| ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠵᠢᠴᠢ ᠬᠤᠲᠠ ᠶᠢᠨ | ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ | ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ᠪᠥᠬᠦ ᠬᠤᠲᠠ ᠶᠢᠨ ᠲᠠᠷᠢᠶᠠᠴᠢᠳ ᠤᠨ ᠡᠪᠦᠯ ᠤᠨ ᠤᠯᠠᠷᠢᠯ ᠤᠨ | ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠠᠷᠠᠳ ᠣᠯᠠᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠶᠢ ᠪᠠᠲᠤᠯᠠᠬᠤ | ᠬᠡᠷᠡᠭᠲᠡᠶ᠃ ︽ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ | ᠪᠠᠲᠤᠯᠠᠭ᠎ᠠ ᠶᠢᠨ ᠬᠤᠯᠪᠣᠭᠳᠠᠯ ᠪᠥᠬᠦᠶ ᠠᠵᠢᠯ ᠢ ᠬᠢᠨᠠᠮᠠᠭᠠᠶ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠪᠠᠲᠤᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ | ᠵᠠᠬᠢᠳᠠᠯ︾ ︵ᠳᠣᠲᠣᠭᠠᠳᠤ ᠡᠨᠧᠷᠭᠢ ᠶᠢᠨ ᠨᠡᠭᠦᠷᠡᠰᠦ ᠲᠡᠭᠡᠭᠡᠪᠦᠷᠢᠯᠡᠬᠦ ᠵᠠᠬᠢᠳᠠᠯ ︹ 2022 ︺ 1061 ᠳ᠋ᠦᠭᠡᠷ | ᠲᠣᠭᠠᠲᠤ︶ ᠤᠨ ︽2022 ᠪᠥᠬᠦ ᠬᠤᠲᠠ ᠶᠢᠨ ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ | ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠤᠯᠠᠭᠠᠨᠴᠠᠪ | ᠬᠤᠲᠠ ᠶᠢᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠬᠠᠩᠭᠠᠯᠭ᠎ᠠ ᠭᠦᠢᠴᠡᠳ | ᠪᠠᠶᠢᠬᠤ ᠶᠢ ᠪᠠᠲᠤᠯᠠᠵᠤ᠂ ᠲᠠᠷᠢᠶᠠᠴᠢᠳ ᠢ ᠳᠤᠯᠠᠭᠠᠬᠠᠨ ᠡᠪᠦᠯᠵᠢᠭᠦᠯᠬᠦ ᠶᠢᠨ ᠲᠥᠯᠥᠭᠡ᠂ ᠡᠯ᠎ᠡ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ᠂ ᠨᠠᠨᠴᠤᠩ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠬᠢᠨ ᠨᠡᠭᠦᠷᠡᠰᠦᠨ ᠤ | ᠬᠠᠩᠭᠠᠯᠭ᠎ᠠ ᠶᠢ ᠪᠠᠲᠤᠯᠠᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠤᠯᠤᠰ ᠲᠦᠷᠦ ᠶᠢᠨ ᠤᠬᠠᠮᠰᠠᠷ᠂ ᠶᠡᠭᠡ | ᠲᠠᠯ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠠᠷᠠᠳ ᠤᠨ ᠠᠮᠢᠳᠤᠷᠠᠯ ᠳᠤ ᠬᠡᠷᠡᠭᠯᠡᠬᠦ ᠨᠡᠭᠦᠷᠡᠰᠦᠨ ᠤ | ᠬᠠᠩᠭᠠᠯᠭ᠎ᠠ ᠶᠢ ᠪᠠᠲᠤᠯᠠᠬᠤ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ | ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠷᠡᠭᠲᠡᠶ᠃ ︽ᠨᠢᠭᠡᠳᠦᠯᠲᠡᠶ ᠵᠣᠬᠢᠴᠠᠭᠤᠯᠬᠤ᠂ ᠨᠠᠷᠢᠨ ᠨᠢᠮᠪᠠᠶ ᠵᠣᠬᠢᠶᠠᠨ | ᠪᠠᠶᠢᠭᠤᠯᠬᠤ᠂ ᠨᠠᠷᠢᠨ ᠨᠢᠮᠪᠠᠶ ᠪᠠᠶᠢᠷᠢᠯᠠᠭᠤᠯᠬᠤ︾ ᠵᠠᠷᠴᠢᠮ ᠶᠣᠰᠣᠭᠠᠷ᠂ ᠨᠡᠭᠦᠷᠡᠰᠦᠨ ᠤ ᠪᠠᠴᠢᠮ ᠪᠠᠶᠢᠳᠠᠯ ᠢ | ᠠᠷᠭᠠᠴᠠᠭᠠᠨ ᠬᠠᠩᠭᠠᠯᠭ᠎ᠠ ᠶᠢ ᠪᠠᠲᠤᠯᠠᠬᠤ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠠᠷᠠᠳ ᠣᠯᠠᠨ ᠤ | ᠠᠮᠢᠳᠤᠷᠠᠯ ᠤᠨ ᠠᠮᠤᠷ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠪᠥᠬᠦ ᠬᠤᠲᠠ ᠶᠢᠨ ᠠᠵᠤ ᠠᠬᠤᠶ | ᠨᠡᠶᠢᠭᠡᠮ ᠤᠨ ᠲᠣᠭᠲᠠᠭᠤᠨ ᠢᠶᠠᠷ ᠠᠵᠢᠯᠯᠠᠬᠤ ᠶᠢ ᠠᠬᠢᠭᠤᠯᠤᠨ᠎ᠠ᠃ | ᠬᠤᠶᠠᠷ᠂ ᠨᠡᠭᠦᠷᠡᠰᠦ ᠬᠠᠩᠭᠠᠬᠤ ᠪᠠᠷᠢᠮᠵᠢᠶ᠎ᠠ ᠬᠢᠭᠡᠳ ᠬᠡᠷᠡᠭᠴᠡᠭᠡ | ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ | ᠲᠠᠷᠢᠶᠠᠴᠢᠳ ᠲᠤ ᠬᠠᠩᠭᠠᠬᠤ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦ ᠶᠢ ᠡᠷᠦᠬᠡ ᠪᠦᠷᠢ ᠳᠤ ᠬᠤᠶᠠᠷ ᠲᠣᠨ | ᠨᠡᠭᠦᠷᠡᠰᠦ ᠠᠴᠠ ᠳᠤᠲᠠᠭᠤ ᠥᠬᠡᠶ ᠪᠠᠶᠢᠯᠭᠠᠵᠤ᠂ ᠮᠠᠨ ᠤ ᠬᠤᠲᠠ ᠳᠤ ᠨᠡᠶᠢᠲᠡ ᠨᠠᠢᠮᠠᠨ ᠰᠢᠶᠠᠩ ᠪᠠᠯᠭᠠᠰᠤ᠂ ᠨᠢᠭᠡ | ᠲᠠᠷᠢᠶᠠᠯᠠᠩ ᠳᠤ ᠬᠤᠯᠪᠣᠭᠳᠠᠬᠤ ᠬᠡᠷᠡᠭ ᠡᠷᠬᠢᠯᠡᠬᠦ ᠭᠠᠵᠠᠷ ᠪᠣᠶ᠂ ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨ᠎ᠡ | ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠪᠠᠶᠢᠴᠠᠭᠠᠯᠲᠠ ᠪᠠ ᠪᠦᠷᠢᠳᠬᠡᠯ ᠢᠶᠠᠷ ᠳᠡᠮᠵᠢᠨ᠂ ᠲᠠᠷᠢᠶᠠᠴᠢᠨ | ᠡᠷᠦᠬᠡ ᠶᠢᠨ ᠲᠤᠭ᠎ᠠ ᠨᠡᠶᠢᠲᠡ 26951 ᠡᠷᠦᠬᠡ ᠪᠠᠶᠢᠵᠤ᠂ ᠬᠡᠷᠡᠭᠯᠡᠬᠦ ᠨᠡᠭᠦᠷᠡᠰᠦᠨ ᠤ ᠬᠡᠮᠵᠢᠶ᠎ᠡ ᠨᠢ 50402 ᠲᠣᠨ | ᠪᠣᠯᠤᠨ᠎ᠠ᠃ | ᠭᠤᠷᠪᠠ᠂ ᠨᠡᠭᠦᠷᠡᠰᠦ ᠬᠠᠩᠭᠠᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ ᠠᠷᠭ᠎ᠠ ᠮᠠᠶ᠋ᠢᠭ | ᠡᠯ᠎ᠡ ᠰᠢᠶᠠᠩ ᠪᠠᠯᠭᠠᠰᠤ ᠶᠢᠨ ᠵᠠᠰᠠᠭ ᠤᠨ ᠣᠷᠳᠣᠨ᠂ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ | ᠭᠠᠵᠠᠷ ᠪᠣᠯ ᠲᠠᠷᠢᠶᠠᠴᠢᠨ ᠡᠷᠦᠬᠡ ᠶᠢᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠬᠠᠩᠭᠠᠬᠤ ᠠᠵᠢᠯ ᠤᠨ | ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠂ ᠲᠣᠰᠬᠤᠨ ᠢᠶᠠᠷ ᠨᠢᠭᠡᠴᠢ ᠪᠣᠯᠭᠠᠵᠤ᠂ ᠲᠣᠰ ᠬᠠᠷᠢᠶ᠎ᠠ ᠣᠷᠣᠨ ᠤ | ᠳᠣᠲᠣᠷᠠᠬᠢ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢᠨ ᠲᠤᠭ᠎ᠠ ᠬᠡᠮᠵᠢᠶ᠎ᠡ ᠪᠠ ᠲᠥᠯᠥᠪᠯᠡᠭᠡ ᠪᠠᠷ ᠲᠣᠬᠢᠷᠠᠭᠤᠯᠤᠭᠰᠠᠨ | ᠡᠯ᠎ᠡ ᠲᠣᠰᠬᠤᠨ ᠤ ᠬᠤᠳᠠᠯᠳᠤᠨ ᠠᠪᠴᠤ ᠵᠥᠭᠡᠭᠡᠪᠦᠷᠢᠯᠡᠬᠦ ᠴᠠᠭ ᠢ ᠪᠦᠷᠢᠳᠬᠡᠵᠦ᠂ ᠰᠢᠶᠠᠩ ᠪᠠᠯᠭᠠᠰᠤ ᠶᠢᠨ | ᠵᠠᠰᠠᠭ ᠤᠨ ᠣᠷᠳᠣᠨ᠂ ᠬᠡᠷᠡᠭ ᠡᠷᠬᠢᠯᠡᠬᠦ ᠭᠠᠵᠠᠷ ᠠᠴᠠ ᠲᠡᠩᠴᠡᠭᠦᠯᠦᠨ ᠬᠤᠷᠢᠶᠠᠩᠭᠤᠶᠢᠯᠠᠭᠰᠠᠨ ᠤ ᠳᠠᠷᠠᠭ᠎ᠠ ᠳᠡᠭᠡᠭᠰᠢ | ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠳᠣᠭᠢᠷᠠᠭᠤᠯᠤᠨ ᠬᠠᠩᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠬᠦ ᠬᠡᠷᠡᠭᠲᠡᠶ᠃ ᠬᠤᠯᠪᠣᠭᠳᠠᠬᠤ ᠰᠢᠶᠠᠩ ᠪᠠᠯᠭᠠᠰᠤ᠂ | ᠬᠡᠷᠡᠭ ᠡᠷᠬᠢᠯᠡᠬᠦ ᠭᠠᠵᠠᠷ ᠨᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠠᠢ ᠰᠠᠨᠠᠭᠠᠴᠢᠯᠠᠭ᠎ᠠ ᠠᠴᠠ ᠪᠠᠨ | ᠬᠠᠷᠢᠯᠴᠠᠵᠤ᠂ ᠨᠡᠭᠦᠷᠡᠰᠦ ᠬᠠᠩᠭᠠᠬᠤ ᠴᠠᠭ ᠢ ᠬᠢᠨᠠᠨ ᠬᠠᠷᠭᠤᠭᠤᠯᠬᠤ ᠶᠢᠨ ᠬᠠᠮᠲᠤ᠂ ᠲᠣᠰᠬᠤᠨ ᠢ ᠳᠠᠭᠠᠭᠠᠴᠢᠯᠠᠭᠰᠠᠨ | ᠺᠠᠳ᠋ᠷ ᠢ ᠳᠣᠭᠢᠷᠠᠭᠤᠯᠤᠨ ᠭᠤᠷᠪᠠᠳᠠᠬᠢ ᠡᠲᠡᠭᠡᠳ ᠤᠨ ᠺᠣᠮᠫᠠᠨᠢ ︵ᠹᠧᠩᠴᠤᠸᠠᠨ ᠤ ᠣᠲᠣ ᠦᠶ᠎ᠡ ᠶᠢᠨ ᠲᠠᠷᠢᠶᠠᠯᠠᠩ ᠮᠠᠯ | ᠠᠵᠤ ᠠᠬᠤᠶ ᠶᠢᠨ ᠬᠥᠭᠵᠢᠯᠲᠡ ᠶᠢᠨ ᠪᠠᠯᠠ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ︶ ᠲᠠᠢ ᠬᠠᠮᠵᠢᠯᠴᠠᠨ | ᠳᠣᠭᠢᠷᠠᠭᠤᠯᠤᠨ ᠬᠦᠷᠭᠡᠬᠦ ᠪᠠ ᠲᠠᠲᠠᠵᠤ ᠲᠡᠭᠡᠭᠡᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠲᠣᠭᠲᠠᠭᠰᠠᠨ | ᠴᠠᠭ ᠤᠨ ᠳᠣᠲᠣᠷ᠎ᠠ ᠲᠡᠭᠡᠭᠡᠪᠦᠷᠢᠯᠡᠵᠦ ᠳᠠᠭᠤᠰᠬᠠᠵᠤ ᠳᠡᠶᠢᠯᠬᠦ ᠦᠭᠡᠢ ᠪᠠᠶᠢᠪᠠᠯ᠂ ᠰᠢᠶᠠᠩ ᠪᠠᠯᠭᠠᠰᠤᠨ ᠤ ᠵᠠᠰᠠᠭ ᠤᠨ | ᠣᠷᠳᠣᠨ ᠠᠴᠠ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠲᠣᠬᠢᠷᠠᠭᠤᠯᠤᠨ ᠬᠠᠩᠭᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠠᠢ ᠵᠣᠬᠢᠴᠠᠭᠤᠯᠵᠤ᠂ ᠬᠠᠩᠭᠠᠬᠤ ᠴᠠᠭ ᠢ ᠠᠰ ᠲᠤᠨᠢ | ᠲᠣᠬᠢᠷᠠᠭᠤᠯᠤᠨ᠎ᠠ᠃ ᠬᠠᠷᠢᠭᠤᠴᠠᠯᠭ᠎ᠠ ᠪᠠᠨ ᠠᠯᠳᠠᠭᠰᠠᠨ ᠠᠴᠠ ᠪᠣᠯᠵᠤ ᠲᠠᠷᠢᠶᠠᠴᠢᠳ ᠬᠡᠪ ᠤᠨ ᠪᠠᠶᠢᠳᠠᠯ ᠢᠶᠠᠷ | ᠳᠤᠯᠠᠭᠠᠴᠠᠵᠤ ᠴᠢᠳᠠᠬᠤ ᠦᠭᠡᠶ ᠪᠣᠯᠤᠭᠰᠠᠨ ᠪᠠᠶᠢᠪᠠᠯ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠴᠢᠩᠭ᠎ᠠ | ᠬᠠᠷᠢᠭᠤᠴᠠᠯᠭ᠎ᠠ ᠨᠡᠬᠡᠮᠵᠢᠯᠡᠨ᠎ᠡ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠡᠭᠦᠷᠡᠰᠦ | ᠬᠠᠩᠭᠠᠵᠤ ᠪᠠᠶᠢᠭ᠎ᠠ ᠪᠠᠶᠢᠳᠠᠯ ᠳᠤ ᠪᠥᠬᠦ ᠶᠠᠪᠤᠴᠠ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ᠳᠥᠷᠪᠡ᠂ ᠵᠣᠬᠢᠶᠠᠨ ᠪᠠᠶᠢᠭᠤᠯᠤᠨ ᠬᠡᠷᠡᠭᠵᠢᠭᠦᠯᠬᠦ | ︵ᠨᠢᠭᠡ︶ ᠪᠡᠯᠡᠳᠬᠡᠬᠦ ᠱᠠᠲᠤ ᠦᠶ᠎ᠡ ︵8 ᠳ᠋ᠤᠭᠠᠷ ᠰᠠᠷ᠎ᠠ ᠶᠢᠨ 17 ᠤ ᠡᠳᠦᠷ ᠠᠴᠠ ᠡᠮᠦᠨ᠎ᠡ︶᠃ ᠡᠯ᠎ᠡ | ᠰᠢᠶᠠᠩ ᠪᠠᠯᠭᠠᠰᠤ᠂ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠬᠤᠯᠪᠣᠭᠳᠠᠯ ᠪᠦᠬᠦᠢ ᠬᠥᠮᠦᠰ ᠢ | ᠵᠣᠬᠢᠶᠠᠨ ᠪᠠᠶᠢᠭᠤᠯᠤᠨ ᠲᠠᠷᠢᠶᠠᠴᠢᠨ ᠡᠷᠦᠬᠡ ᠶᠢᠨ ᠦᠨᠳᠦᠰᠦᠨ ᠪᠠᠶᠢᠳᠠᠯ ᠢ ᠪᠠᠶᠢᠴᠠᠭᠠᠵᠤ ᠪᠦᠷᠢᠳᠬᠡᠬᠦ ᠶᠢᠨ ᠬᠠᠮᠲᠤ | ᠬᠤᠷᠢᠶᠠᠩᠭᠤᠶᠢᠯᠠᠨ ᠳᠡᠭᠡᠭᠰᠢ ᠮᠡᠳᠡᠭᠦᠯᠬᠦ ᠬᠡᠷᠡᠭᠲᠡᠶ᠃ ᠲᠠᠷᠢᠶᠠᠴᠢᠨ ᠡᠷᠦᠬᠡ ᠶᠢᠨ ᠪᠦᠷᠢᠳᠬᠡᠭᠰᠡᠨ ᠲᠤᠭ᠎ᠠ ᠬᠡᠮᠵᠢᠶ᠎ᠡ᠂ | ᠨᠡᠷ᠎ᠡ ᠵᠢᠭᠠᠭᠰᠠᠨ ᠬᠦᠰᠦᠨᠦᠭᠲᠦ ᠶᠢ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠳᠤ ᠮᠡᠳᠡᠭᠦᠯᠬᠦ | ᠬᠡᠷᠡᠭᠲᠡᠶ᠃ | ︵ᠬᠤᠶᠠᠷ︶ ᠬᠡᠷᠡᠭᠵᠢᠭᠦᠯᠬᠦ ᠱᠠᠲᠤ ᠦᠶ᠎ᠡ ︵9 ᠳ᠋ᠦᠭᠡᠷ ᠰᠠᠷ᠎ᠠ ᠶᠢᠨ 20 ᠤ ᠡᠳᠦᠷ ᠠᠴᠠ ᠡᠮᠦᠨ᠎ᠡ | ᠪᠡᠶᠡᠯᠡᠭᠦᠯᠦᠨ᠎ᠡ︶᠃ ᠡᠯ᠎ᠡ ᠰᠢᠶᠠᠩ ᠪᠠᠯᠭᠠᠰᠤ᠂ ᠨᠠᠨᠴᠤᠩ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠬᠢᠨ | ᠬᠡᠷᠡᠭᠯᠡᠬᠦ ᠨᠡᠭᠦᠷᠡᠰᠦᠨ ᠤ ᠳᠤᠲᠠᠭᠤᠳᠠᠯ ᠢ ᠬᠢᠨᠠᠨ ᠬᠠᠷᠭᠤᠭᠤᠯᠵᠤ᠂ ᠨᠡᠭᠦᠷᠡᠰᠦ ᠬᠠᠩᠭᠠᠬᠤ ᠠᠵᠤ ᠠᠬᠤᠶᠢᠯᠠᠯ ᠲᠠᠢ | ᠬᠠᠷᠢᠯᠴᠠᠵᠤ᠂ ᠮᠠᠨ ᠤ ᠬᠤᠳᠠ ᠶᠢ ᠵᠣᠬᠢᠴᠠᠭᠤᠯᠤᠨ ᠡᠮᠬᠢ ᠵᠢᠷᠤᠮ ᠲᠠᠢ ᠪᠠᠷ ᠲᠠᠲᠠᠵᠤ ᠵᠥᠭᠡᠭᠡᠪᠦᠷᠢᠯᠡᠬᠦ ᠶᠢᠨ ᠬᠠᠮᠲᠤ | ᠲᠠᠷᠢᠶᠠᠴᠢᠨ ᠡᠷᠦᠬᠡ ᠳᠤ ᠬᠤᠪᠢᠶᠠᠷᠢᠯᠠᠬᠤ ᠶᠢ ᠵᠣᠬᠢᠶᠠᠨ ᠪᠠᠶᠢᠭᠤᠯᠪᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠰᠢᠶᠠᠩ ᠪᠠᠯᠭᠠᠰᠤ᠂ | ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠨᠢ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠭᠤᠣᠯ ᠬᠠᠷᠢᠭᠤᠴᠠᠯᠭᠠᠲᠠᠨ ᠨᠢ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ | ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠰᠤᠳᠤᠯᠤᠨ | ᠰᠢᠢᠳᠪᠦᠷᠢᠯᠡᠵᠦ᠂ ᠲᠤᠰ ᠨᠢᠭᠡᠴᠡ ᠶᠢᠨ ᠢᠶᠠᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ | ᠡᠯ᠎ᠡ ᠵᠦᠢᠯ ᠤᠨᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠲᠠᠷᠢᠶᠠᠴᠢᠳ ᠤᠨ ᠡᠪᠦᠯ ᠤᠨ | ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠬᠠᠩᠭᠠᠯᠭ᠎ᠠ ᠶᠢ ᠤᠳᠤᠷᠢᠳᠬᠤ ᠳᠤᠭᠤᠶᠢᠯᠠᠩ ᠠᠴᠠ | ᠨᠢᠭᠡᠳᠦᠯᠲᠡᠶ ᠤᠳᠤᠷᠢᠳᠴᠤ᠂ ᠶᠡᠷᠦᠩᠬᠡᠶᠢᠯᠡᠨ ᠵᠣᠬᠢᠴᠠᠭᠤᠯᠵᠤ᠂ ᠡᠯ᠎ᠡ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ | ᠬᠥᠮᠦᠰ ᠲᠤᠰ ᠲᠤᠰ ᠤᠨ ᠡᠭᠦᠷᠭᠡ ᠲᠤᠰᠢᠶᠠᠯ ᠢᠶᠠᠨ ᠦᠨᠳᠦᠰᠦᠯᠡᠨ᠂ ᠲᠤᠰ ᠲᠤᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠠᠵᠢᠯ ᠢᠶᠠᠨ ᠬᠤᠪᠢᠶᠠᠷᠢᠯᠠᠨ ᠬᠠᠮᠵᠢᠯᠴᠠᠵᠤ᠂ ᠡᠨᠡ ᠬᠦ ᠠᠵᠢᠯ ᠢ ᠬᠦᠴᠦᠲᠡᠶ ᠲᠦᠯᠬᠢᠨ ᠠᠬᠢᠭᠤᠯᠬᠤ | ᠬᠡᠷᠡᠭᠲᠡᠶ᠃ ᠡᠯ᠎ᠡ ᠵᠠᠰᠠᠭ ᠵᠠᠬᠢᠷᠭᠠᠨ ᠤ ᠭᠠᠴᠠᠭ᠎ᠠ ᠨᠢ ᠨᠡᠭᠦᠷᠡᠰᠦ ᠬᠠᠩᠭᠠᠬᠤ ᠤᠬᠠᠭᠤᠯᠭ᠎ᠠ ᠶᠢᠨ ᠠᠵᠢᠯ ᠢᠶᠠᠨ | ᠴᠢᠩᠭᠠᠳᠬᠠᠵᠤ᠂ ᠨᠡᠭᠦᠷᠡᠰᠦ ᠪᠣᠷᠣᠯᠠᠭᠤᠯᠬᠤ᠂ ᠬᠡᠷᠡᠭᠯᠡᠬᠦ ᠠᠵᠢᠯᠯᠠᠭ᠎ᠠ ᠶᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠶᠢ ᠴᠢᠩᠭᠠᠷᠠᠭᠤᠯᠤᠨ᠎ᠠ᠃ ᠡᠯ᠎ᠡ | ᠰᠢᠶᠠᠩ ᠪᠠᠯᠭᠠᠰᠤ᠂ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠳ ᠮᠡᠳᠡᠭᠡ ᠵᠠᠩᠭᠢ | ᠴᠤᠭᠯᠠᠭᠤᠯᠬᠤ᠂ ᠮᠡᠳᠡᠭᠦᠯᠦᠨ ᠬᠦᠷᠭᠡᠬᠦ ᠠᠵᠢᠯ ᠢ ᠲᠤᠰᠬᠠᠶ ᠬᠤᠯᠪᠣᠭᠠᠴᠢᠨ ᠢᠶᠠᠷ ᠬᠠᠷᠢᠭᠤᠴᠠᠭᠤᠯᠬᠤ ᠪᠠᠷ | ᠲᠣᠳᠣᠷᠬᠠᠶᠢᠯᠠᠬᠤ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ | ᠵᠢᠵᠢᠭᠦᠷᠯᠡᠨ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠹᠧᠩᠵᠧᠨ ᠬᠤᠲᠠ ᠶᠢᠨ | ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ | ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠳᠥᠷᠪᠡ︶ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠨ᠎ᠠ᠃ ᠪᠠᠲᠤᠯᠠᠭ᠎ᠠ ᠶᠢᠨ ᠠᠵᠢᠯ ᠤᠨ | ᠤᠳᠤᠷᠢᠳᠬᠤ ᠳᠤᠭᠤᠶᠢᠯᠠᠩ ᠤᠨ ᠬᠢᠨ ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ | ᠡᠷᠬᠢᠯᠡᠬᠦ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠶ᠂ ᠴᠠᠭ ᠲᠤᠬᠠᠶ ᠳᠤᠨᠢ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠥᠷᠨᠢᠭᠦᠯᠦᠭᠰᠡᠨ ᠦᠭᠡᠶ | ᠂ ᠨᠡᠭᠦᠷᠡᠰᠦᠨ ᠤ ᠬᠠᠩᠭᠠᠯᠭ᠎ᠠ ᠶᠢ ᠦᠨᠡᠨ ᠬᠦ ᠪᠠᠲᠤᠯᠠᠵᠤ ᠳᠡᠶᠢᠯᠬᠦ ᠥᠬᠡᠶ᠂ ᠠᠷᠠᠳ ᠤᠨ ᠠᠮᠢᠳᠤᠷᠠᠯ ᠤᠨ ᠴᠢᠬᠤᠯᠠ | ᠶᠡᠭᠡ ᠬᠡᠷᠡᠭ ᠶᠠᠪᠤᠳᠠᠯ ᠪᠤᠶᠤ ᠪᠤᠰᠤᠳ ᠮᠠᠭᠤ ᠨᠥᠯᠥᠭᠡ ᠭᠠᠷᠭᠠᠭᠰᠠᠨ᠂ ᠵᠢᠴᠢ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠭᠦ ᠠᠬᠢᠴᠠ ᠤᠳᠠᠭᠠᠨ᠂ ᠰᠢᠯᠲᠠᠭᠯᠠᠨ ᠲᠦᠯᠬᠢᠯᠴᠡᠭᠰᠡᠨ ᠨᠢᠭᠡᠴᠡ ᠪᠠ ᠬᠤᠪᠢ | ᠬᠥᠮᠦᠨ ᠢ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠢᠨᠠᠨ | ᠪᠠᠶᠢᠴᠠᠭᠠᠬᠤ ᠵᠥᠪᠯᠡᠯ ᠳᠤ ᠳᠡᠪᠰᠢᠭᠦᠯᠵᠦ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠴᠢᠩᠭ᠎ᠠ | ᠪᠠᠶᠢᠴᠠᠭᠠᠨ ᠰᠢᠢᠳᠪᠦᠷᠢᠯᠡᠬᠦᠯᠦᠨ᠎ᠡ᠂ ᠬᠠᠤᠯᠢ ᠴᠠᠭᠠᠵᠠ ᠳᠤ ᠬᠠᠯᠳᠠᠭᠰᠠᠨ ᠪᠠᠶᠢᠪᠠᠯ᠂ ᠬᠠᠮᠢᠶ᠎ᠠ ᠪᠥᠬᠦᠶ ᠨᠢᠭᠡᠴᠡ ᠪᠠ | ᠠᠵᠢᠯᠲᠠᠨ ᠤ ᠬᠠᠤᠯᠢ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | | | ᠤᠷᠴᠢᠭᠤᠯᠤᠬᠴᠢ᠄ ᠼᠦᠢ ᠶᠢᠩ |