2022 ᠣᠨ ᠳᠤ ᠹᠧᠩᠵᠧᠨ ᠬᠤᠲᠠ ᠶᠢᠨ ᠠᠮᠤ ᠪᠤᠳᠠᠭ᠎ᠠ ᠲᠠᠷᠢᠳᠠᠭ ᠪᠣᠳᠠᠲᠠᠶ ᠲᠠᠷᠢᠶᠠᠴᠢᠳ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠦᠭᠬᠦ ᠪᠡᠯᠡ ᠮᠥᠩᠭᠦ ᠶᠢᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2022/12/21
    ᠨᠠᠮ ᠤᠨ ᠲᠥᠪ ᠬᠤᠷᠢᠶ᠎ᠠ ᠪᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠶᠢᠨ ᠥᠰᠥᠯᠲᠡ ᠶᠢᠨ ᠪᠠᠶᠢᠳᠠᠯ ᠢ ᠠᠷᠭᠠᠴᠠᠭᠠᠵᠤ᠂ ᠲᠠᠷᠢᠶᠠᠴᠢᠳ ᠤᠨ ᠠᠮᠤ ᠪᠤᠳᠠᠭ᠎ᠠ ᠳᠠᠷᠢᠭᠰᠠᠨ ᠵᠦᠶ ᠵᠣᠬᠢᠰᠲᠠᠶ ᠠᠰᠢᠭ ᠣᠷᠣᠯᠭ᠎ᠠ ᠶᠢ ᠪᠠᠲᠤᠯᠠᠬᠤ ᠶᠢᠨ ᠲᠥᠯᠥᠭᠡ᠂ ︽2022 ᠣᠨ ᠤ ᠤᠯᠠᠭᠠᠨᠴᠠᠪ ᠬᠤᠲᠠ ᠶᠢᠨ ᠠᠮᠤ ᠪᠤᠳᠠᠭ᠎ᠠ ᠪᠣᠳᠠᠲᠠᠶ ᠳᠠᠷᠢᠵᠤ ᠪᠠᠶᠢᠭ᠎ᠠ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠥᠭᠬᠦ ᠪᠠᠯᠠ ᠮᠥᠩᠭᠦ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠮᠡᠳᠡᠭᠳᠡᠯ︾ ︵ᠤᠯᠠᠭᠠᠨᠴᠠᠪ ᠬᠤᠲᠠ ︹ 2022 ︺ 522 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃     ᠨᠢᠭᠡ᠂ ᠶᠡᠷᠦᠩᠬᠡᠶ ᠬᠠᠷᠠᠯᠲᠠ     ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠱᠠᠭᠠᠷᠳᠠᠯᠭ᠎ᠠ ᠶᠣᠰᠣᠭᠠᠷ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠬᠠᠮᠠᠭᠠᠯᠠᠨ ᠳᠠᠶᠢᠴᠢᠯᠠᠵᠤ᠂ ᠪᠦᠬᠦ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃     ᠬᠤᠶᠠᠷ᠂ ᠨᠥᠬᠦᠪᠥᠷᠢ ᠥᠭᠬᠦ ᠳ᠋ᠦᠶ᠋ᠰᠢᠶᠠᠩ᠂ ᠪᠠᠷᠢᠮᠵᠢᠶ᠎ᠠ ᠪᠠ ᠦᠨᠳᠦᠰᠦᠯᠡᠯ     ︵ᠨᠢᠭᠡ︶ ᠨᠥᠬᠦᠪᠥᠷᠢ ᠣᠯᠭᠤᠬᠤ ᠡᠲᠡᠭᠡᠳ᠃ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠬᠤ ᠡᠲᠡᠭᠡᠳ ᠲᠤ ᠪᠣᠳᠠᠲᠠᠶ ᠠᠮᠤ ᠪᠤᠳᠠᠭ᠎ᠠ ᠳᠠᠷᠢᠬᠤ ᠲᠠᠷᠢᠶᠠᠴᠢᠨ ᠪᠠᠭᠲᠠᠨ᠎ᠠ᠂ ᠪᠣᠳᠠᠲᠠᠶ ᠪᠠᠷ ᠬᠡᠯᠡᠪᠡᠯ ᠥᠪᠡᠷ ᠤᠨ ᠳᠠᠭᠠᠭᠠᠴᠢᠯᠠᠭᠰᠠᠨ ᠭᠠᠵᠠᠷ ᠢᠶᠠᠨ ᠠᠰᠢᠭᠯᠠᠨ ᠠᠮᠤ ᠪᠤᠳᠠᠭ᠎ᠠ ᠳᠠᠷᠢᠬᠤ ᠲᠠᠷᠢᠶᠠᠴᠢᠨ ᠵᠢᠴᠢ ᠭᠠᠵᠠᠷ ᠰᠢᠷᠣᠶ ᠪᠠᠨ ᠡᠷᠭᠢᠯᠲᠡ ᠳᠤ ᠣᠷᠣᠭᠤᠯᠵᠤ ᠠᠮᠤ ᠪᠤᠳᠠᠭ᠎ᠠ ᠳᠠᠷᠢᠬᠤ ᠲᠣᠮᠣ ᠡᠷᠦᠬᠡ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠬᠤᠷᠰᠢᠶ᠎ᠠ᠂ ᠲᠠᠷᠢᠶᠠᠴᠢᠳ ᠤᠨ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠪᠠᠭᠲᠠᠨ᠎ᠠ᠃ ᠠᠮᠤ ᠪᠤᠳᠠᠭ᠎ᠠ ᠲᠠᠷᠢᠵᠤ ᠬᠤᠷᠢᠶᠠᠬᠤ ᠪᠦᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠵᠦ ᠪᠠᠶᠢᠭ᠎ᠠ ᠬᠤᠪᠢ ᠬᠥᠮᠦᠨ ᠪᠠ ᠵᠣᠬᠢᠶᠠᠨ ᠪᠠᠶᠢᠭᠤᠯᠤᠯᠲᠠ ᠳᠤ ᠦᠢᠯᠡᠴᠢᠯᠡᠭᠡᠨ ᠤ ᠬᠤᠶᠠᠷ ᠲᠠᠯ᠎ᠠ ᠶᠢᠨ ᠭᠡᠷ᠎ᠡ ︵ᠬᠡᠯᠡᠯᠴᠡᠭᠡᠷ︶ ᠶᠢᠨ ᠪᠣᠯᠵᠣᠯ ᠢ ᠦᠨᠳᠦᠰᠦᠯᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠥᠰᠦᠭᠰᠡᠨ ᠥᠪᠡᠷ ᠤᠨ ᠦᠷᠳᠡᠭ ᠢ ᠡᠭᠦᠷᠭᠡᠯᠡᠵᠦ ᠪᠠᠶᠢᠭ᠎ᠠ ᠦᠢᠯᠡᠳᠪᠦᠷᠢᠯᠡᠭᠴᠢ ᠳᠤ ᠨᠥᠬᠦᠪᠥᠷᠢ ᠥᠭᠭᠦᠨ᠎ᠡ᠃ ᠭᠠᠵᠠᠷ ᠰᠢᠷᠣᠶ ᠶᠢ ᠡᠷᠭᠢᠯᠲᠡ ᠳᠤ ᠣᠷᠣᠭᠤᠯᠵᠤ ᠠᠮᠤ ᠪᠤᠳᠠᠭ᠎ᠠ ᠳᠠᠷᠢᠬᠤ ᠬᠤᠪᠢ ᠬᠥᠮᠦᠨ ᠪᠠ ᠵᠣᠬᠢᠶᠠᠨ ᠪᠠᠶᠢᠭᠤᠯᠤᠯᠲᠠ ᠳᠤ ᠪᠣᠯ᠂ ᠲᠣᠭᠲᠠᠭᠠᠭᠰᠠᠨ ᠡᠷᠭᠢᠯᠲᠡ ᠶᠢᠨ ᠭᠡᠷ᠎ᠡ ︵ᠵᠥᠪᠯᠡᠯᠴᠡᠭᠡᠷ︶ ᠶᠢ ᠦᠨᠳᠦᠰᠦᠯᠡᠨ᠂ ᠨᠥᠬᠦᠪᠥᠷᠢ ᠣᠯᠭᠤᠬᠤ ᠡᠲᠡᠭᠡᠳ ᠢ ᠲᠣᠭᠲᠠᠭᠠᠨ᠎ᠠ᠃     ︵ᠬᠤᠶᠠᠷ︶ ᠨᠥᠬᠦᠪᠥᠷᠢ ᠥᠭᠬᠦ ᠪᠠᠷᠢᠮᠵᠢᠶ᠎ᠠ᠃ ᠨᠥᠬᠦᠪᠥᠷᠢ ᠶᠢᠨ ᠪᠠᠷᠢᠮᠵᠢᠶ᠎ᠠ ᠶᠢ ᠮᠠᠨ ᠤ ᠬᠤᠲᠠ ᠳᠤ ᠰᠠᠯᠭᠠᠨ ᠥᠭᠭᠦᠭᠰᠡᠨ ᠨᠥᠬᠦᠪᠥᠷᠢ ᠶᠢᠨ ᠪᠡᠯᠡ ᠮᠥᠩᠭᠦ ᠶᠢᠨ ᠶᠡᠷᠦᠩᠬᠡᠶ ᠲᠤᠭ᠎ᠠ ᠵᠢᠴᠢ ᠬᠢᠨᠠᠨ ᠬᠠᠷᠭᠤᠭᠤᠯᠤᠭᠠᠳ ᠲᠣᠭᠲᠠᠭᠠᠭᠰᠠᠨ ᠠᠮᠤ ᠪᠤᠳᠠᠭᠠᠨ ᠤ ᠲᠠᠷᠢᠮᠠᠯ ᠤᠨ ᠲᠠᠷᠢᠬᠤ ᠲᠠᠯᠠᠪᠠᠢ ᠶᠢᠨ ᠶᠡᠷᠦᠩᠬᠡᠶ ᠲᠥᠰᠦᠭᠡᠯᠡᠨ ᠪᠣᠳᠣᠯᠲᠠ ᠶᠢ ᠦᠨᠳᠦᠰᠦᠯᠡᠨ ᠲᠣᠭᠲᠠᠭᠠᠨ᠎ᠠ᠃     ︵ᠭᠤᠷᠪᠠ︶ ᠨᠥᠬᠦᠪᠥᠷᠢ ᠥᠭᠬᠦ ᠦᠨᠳᠦᠰᠦ ᠪᠠᠷᠢᠮᠲᠠ᠃ ᠨᠥᠬᠦᠪᠥᠷᠢ ᠥᠭᠬᠦ ᠦᠨᠳᠦᠰᠦᠯᠡᠯ ᠨᠢ 2022 ᠣᠨ ᠳᠤ ᠪᠣᠳᠠᠲᠠᠶ ᠳᠠᠷᠢᠭᠰᠠᠨ ᠡᠷᠳᠡᠨᠢ ᠰᠢᠰᠢ᠂ ᠰᠢᠷ᠎ᠠ ᠪᠤᠷᠴᠠᠭ ᠤᠨ ᠲᠠᠯᠠᠪᠠᠶ ᠪᠣᠯᠤᠨ᠎ᠠ᠃     ᠭᠤᠷᠪᠠ᠂ ᠪᠠᠯᠠ ᠮᠥᠩᠭᠦ ᠶᠢ ᠰᠠᠯᠭᠠᠨ ᠥᠭᠬᠦ ᠵᠢᠴᠢ ᠣᠯᠭᠤᠬᠤ     ᠪᠣᠳᠠᠲᠠᠶ ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠶᠢᠨ ᠪᠠᠯᠠ ᠮᠥᠩᠭᠦ ᠶᠢ ︽ᠪᠦᠬᠦᠨ ᠳᠤ ᠳᠣᠭᠢᠷᠠᠬᠤ ᠺᠠᠷᠲ︾ ᠢᠶᠠᠷ ᠳᠡᠮᠵᠢᠨ ᠨᠥᠬᠦᠪᠥᠷᠢ ᠤᠯᠬᠤ ᠡᠲᠡᠭᠡᠳ ᠲᠤ ᠰᠢᠭᠤᠳ ᠣᠯᠭᠤᠵᠤ᠂ ᠠᠵᠤ ᠠᠬᠤᠶᠢᠯᠠᠯ ᠵᠡᠷᠭᠡ ᠪᠤᠰᠤᠳ ︽ᠪᠦᠬᠦᠨ ᠳᠤ ᠳᠣᠭᠢᠷᠠᠬᠤ ᠺᠠᠷᠲ︾ ᠢ ᠪᠦᠷᠢᠳᠬᠡᠭᠦᠯᠦᠨ ᠣᠯᠭᠤᠬᠤ ᠳᠤ ᠳᠣᠭᠢᠷᠠᠬᠤ ᠥᠬᠡᠶ ᠪᠠᠶᠢᠪᠠᠯ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠣᠯᠭᠤᠬᠤ ᠲᠣᠭᠲᠠᠭᠠᠯ ᠶᠣᠰᠣᠭᠠᠷ ᠪᠣᠳᠠᠲᠠᠶ ᠠᠮᠤ ᠪᠤᠳᠠᠭ᠎ᠠ ᠳᠠᠷᠢᠭᠰᠠᠳ ᠲᠤ ᠣᠯᠭᠤᠵᠤ᠂ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ᠂ ᠠᠮᠤᠷ ᠲᠦᠪᠰᠢᠨ᠂ ᠲᠤᠭ᠎ᠠ ᠶᠣᠰᠣᠭᠠᠷ᠂ ᠣᠨᠣᠪᠴᠢᠲᠠᠶ ᠰᠣᠯᠢᠵᠤ ᠥᠭᠬᠦ ᠶᠢ ᠦᠨᠡᠨᠬᠦ ᠪᠠᠲᠤᠯᠠᠵᠤ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠦᠶ᠋ᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠶ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠲᠦᠷᠦ ᠶᠢᠨ ᠪᠤᠳᠤᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠵᠤ᠂ ᠨᠥᠬᠦᠪᠥᠷᠢ ᠪᠡᠯᠡ ᠮᠥᠩᠭᠦ ᠶᠢ ᠣᠯᠭᠤᠬᠤ ᠪᠣᠯ ᠠᠮᠤ ᠪᠤᠳᠠᠭ᠎ᠠ ᠲᠠᠷᠢᠳᠠᠭ ᠲᠠᠷᠢᠶᠠᠴᠢᠳ ᠤᠨ ᠵᠦᠢ ᠵᠣᠬᠢᠰᠲᠠᠶ ᠠᠰᠢᠭ ᠣᠷᠣᠯᠭ᠎ᠠ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠡᠳ᠋ ᠤᠨ ᠵᠠᠰᠠᠭ᠂ ᠲᠠᠷᠢᠶᠠᠯᠠᠩ ᠮᠠᠯ ᠠᠵᠤ ᠠᠬᠤᠶ ᠵᠢᠴᠢ ᠡᠯ᠎ᠡ ᠰᠢᠶᠠᠩ ᠪᠠᠯᠭᠠᠰᠤ᠂ ᠡᠮᠦᠨ᠎ᠡ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠨᠢ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠢᠭᠲᠠ ᠬᠠᠮᠵᠢᠯᠴᠠᠨ᠂ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠬᠡᠷᠡᠭᠲᠡᠶ᠃       ︵ᠬᠤᠶᠠᠷ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠨ᠎ᠡ︔ ᠡᠳ᠋ ᠤᠨ ᠵᠠᠰᠠᠭ ᠤᠨ ᠲᠣᠪᠴᠢᠶ᠎ᠠ ᠠᠴᠠ ᠪᠡᠯᠡ ᠮᠥᠩᠭᠦ ᠰᠢᠯᠵᠢᠭᠦᠯᠦᠨ ᠥᠭᠬᠦ ᠶᠢ ᠬᠠᠷᠢᠭᠤᠴᠠᠨ᠎ᠠ︔ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠪᠥᠬᠦ ᠬᠤᠲᠠ ᠶᠢᠨ ᠳᠠᠷᠢᠬᠤ ᠲᠠᠯᠠᠪᠠᠶ ᠶᠢ ᠬᠤᠷᠢᠶᠠᠩᠭᠤᠶᠢᠯᠠᠬᠤ ᠶᠢ ᠬᠠᠷᠢᠭᠤᠴᠠᠨ᠎ᠠ︔ ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠨᠢ ᠠᠮᠤ ᠪᠤᠳᠠᠭ᠎ᠠ ᠲᠠᠷᠢᠬᠤ ᠪᠣᠳᠠᠲᠠᠶ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠥᠭᠬᠦ ᠪᠣᠳᠠᠲᠠᠶ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠨᠥᠬᠦᠪᠥᠷᠢ ᠤᠯᠬᠤ ᠡᠲᠡᠭᠡᠳ᠂ ᠲᠠᠯᠠᠪᠠᠢ ᠵᠡᠷᠭᠡ ᠰᠠᠭᠤᠷᠢ ᠲᠤᠭ᠎ᠠ ᠪᠠᠷᠢᠮᠲᠠ ᠶᠢ ᠬᠢᠨᠠᠨ ᠪᠠᠶᠢᠴᠠᠭᠠᠵᠤ᠂ ᠪᠦᠷᠢᠳᠬᠡᠵᠦ᠂ ᠵᠠᠷᠯᠠᠨ ᠨᠡᠶᠢᠲᠡᠯᠡᠵᠦ᠂ ᠲᠠᠷᠢᠬᠤ ᠲᠠᠯᠠᠪᠠᠢ ᠶᠢ ᠬᠢᠨᠠᠨ ᠲᠣᠭᠲᠠᠭᠠᠭᠰᠠᠨ ᠤ ᠳᠠᠷᠠᠭ᠎ᠠ᠂ ᠬᠤᠳᠠ ᠶᠢᠨ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠨ᠎ᠡ᠃       ︵ᠭᠤᠷᠪᠠ︶ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠤᠯᠠᠨ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠨᠥᠬᠦᠪᠥᠷᠢ ᠶᠢᠨ ᠪᠡᠯᠡ ᠮᠥᠩᠭᠦ ᠶᠢ ᠢᠯᠡ ᠨᠡᠶᠢᠲᠡᠯᠡᠬᠦ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠡᠷᠢᠵᠦ᠂ ᠰᠢᠯᠲᠠᠭᠠᠨ ᠢ ᠨᠢ ᠵᠠᠳᠠᠯᠵᠤ᠂ ᠪᠣᠳᠠᠲᠠᠶ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠲᠤ ᠨᠢᠭᠡ ᠯᠡ ᠤᠳᠠᠭ᠎ᠠ ᠶᠢᠨ ᠴᠢᠨᠠᠷᠲᠠᠶ ᠨᠥᠬᠦᠪᠥᠷᠢ ᠥᠭᠴᠦ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠤᠨ ᠠᠰᠢᠭ ᠲᠤᠰᠠ ᠶᠢ ᠦᠨᠡᠨ ᠬᠦ ᠬᠠᠮᠠᠭᠠᠯᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠥᠬᠡᠶ ᠨᠥᠬᠦᠪᠥᠷᠢ ᠥᠭᠬᠦ ᠡᠲᠡᠭᠡᠳ ᠪᠠ ᠨᠥᠬᠦᠪᠥᠷᠢ ᠥᠭᠬᠦ ᠲᠠᠯᠠᠪᠠᠶ ᠶᠢ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠬᠤ ᠶᠢ ᠴᠢᠩᠭ᠎ᠠ ᠴᠠᠭᠠᠵᠠᠯᠠᠵᠤ᠂ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠨᠥᠬᠦᠪᠥᠷᠢ ᠮᠥᠩᠭᠦ ᠶᠢ ᠮᠡᠬᠡᠯᠡᠨ ᠠᠪᠬᠤ᠂ ᠮᠡᠬᠡᠯᠡᠨ ᠠᠪᠬᠤ᠂ ᠱᠠᠮᠰᠢᠬᠤ ᠪᠤᠶᠤ ᠲᠣᠭᠲᠠᠭᠠᠯ ᠠᠴᠠ ᠵᠥᠷᠢᠴᠡᠨ ᠲᠠᠷᠬᠠᠭᠠᠭᠰᠠᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ  ᠰᠢᠢᠳᠪᠦᠷᠢᠯᠡᠬᠦ ᠬᠡᠷᠡᠭᠲᠡᠶ᠃       ︵ᠳᠥᠷᠪᠡ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠬᠦ ᠬᠡᠷᠡᠭᠳᠡᠢ᠃ ᠠᠮᠤ ᠪᠤᠳᠠᠭ᠎ᠠ ᠲᠠᠷᠢᠳᠠᠭ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠣᠯᠭᠤᠬᠤ ᠨᠢ ᠲᠠᠷᠢᠶᠠᠴᠢᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠬᠤᠯᠪᠣᠭᠳᠠᠬᠤ ᠲᠠᠯ᠎ᠠ ᠨᠢ ᠥᠷᠭᠡᠨ ᠪᠣᠯᠬᠤᠷ ᠡᠯ᠎ᠡ ᠰᠢᠶᠠᠩ ᠪᠠᠯᠭᠠᠰᠤ᠂ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢᠨ ᠪᠣᠳᠠᠲᠠᠶ ᠠᠭᠤᠯᠭ᠎ᠠ ᠶᠢ ᠭᠠᠴᠠᠭ᠎ᠠ ᠡᠷᠦᠬᠡ ᠳᠤ ᠬᠦᠷᠲᠡᠯ᠎ᠡ ᠤᠬᠠᠭᠤᠯᠵᠤ᠂ ᠲᠠᠷᠢᠶᠠᠴᠢᠨ ᠲᠦᠮᠡᠨ ᠤ ᠠᠰᠠᠭᠤᠨ ᠯᠠᠪᠯᠠᠬᠤ ᠪᠠ ᠮᠠᠳᠠᠭ ᠲᠠᠢ ᠠᠰᠠᠭᠤᠳᠠᠯ ᠢ ᠴᠠᠭ ᠲᠤᠬᠠᠶ ᠳᠤᠨᠢ ᠰᠠᠶᠢᠲᠤᠷ ᠰᠢᠢᠳᠪᠦᠷᠢᠯᠡᠬᠦ ᠬᠡᠷᠡᠭᠲᠡᠶ᠃ ᠡᠨᠡ ᠤᠳᠠᠭ᠎ᠠ ᠶᠢᠨ ᠨᠥᠬᠦᠪᠥᠷᠢ ᠪᠣᠯ ᠨᠢᠭᠡ ᠤᠳᠠᠭ᠎ᠠ ᠶᠢᠨ ᠴᠢᠨᠠᠷᠲᠠᠶ ᠨᠥᠬᠦᠪᠥᠷᠢ ᠮᠥᠨ᠂ ᠨᠥᠬᠦᠪᠥᠷᠢ ᠥᠭᠬᠦ ᠳ᠋ᠦᠶ᠋ᠰᠢᠶᠠᠩ ᠪᠣᠯ ᠪᠣᠳᠠᠲᠠᠶ ᠠᠮᠤ ᠪᠤᠳᠠᠭ᠎ᠠ ᠲᠠᠷᠢᠳᠠᠭ ᠦᠢᠯᠡᠳᠪᠦᠷᠢᠯᠡᠭᠴᠢ ᠮᠥᠨ᠂ ᠨᠥᠬᠦᠪᠥᠷᠢ ᠥᠭᠬᠦ ᠵᠣᠷᠢᠯᠭ᠎ᠠ ᠪᠣᠯ ᠲᠠᠷᠢᠶᠠᠴᠢᠳ ᠤᠨ ᠣᠷᠣᠯᠭ᠎ᠠ ᠶᠢ ᠲᠣᠭᠲᠠᠪᠤᠷᠢᠵᠢᠭᠤᠯᠬᠤ ᠶᠢᠨ ᠲᠥᠯᠥᠭᠡ ᠶᠤᠮ ᠭᠡᠳᠡᠭ ᠢ ᠭᠤᠣᠯᠳᠠᠯᠭ᠎ᠠ ᠲᠠᠢ ᠪᠠᠷ ᠲᠣᠳᠣᠷᠬᠠᠶᠢᠯᠠᠪᠠ᠃                 ᠤᠷᠴᠢᠭᠤᠯᠤᠬᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3