ ᠬᠤᠷᠢᠶᠠᠬᠤ ᠲᠠᠰ ᠳᠠᠷᠠᠭᠠᠯᠠᠯ ᠳᠤ ᠬᠠᠮᠢᠶ᠎ᠠ ᠪᠥᠬᠦᠶ ᠬᠥᠮᠦᠰ ᠤᠨ | ᠬᠠᠷᠢᠭᠤᠴᠠᠯᠭ᠎ᠠ ᠶᠢ ᠨᠡᠬᠡᠮᠵᠢᠯᠡᠨ᠎ᠡ᠃ | ︵2︶ 2019 ᠣᠨ ᠠᠴᠠ ᠰᠡᠭᠦᠯᠡᠷ ᠰᠢᠨ᠎ᠡ ᠪᠠᠷ ᠪᠠᠶᠢᠭᠤᠯᠬᠤ ᠵᠦᠢᠯᠡᠰ ᠤᠨ ᠪᠥᠲᠥᠭᠡᠨ | ᠪᠠᠶᠢᠭᠤᠯᠤᠯᠲᠠ ᠶᠢᠨ ᠲᠠᠯᠠᠪᠠᠶ ᠳᠤ ᠲᠠᠷᠢᠶᠠᠨ ᠭᠠᠵᠠᠷ ᠤᠨ ᠪᠤᠰᠤ ᠵᠦᠢᠯ ᠣᠷᠣᠰᠢᠵᠤ ᠪᠠᠶᠢᠨ᠎ᠠ᠄ ᠰᠢᠨ᠎ᠡ ᠪᠠᠷ | ᠪᠠᠶᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠣᠷᠣᠨ ᠪᠦᠰᠡ | ᠬᠢᠭᠡᠳ ᠭᠤᠷᠪᠠ ᠶᠢ ᠳᠣᠭᠢᠷᠠᠭᠤᠯᠬᠤ ᠭᠠᠵᠠᠷ ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠳᠠᠬᠢ ᠲᠠᠷᠢᠶᠠᠨ | ᠭᠠᠵᠠᠷ ᠤᠨ ᠲᠥᠷᠥᠯ ᠵᠦᠢᠯ ᠤᠨ ᠵᠢᠷᠤᠭ ᠤᠨ ᠲᠣᠯᠪᠤ᠂ ᠥᠨᠳᠥᠷ ᠢᠯᠭᠠᠮᠵᠢᠲᠤ ᠠᠯᠤᠰ ᠰᠡᠷᠡᠯ ᠤᠨ ᠵᠢᠷᠤᠭ | ᠳᠦᠷᠰᠦ ᠶᠢ ᠳᠠᠪᠬᠤᠴᠠᠭᠤᠯᠤᠨ ᠵᠠᠳᠠᠯᠵᠤ᠂ ᠲᠥᠷᠥᠯ ᠵᠦᠢᠯ ᠳᠠᠷᠠᠭᠠᠯᠠᠨ ᠲᠥᠷᠥᠯ ᠵᠦᠢᠯ ᠤᠨ ᠣᠷᠣᠨ ᠤ ᠳᠣᠲᠣᠷᠠᠬᠢ | ᠲᠠᠷᠢᠶᠠᠨ ᠭᠠᠵᠠᠷ ᠤᠨ ᠪᠤᠰᠤ ᠲᠠᠯᠠᠪᠠᠶ ᠶᠢ ᠬᠠᠷᠭᠤᠭᠤᠯᠤᠨ ᠪᠠᠶᠢᠴᠠᠭᠠᠵᠤ᠂ ᠲᠠᠷᠢᠶᠠᠨ ᠭᠠᠵᠠᠷ ᠤᠨ ᠲᠥᠷᠥᠯ ᠵᠦᠢᠯ ᠨᠢ | ᠲᠠᠷᠢᠶᠠᠨ ᠭᠠᠵᠠᠷ ᠤᠨ ᠪᠤᠰᠤ ᠭᠠᠵᠠᠷ ᠲᠤ ᠬᠠᠷᠢᠶᠠᠯᠠᠭᠳᠠᠬᠤ ᠶᠢ ᠨᠢ ᠪᠥᠲᠥᠭᠡᠨ ᠪᠠᠶᠢᠭᠤᠯᠤᠯᠲᠠ ᠶᠢᠨ ᠲᠠᠯᠠᠪᠠᠶ ᠠᠴᠠ | ᠬᠠᠰᠤᠵᠤ᠂ ᠬᠠᠰᠤᠵᠤ ᠭᠠᠷᠭᠠᠭᠰᠠᠨ ᠤ ᠳᠠᠷᠠᠭ᠎ᠠ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢᠨ ᠬᠡᠮᠵᠢᠶ᠎ᠡ ᠳᠤ ᠬᠦᠷᠴᠦ | ᠳᠡᠶᠢᠯᠬᠦ ᠥᠬᠡᠶ ᠪᠠᠶᠢᠪᠠᠯ᠂ ᠬᠦᠷᠦᠯᠴᠡᠬᠦ ᠥᠬᠡᠶ ᠬᠡᠰᠡᠭ ᠢ ᠨᠢ ᠳᠠᠬᠢᠨ ᠰᠢᠨ᠎ᠡ ᠪᠠᠷ ᠰᠣᠩᠭᠤᠨ ᠨᠥᠬᠦᠵᠦ ᠪᠠᠶᠢᠭᠤᠯᠤᠨ᠎ᠠ | ᠃ | 3. ᠳᠠᠭᠠᠭᠠᠴᠢᠯᠠᠯᠲᠠ ᠵᠠᠷᠯᠠᠬᠤ ᠨᠢ ᠵᠢᠷᠤᠮᠵᠢᠭᠤᠨ ᠪᠤᠰᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠨ᠎ᠠ᠃ | ᠭᠤᠣᠯᠳᠠᠭᠤ ᠱᠠᠭᠠᠷᠳᠠᠯᠭ᠎ᠠ ᠶᠣᠰᠣᠭᠠᠷ ᠢᠯᠡ ᠪᠠᠷ ᠳᠠᠭᠠᠭᠠᠴᠢᠯᠠᠯᠲᠠ ᠵᠠᠷᠯᠠᠬᠤ ᠪᠤᠶᠤ ᠪᠤᠰᠤᠳ ᠵᠠᠰᠠᠭ ᠤᠨ ᠣᠷᠳᠣᠨ | ᠬᠤᠳᠠᠯᠳᠤᠨ ᠠᠪᠬᠤ ᠭᠠᠷᠳᠠᠮ ᠢ ᠭᠦᠢᠴᠡᠳᠬᠡᠭᠰᠡᠨ ᠥᠭᠡᠢ᠂ ᠳᠠᠭᠠᠭᠠᠴᠢᠯᠠᠯᠲᠠ ᠵᠠᠷᠯᠠᠬᠤ ᠠᠭᠤᠯᠭ᠎ᠠ ᠨᠢ ᠤᠤᠯ ᠤᠨ | ᠵᠢᠷᠤᠭᠯᠠᠨ ᠲᠥᠯᠥᠪᠯᠡᠭᠰᠡᠨ ᠪᠥᠳᠥᠭᠡᠨ ᠪᠠᠶᠢᠭᠤᠯᠬᠤ ᠠᠭᠤᠯᠭ᠎ᠠ ᠵᠢᠴᠢ ᠪᠡᠯᠡ ᠣᠷᠣᠭᠤᠯᠤᠯᠲᠠ ᠲᠠᠢ ᠨᠡᠶᠢᠴᠡᠬᠦ ᠥᠭᠡᠢ᠂ | ᠳᠠᠭᠠᠭᠠᠴᠢᠯᠠᠯᠲᠠ ᠶᠢᠨ ᠬᠡᠰᠡᠭ ᠤᠨ ᠬᠤᠪᠢᠶᠠᠷᠢᠯᠠᠯ ᠪᠠ ᠳᠠᠭᠠᠭᠠᠴᠢᠯᠠᠯᠲᠠ ᠣᠯᠤᠭᠰᠠᠨ ᠤ ᠲᠥᠪᠯᠡᠷᠡᠯ ᠤᠨ ᠬᠡᠮᠵᠢᠶ᠎ᠡ ᠨᠢ | ᠢᠯᠡᠷᠬᠡᠶ ᠵᠤᠬᠢᠰ ᠥᠭᠡᠢ ᠪᠠᠶᠢᠵᠤ᠂ ᠳᠠᠭᠠᠭᠠᠴᠢᠯᠠᠯᠲᠠ ᠵᠠᠷᠯᠠᠬᠤ ᠠᠴᠠ ᠵᠠᠶᠢᠯᠠᠬᠤ᠂ ᠳᠠᠭᠠᠭᠠᠴᠢᠯᠠᠯᠲᠠ ᠬᠦᠷᠢᠶᠡᠯᠡᠬᠦ᠂ | ᠳᠠᠭᠠᠭᠠᠴᠢᠯᠠᠯᠲᠠ ᠰᠦᠯᠪᠡᠭᠡᠯᠡᠬᠦ᠂ ᠲᠦᠰᠢᠭᠯᠡᠭᠰᠡᠨ ᠵᠡᠷᠭᠡ ᠪᠠᠶᠢᠳᠠᠯ ᠣᠷᠣᠰᠢᠵᠤ ᠪᠠᠶᠢᠨ᠎ᠠ᠃ | ᠴᠡᠭᠴᠡᠯᠡᠨ ᠥᠭᠡᠷᠡᠴᠢᠯᠡᠬᠦ ᠦᠨᠳᠦᠰᠦ ᠪᠠᠷᠢᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠣᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠵᠡᠷᠭᠡ ᠬᠠᠤᠯᠢ ᠴᠠᠭᠠᠵᠠ ᠵᠢᠴᠢ | ᠲᠡᠭᠦᠨ ᠢ ᠬᠡᠷᠡᠭᠵᠢᠭᠦᠯᠬᠦ ᠳᠦᠷᠢᠮ᠃ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ᠄ | ︵1︶ ᠳᠠᠭᠠᠭᠠᠴᠢᠯᠠᠯᠲᠠ ᠵᠠᠷᠯᠠᠬᠤ ᠶᠠᠪᠤᠴᠠ ᠨᠢ ᠵᠢᠷᠤᠮᠵᠢᠯ ᠦᠭᠡᠢ᠄ ᠬᠤᠳᠠ ᠶᠢᠨ ᠠᠷᠠᠳ ᠤᠨ ᠵᠠᠰᠠᠭ ᠤᠨ | ᠣᠷᠳᠣᠨ ᠠᠴᠠ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠵᠣᠬᠢᠴᠠᠭᠤᠯᠵᠤ᠂ | ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠤ ᠪᠠᠶᠢᠳᠠᠯ ᠢ ᠬᠢᠨᠠᠨ ᠬᠠᠷᠭᠤᠭᠤᠯᠵᠤ᠂ ᠤᠴᠢᠷ | ᠰᠢᠯᠲᠠᠭᠠᠨ ᠢ ᠨᠢ ᠪᠠᠶᠢᠴᠠᠭᠠᠨ ᠲᠣᠳᠣᠷᠬᠠᠶᠢᠯᠠᠭᠤᠯᠬᠤ ᠪᠠᠷ ᠳᠠᠭᠠᠭᠠᠯᠭᠠᠨ᠎ᠠ᠂ ᠬᠡᠷᠪᠡ ᠬᠠᠤᠯᠢ ᠲᠣᠭᠲᠠᠭᠠᠯ ᠢ ᠵᠥᠷᠢᠴᠡᠵᠦ | ᠢᠲᠡᠭᠡᠯ ᠠᠯᠳᠠᠭᠰᠠᠨ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠲᠡᠮᠳᠡᠭᠯᠡᠬᠦ ᠶᠢᠨ | ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ᠂ ᠬᠠᠤᠯᠢ ᠴᠠᠭᠠᠵᠠ ᠬᠠᠤᠯᠢ | ᠲᠣᠭᠲᠠᠭᠠᠯ ᠤᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵2︶ ᠳᠠᠭᠠᠭᠠᠴᠢᠯᠠᠯᠲᠠ ᠬᠦᠯᠢᠶᠡᠬᠦ ᠪᠤᠶᠤ ᠭᠡᠷ᠎ᠡ ᠪᠠᠨ ᠬᠦᠢᠴᠡᠳᠭᠡᠭᠦ ᠶᠠᠪᠤᠴᠠ ᠳᠤ ᠲᠦᠰᠢᠭ | ᠲᠤᠯᠭᠠᠭᠤᠷᠢ ᠲᠠᠢ ᠪᠠᠶᠢᠬᠤ ᠬᠡᠷᠡᠭᠲᠡᠶ᠄ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠳᠤ ᠬᠢᠷᠢ | ᠬᠡᠮ ᠲᠠᠢ ᠪᠠᠶᠢᠬᠤ ᠡᠰᠡᠬᠦ ᠪᠤᠶᠤ ᠠᠵᠢᠯᠲᠠᠨ ᠤ ᠲᠦᠰᠢᠭ ᠲᠤᠯᠭᠠᠭᠤᠷᠢ ᠲᠠᠢ ᠪᠠᠶᠢᠬᠤ ᠦᠢᠯᠡ ᠠᠵᠢᠯᠯᠠᠭ᠎ᠠ ᠶᠢ | ᠬᠠᠷᠭᠤᠭᠤᠯᠤᠨ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ | ᠮᠡᠳᠡᠭᠡ ᠵᠠᠩᠭᠢ ᠶᠢ ᠲᠡᠮᠳᠡᠭᠯᠡᠵᠦ᠂ ᠲᠠᠰ ᠳᠠᠷᠠᠭᠠᠯᠠᠯ ᠶᠣᠰᠣᠭᠠᠷ ᠢᠲᠡᠭᠡᠮᠵᠢ ᠶᠢᠨ ᠦᠨᠡᠯᠡᠯᠲᠡ ᠶᠢᠨ ᠬᠠᠮᠢᠶᠠᠷᠤᠯᠲᠠ ᠶᠢᠨ | ᠰᠢᠰᠲ᠋ᠧᠮᠵᠢ ᠳᠤ ᠣᠷᠣᠭᠤᠯᠤᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠵᠠᠰᠠᠭ ᠤᠨ ᠣᠷᠳᠣᠨ ᠢᠶᠠᠷ | ᠭᠤᠤᠯᠯᠠᠭᠤᠯᠤᠭᠰᠠᠨ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ ᠡᠯ᠎ᠡ ᠰᠠᠯᠠᠭ᠎ᠠ ᠮᠥᠴᠢᠷ ᠤᠨ ᠪᠣᠳᠠᠲᠠᠶ | ᠬᠠᠷᠢᠭᠤᠴᠠᠯᠭ᠎ᠠ ᠶᠢ ᠨᠠᠷᠢᠯᠢᠬᠵᠢᠭᠤᠯᠤᠨ ᠲᠣᠳᠣᠷᠬᠠᠶᠢᠯᠠᠵᠤ᠂ ᠬᠠᠮᠲᠤᠷᠠᠭᠰᠠᠨ ᠬᠤᠷᠠᠯ ᠵᠡᠷᠭᠡ ᠲᠣᠭᠲᠠᠴᠠ ᠶᠢ | ᠪᠠᠶᠢᠭᠤᠯᠤᠨ᠂ ᠲᠣᠪᠤᠶᠢᠮ᠎ᠠ ᠠᠰᠠᠭᠤᠳᠠᠯ ᠢ ᠬᠠᠮᠲᠤᠪᠠᠷ ᠰᠤᠳᠤᠯᠤᠨ ᠰᠢᠢᠳᠪᠦᠷᠢᠯᠡᠵᠦ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠪᠠ ᠲᠥᠷᠥᠯ ᠵᠦᠢᠯ ᠤᠨ ᠠᠰᠠᠭᠤᠳᠠᠯ ᠢ | ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠬᠠᠮᠵᠢᠯᠴᠠᠨ ᠠᠬᠢᠭᠤᠯᠵᠤ᠂ ᠳᠡᠭᠡᠳᠦ ᠳᠣᠤᠷᠠᠳᠤ | ᠱᠠᠲᠤᠨ ᠤ ︽ᠨᠢᠭᠡ ᠬᠥᠯᠭᠡ ᠰᠢᠲᠠᠷ᠎ᠠ︾ ᠶᠢᠨ ᠠᠵᠢᠯ ᠤᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠶ᠃ ᠬᠤᠲᠠ ᠶᠢᠨ | ᠱᠠᠲᠤᠨ ᠤ ᠠᠵᠢᠯ ᠤᠨ ᠲᠤᠰᠬᠠᠶ ᠠᠩᠭᠢ ᠳᠤ ᠬᠤᠲᠠ ᠶᠢᠨ ᠱᠠᠲᠤᠨ ᠤ ᠤᠳᠤᠷᠢᠳᠤᠯᠭ᠎ᠠ ᠠᠴᠠ ᠳᠤᠭᠤᠶᠢᠯᠠᠩ ᠤᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠲᠤᠰᠬᠠᠶ ᠠᠩᠭᠢ ᠳᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ | ᠬᠢᠨᠠᠯᠲᠠ ᠲᠠᠯᠪᠢᠵᠤ ᠪᠠᠶᠢᠴᠠᠭᠠᠬᠤ᠂ ᠮᠥᠷᠳᠡᠨ ᠦᠷ᠎ᠡ ᠪᠦᠲᠦᠮᠵᠢ ᠶᠢ ᠨᠢ ᠠᠰᠠᠭᠤᠬᠤ ᠵᠡᠷᠭᠡ ᠠᠵᠢᠯ ᠢ ᠦᠨᠡᠨᠬᠦ | ᠰᠠᠶᠢᠲᠤᠷ ᠬᠢᠬᠦ ᠬᠡᠷᠡᠭᠲᠡᠶ᠃ | ︵ᠬᠤᠶᠠᠷ︶ ᠬᠢᠨᠠᠯᠲᠠ ᠲᠠᠯᠪᠢᠵᠤ ᠬᠢᠨᠠᠨ ᠪᠤᠳᠤᠬᠤ ᠶᠢ ᠴᠢᠩᠭᠠᠷᠠᠭᠤᠯᠤᠨ᠎ᠠ᠃ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠠᠢ ᠢᠳᠡᠪᠬᠢᠲᠡᠶ ᠵᠣᠯᠭᠠᠭᠤᠯᠵᠤ᠂ ᠬᠢᠨᠠᠨ ᠪᠤᠳᠤᠵᠤ ᠴᠡᠭᠴᠡᠯᠡᠨ | ᠰᠠᠶᠢᠵᠢᠷᠠᠭᠤᠯᠬᠤ ᠪᠠ ᠲᠥᠷᠥᠯ ᠵᠦᠶ᠋ᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠤᠨ ᠱᠠᠲᠤ ᠦᠶ᠎ᠡ ᠳᠤ ᠤᠷᠢᠳᠴᠢᠯᠠᠨ ᠣᠷᠣᠯᠴᠠᠵᠤ᠂ ᠤᠯᠤᠰ ᠲᠥᠷᠥ ᠶᠢᠨ ᠬᠢᠨᠠᠯᠲᠠ ᠲᠠᠯᠪᠢᠬᠤ | ᠦᠢᠯᠡᠳᠦᠯ ᠢ ᠬᠦᠢᠴᠡᠳ ᠪᠠᠳᠠᠷᠠᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠳᠤᠮᠳᠠ ᠠᠵᠢᠯ ᠬᠢᠬᠦ ᠥᠬᠡᠶ᠂ ᠳᠤᠷ᠎ᠠ ᠪᠠᠷ ᠢᠶᠠᠨ ᠬᠢᠬᠦ ᠵᠢᠴᠢ ᠴᠡᠭᠴᠡᠯᠡᠨ | ᠰᠠᠶᠢᠵᠢᠷᠠᠭᠤᠯᠬᠤ ᠶᠢ ᠥᠯᠥ ᠬᠠᠶᠢᠬᠤᠷᠤᠭᠰᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠨᠢᠭᠡᠴᠡ | ᠪᠠ ᠬᠤᠪᠢ ᠬᠥᠮᠦᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠵᠦ᠂ ᠡᠯ᠎ᠡ ᠵᠦᠢᠯ ᠤᠨ | ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠬᠦᠴᠦᠨ ᠥᠬᠡᠶ ᠪᠣᠯᠭᠠᠬᠤ ᠶᠢ ᠦᠨᠡᠨᠬᠦ | ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠠᠴᠠ 2019 — 2021 ᠣᠨ ᠤ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠵᠦᠢᠯ ᠤᠨ ᠬᠢᠨᠠᠨ ᠪᠤᠳᠤᠯᠲᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠦᠨ᠂ ᠬᠠᠮᠵᠢᠯᠴᠠᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠬᠢᠳᠤᠭᠠᠨ ᠢᠷ ᠢ ᠳᠣᠲᠣᠭᠰᠢ ᠪᠠᠨ | ᠬᠠᠨᠳᠤᠭᠤᠯᠬᠤ ᠶᠢ ᠪᠠᠷᠢᠮᠲᠠᠯᠠᠵᠤ᠂ ᠲᠤᠰᠬᠠᠶ ᠵᠦᠶ᠋ᠯ ᠤᠨ ᠬᠢᠨᠠᠨ ᠪᠤᠳᠤᠯᠲᠠ ᠶᠢᠨ ᠠᠵᠢᠯ ᠢ ᠵᠡᠷᠭᠡᠪᠡᠷ ᠥᠷᠨᠢᠭᠦᠯᠬᠦ | ᠬᠡᠷᠡᠭᠲᠡᠶ᠃ | ︵ᠭᠤᠷᠪᠠ︶ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠪᠡᠯᠡ ᠮᠥᠩᠭᠦ ᠶᠢᠨ | ᠬᠡᠷᠡᠭᠯᠡᠯᠲᠡ ᠪᠠ ᠵᠦᠢᠯᠡᠰ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠎ᠠ᠃ ᠡᠳ᠋ ᠤᠨ ᠵᠠᠰᠠᠭ ᠤᠨ | ᠰᠠᠯᠠᠭ᠎ᠠ ᠮᠥᠴᠢᠷ ᠤᠳ ᠰᠢᠭᠤᠳ ᠬᠥᠷᠬᠦ ᠪᠠᠯᠠ ᠮᠥᠩᠭᠦ ᠶᠢ ᠬᠢᠨᠠᠨ ᠡᠵᠡᠮᠳᠡᠬᠦ ᠰᠢᠰᠲ᠋ᠧᠮ ᠳᠤ ᠲᠦᠰᠢᠭᠯᠡᠨ᠂ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠶᠢᠨ ᠪᠠᠯᠠ ᠮᠥᠩᠭᠦ ᠶᠢᠨ ᠲᠥᠰᠦᠪ ᠪᠠᠭᠤᠯᠭᠠᠭᠰᠠᠨ ᠪᠠ | ᠪᠠᠯᠠ ᠮᠥᠩᠭᠦ ᠥᠭᠭᠦᠭᠰᠡᠨ ᠪᠠᠶᠢᠳᠠᠯ ᠢ ᠮᠥᠷᠳᠡᠵᠦ᠂ ᠲᠥᠷᠥᠯ ᠵᠦᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ | ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠪᠠ ᠰᠢᠢᠳᠪᠦᠷᠢᠯᠡᠬᠦ ᠬᠡᠷᠡᠭᠲᠡᠶ᠃ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢᠨ | ᠦᠶ᠋ᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠳ᠋ ᠤᠨ ᠵᠠᠰᠠᠭ᠂ ᠬᠢᠨᠠᠨ ᠪᠤᠳᠤᠬᠤ ᠵᠡᠷᠭᠡ ᠰᠠᠯᠠᠭ᠎ᠠ | ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ | ᠬᠦᠴᠦᠨ ᠢ ᠪᠣᠶ ᠪᠣᠯᠭᠠᠬᠤ ᠬᠡᠷᠡᠭᠲᠡᠶ᠃ | ︵ᠳᠥᠷᠪᠡ︶ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ | ᠂ ᠪᠦᠬᠦ ᠤᠯᠤᠰ ᠤᠨ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠬᠢᠨᠠᠨ ᠬᠡᠮᠵᠢᠬᠦ ᠬᠢᠨᠠᠨ ᠬᠠᠮᠢᠶᠠᠷᠬᠤ | ᠲᠠᠪᠴᠠᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠠᠭᠤᠷᠢ ᠵᠢᠷᠤᠭ᠂ ᠲᠦᠷᠦᠯ ᠵᠦᠢᠯ ᠤᠨ ᠬᠢᠨᠠᠨ | ᠬᠠᠮᠢᠶᠠᠷᠬᠤ ᠲᠠᠪᠴᠠᠩ ᠵᠡᠷᠭᠡ ᠶᠢ ᠭᠦᠢᠴᠡᠳ ᠠᠰᠢᠭᠯᠠᠨ ᠮᠡᠳᠡᠭᠡ ᠵᠠᠩᠭᠢᠴᠢᠯᠠᠯᠳᠠ ᠶᠢᠨ ᠬᠠᠮᠢᠶᠠᠷᠤᠯᠲᠠ ᠶᠢ | ᠥᠷᠨᠢᠭᠦᠯᠵᠦ᠂ ᠲᠤᠮᠤ ᠳ᠋ᠠᠶᠢᠲ᠋ᠠ ᠶᠢᠨ ᠬᠠᠷᠢᠴᠠᠭᠤᠯᠤᠯ᠂ ᠠᠯᠤᠰ ᠰᠡᠷᠡᠯ ᠤᠨ ᠬᠡᠮᠵᠢᠨ ᠵᠢᠷᠤᠭᠯᠠᠯᠲᠠ ᠵᠡᠷᠭᠡ ᠠᠷᠭ᠎ᠠ | ᠪᠠᠷᠢᠯ ᠢᠶᠠᠷ ᠳᠠᠮᠵᠢᠭᠤᠯᠤᠨ ᠤᠨᠢᠨ ᠳᠡᠭᠡᠷ᠎ᠡ ᠨᠢ ᠬᠢᠨᠠᠯᠲᠠ ᠲᠠᠯᠪᠢᠬᠤ ᠶᠢ ᠪᠡᠶᠡᠯᠡᠭᠦᠯᠬᠦ ᠬᠡᠷᠡᠭᠲᠡᠢ᠃ ᠪᠥᠲᠥᠭᠡᠨ | ᠪᠠᠶᠢᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠤᠨ ᠢᠲᠡᠭᠡᠮᠵᠢ ᠶᠢᠨ ᠦᠨᠡᠯᠡᠯᠲᠡ ᠶᠢᠨ ᠲᠦᠷᠢᠮ ᠢ | ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠡ ᠶᠢᠨ | ᠭᠡᠷ᠎ᠡ ᠪᠠᠨ ᠬᠦᠢᠴᠡᠳᠭᠡᠭᠰᠡᠨ ᠪᠠᠶᠢᠳᠠᠯ ᠢ ᠮᠡᠳᠡᠭᠡᠯᠡᠬᠦ᠂ ᠪᠣᠯᠵᠣᠨ ᠶᠠᠷᠢᠯᠴᠠᠬᠤ ᠪᠠ ᠬᠠᠷ᠎ᠠ ᠲᠠᠩᠰᠠ ᠶᠢᠨ ᠲᠦᠷᠢᠮ ᠢ | ᠬᠡᠷᠡᠭᠵᠢᠭᠦᠯᠵᠦ᠂ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠠᠵᠤ ᠠᠬᠤᠶᠢᠯᠠᠯ ᠤᠨ ᠠᠵᠢᠯᠯᠠᠭ᠎ᠠ ᠶᠢ | ᠵᠢᠷᠤᠮᠵᠢᠭᠤᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠣᠭᠲᠠᠮᠠᠯ | ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯ ᠤᠨ ᠲᠣᠭᠲᠠᠴᠠ ᠶᠢ ᠪᠠᠶᠢᠭᠤᠯᠵᠤ᠂ ᠬᠢᠨᠠᠨ ᠪᠤᠳᠤᠵᠤ | ᠴᠡᠭᠴᠡᠯᠡᠨ ᠰᠠᠶᠢᠵᠢᠷᠠᠭᠤᠯᠬᠤ ᠪᠠ ᠲᠥᠷᠥᠯ ᠵᠦᠢᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠤᠨ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠤᠨ ᠰᠢᠨᠵᠢᠯᠡᠵᠦ᠂ | ᠲᠥᠷᠥᠯ ᠵᠦᠶ᠋ᠯ ᠤᠨ ᠬᠢᠨᠠᠯᠲᠠ ᠬᠠᠮᠢᠶᠠᠷᠤᠯᠲᠠ ᠶᠢᠨ ᠪᠠᠭᠤᠷᠠᠶ ᠲᠠᠯ᠎ᠠ ᠶᠢ ᠡᠷᠢᠵᠦ᠂ ᠲᠠᠷᠢᠶᠠᠨ ᠭᠠᠵᠠᠷ ᠤᠨ ᠪᠥᠲᠥᠭᠡᠨ | ᠪᠠᠶᠢᠭᠤᠯᠤᠯᠲᠠ ᠶᠢᠨ ᠢᠵᠢ ᠪᠥᠷᠢᠳᠦᠭᠦᠯᠬᠦ ᠲᠦᠷᠢᠮ ᠢ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠲᠦᠷᠢᠮ ᠤᠨ | ᠠᠯᠳᠠᠰᠢ ᠭᠠᠷᠬᠤ ᠶᠢ ᠬᠤᠷᠢᠭᠯᠠᠬᠤ ᠬᠡᠷᠡᠭᠲᠡᠶ᠃ | ︵ᠲᠠᠪᠤ︶ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠎ᠠ᠃ ᠠᠰᠠᠭᠤᠳᠠᠯ ᠢ ᠦᠨᠡᠨ ᠬᠦ ᠵᠢᠭᠰᠠᠭᠠᠨ | ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ | ᠴᠢᠩᠭ᠎ᠠ ᠴᠡᠭᠡᠷᠯᠡᠵᠦ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ | ᠵᠥᠪ ᠲᠠᠯ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ | ᠴᠢᠩᠭᠠᠳᠬᠠᠨ᠂ ᠡᠯ᠎ᠡ ᠵᠦᠢᠯ ᠤᠨ ᠠᠵᠢᠯ ᠢ ᠭᠦᠨᠵᠡᠭᠡᠶ ᠥᠷᠨᠢᠭᠦᠯᠬᠦ ᠳᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠬᠤ ᠬᠡᠷᠡᠭᠲᠡᠶ᠃ | | | | ᠤᠷᠴᠢᠭᠤᠯᠤᠬᠴᠢ᠄ ᠼᠦᠢ ᠶᠢᠩ |